ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 4 ᠳ᠋ᠦ᠋ᠭᠡᠷ ᠲᠣᠭᠠᠲᠤ | | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠤ | ︿ᠬᠠᠶᠠᠭᠳᠠᠮᠠᠯ ᠪᠤᠳᠠᠰ ᠦᠭᠡᠢ ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 2 ᠳ᠋ᠤᠭᠠᠷ ᠰᠠᠷ᠎ᠠ ᠶᠢᠨ 8 ᠤ ᠡᠳᠦᠷ | | | | ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠤ | ︿ᠬᠠᠶᠠᠭᠳᠠᠮᠠᠯ ᠪᠤᠳᠠᠰ ᠦᠭᠡᠢ ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ | | | | ᠠᠮᠢ ᠠᠬᠤᠢ ᠣᠷᠴᠢᠨ ᠲᠣᠭᠤᠷᠢᠨ ᠤ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠵᠡᠷᠭᠡ 18 ᠰᠠᠯᠠᠭ᠎ᠠ ᠮᠥᠴᠢᠷ ᠤᠨ ︽︿ | ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ︿ᠬᠠᠶᠠᠭᠳᠠᠮᠠᠯ ᠪᠤᠳᠠᠰ ᠦᠭᠡᠢ ᠬᠤᠲᠠ﹀ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ︶ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ | ᠣᠷᠴᠢᠨ ᠲᠣᠭᠤᠷᠢᠨ ᠬᠠᠲᠠᠭᠤ ᠪᠡᠶᠡᠲᠦ ﹇2021﹈ 114 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ︾ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠨᠠᠷ ᠰᠠᠶᠢᠲᠠᠢ ᠥᠷᠨᠢᠭᠦᠯᠬᠦ ᠶᠢᠨ ᠲᠤᠰᠠᠳᠠ᠂ ᠲᠣᠰ ᠲᠥᠰᠥᠯ ᠢ | ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠶᠢᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ | ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠳᠤ ᠰᠠᠭᠤᠷᠢᠯᠠᠨ᠂ ᠬᠤᠳᠠ ᠶᠢᠨ ᠬᠥᠭᠵᠢᠯᠲᠡ ᠶᠢᠨ ᠳᠠᠪᠬᠤᠷᠭ᠎ᠠ ᠠᠴᠠ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠪᠠ ᠶᠡᠷᠦᠩᠬᠡᠶᠢᠯᠡᠨ ᠵᠠᠰᠠᠬᠤ ᠶᠢ ᠲᠦᠯᠬᠢᠨ | ᠠᠬᠢᠭᠤᠯᠵᠤ᠂ ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠪᠣᠬᠢᠷᠳᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢ ᠰᠠᠶᠢᠲᠤᠷ ᠬᠢᠬᠦ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ | ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠯᠦᠭᠡ ᠬᠠᠷᠢᠯᠴᠠᠨ ᠠᠭᠤᠰᠤᠯᠴᠠᠭᠤᠯᠵᠤ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠵᠠᠰᠠᠬᠤ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ | ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | ︱ ᠰᠢᠰᠲ᠋ᠧᠮ ᠲᠠᠢ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠤᠨ᠎ᠠ᠃ ︽ᠬᠠᠶᠠᠭᠳᠠᠮᠠᠯ | ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ | ᠭᠦᠨᠵᠡᠭᠡᠢ ᠰᠠᠶᠢᠲᠤᠷ ᠬᠢᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠣᠷᠭᠢᠯ | ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠵᠡᠷᠭᠡ ᠤᠯᠤᠰ ᠤᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠯᠤᠭ᠎ᠠ | ᠣᠷᠭᠠᠨᠢᠭ ᠢᠶᠠᠷ ᠠᠭᠤᠰᠤᠯᠴᠠᠭᠤᠯᠵᠤ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ | ᠬᠢᠭᠡᠳ ᠠᠮᠢ ᠠᠬᠤᠢ ᠶᠢᠨ ᠬᠠᠮᠠᠭᠠᠯᠠᠯᠲᠠ᠂ ᠣᠷᠴᠢᠯ ᠠᠵᠤ ᠠᠬᠤᠢ᠂ ᠠᠷᠢᠭᠤᠨ ᠴᠡᠪᠡᠷ ᠦᠢᠯᠡᠳᠪᠦᠷᠢᠯᠡᠯ᠂ ᠡᠬᠢ | ᠪᠠᠶᠠᠯᠢᠭᠵᠢᠭᠤᠯᠤᠨ ᠠᠰᠢᠭᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠶᠢ ᠨᠢᠭᠡᠳᠦᠯᠲᠡᠢ | ᠲᠥᠯᠥᠪᠯᠡᠨ ᠥᠷᠨᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠨ᠎ᠠ᠃ | ︱ ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠭᠤᠣᠯᠳᠠᠯᠭ᠎ᠠ ᠲᠠᠢ ᠵᠠᠰᠠᠨ᠎ᠠ᠃ ᠲᠣᠰ ᠬᠤᠲᠠ ᠶᠢᠨ ᠪᠣᠳᠠᠲᠤ | ᠪᠠᠶᠢᠳᠠᠯ ᠳᠤ ᠰᠠᠭᠤᠷᠢᠯᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠳᠦᠷᠢᠮ ᠤᠨ | ᠪᠠᠶᠢᠭᠤᠯᠤᠯᠲᠠ ᠶᠢ ᠴᠢᠩᠭᠠᠳᠬᠠᠵᠤ᠂ ᠢᠯᠴᠢ ᠶᠢᠨ ᠴᠠᠬᠢᠯᠭᠠᠨ᠂ ᠴᠠᠭᠠᠨ ᠢᠳᠡᠭᠡ ᠡᠳ᠋ᠰᠢᠭᠦᠯᠦᠨ ᠦᠶᠯᠡᠳᠬᠦ ᠵᠡᠷᠭᠡ | ᠠᠵᠢᠯ ᠲᠥᠷᠥᠯ ᠢᠶᠠᠷ ᠭᠤᠣᠯᠳᠠᠯᠭ᠎ᠠ ᠪᠣᠯᠭᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠭᠠᠷᠬᠤ ᠬᠡᠮᠵᠢᠶ᠎ᠡ ᠶᠡᠭᠡ᠂ | ᠠᠰᠢᠭᠯᠠᠵᠤ ᠰᠢᠢᠳᠪᠦᠷᠢᠯᠡᠬᠦ ᠴᠢᠳᠠᠪᠤᠷᠢ ᠬᠦᠷᠦᠯᠴᠡᠬᠦ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ︱ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠮᠵᠢᠯᠴᠠᠨ ᠬᠠᠮᠲᠤᠷᠠᠯᠴᠠᠨ᠎ᠠ᠃ ᠬᠥᠬᠡᠬᠤᠲᠠ ᠶᠢᠨ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ ᠰᠦᠷᠦᠭᠵᠢᠯ ᠳᠠᠬᠢ ᠣᠷᠣᠨ ᠪᠠᠶᠢᠷᠢ ᠶᠢᠨ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠬᠠᠷᠢᠯᠴᠠᠨ ᠬᠠᠮᠵᠢᠯᠴᠠᠬᠤ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠣᠷᠣᠨ ᠪᠦᠰᠡ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠦᠷᠦ ᠶᠢᠨ | ᠪᠣᠳᠣᠯᠭ᠎ᠠ ᠶᠢᠨ ᠬᠠᠮᠵᠢᠯᠴᠠᠭ᠎ᠠ᠂ ᠬᠠᠮᠢᠶᠠᠷᠤᠯᠲᠠ ᠶᠢᠨ ᠬᠠᠮᠵᠢᠯᠴᠠᠭ᠎ᠠ ᠪᠠ ᠬᠠᠤᠯᠢ ᠬᠡᠷᠡᠭᠵᠢᠭᠦᠯᠦᠯᠲᠡ ᠶᠢᠨ | ᠬᠤᠯᠪᠣᠭᠠᠯᠠᠯ ᠢ ᠲᠦᠯᠬᠢᠨ ᠠᠬᠢᠭᠤᠯᠵᠤ᠂ ᠡᠯ᠎ᠡ ᠲᠦᠷᠦᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠤᠭ᠎ᠠ | ᠪᠠᠷᠢᠮᠲᠠ ᠶᠢᠨ ᠮᠡᠳᠡᠭᠡ ᠵᠠᠩᠭᠢ ᠶᠢ ᠣᠷᠣᠨ ᠪᠦᠰᠡ ᠬᠤᠭᠤᠷᠤᠨᠳᠤ ᠪᠠᠨ᠂ ᠰᠠᠯᠠᠭ᠎ᠠ ᠮᠥᠴᠢᠷ ᠬᠤᠭᠤᠷᠤᠨᠳᠤ ᠪᠠᠨ | ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠵᠢᠷᠤᠮᠵᠢᠭᠰᠠᠨ᠂ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ︱ ᠤᠯᠠᠨ ᠲᠠᠯ᠎ᠠ ᠪᠠᠷ ᠣᠷᠣᠯᠴᠠᠵᠤ᠂ ᠪᠦᠬᠦ ᠠᠷᠠᠳ ᠢᠶᠠᠷ ᠢᠶᠠᠨ ᠬᠠᠮᠲᠤᠪᠠᠷ ᠪᠠᠶᠢᠭᠤᠯᠤᠨ᠎ᠠ᠃ ᠵᠠᠰᠠᠭ ᠤᠨ | ᠣᠷᠳᠣᠨ ᠠᠴᠠ ᠬᠥᠲᠥᠯᠥᠨ ᠵᠢᠯᠣᠭᠤᠳᠤᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠨᠡᠶᠢᠭᠡᠮ | ᠨᠡᠶᠢᠲᠡ ᠪᠠᠷ ᠢᠶᠠᠨ ᠬᠠᠮᠲᠤᠪᠠᠷ ᠣᠷᠣᠯᠴᠠᠭᠰᠠᠨ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠤᠢ ᠪᠣᠯᠭᠠᠵᠤ᠂ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠡᠷᠬᠡ | ᠬᠠᠷᠢᠭᠤᠴᠠᠯᠭ᠎ᠠ ᠨᠢ ᠲᠣᠳᠣᠷᠬᠠᠢ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ᠎ᠠ᠃ ᠤᠬᠠᠭᠤᠯᠤᠨ | ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠪᠠ ᠰᠠᠶᠢᠨ ᠢᠶᠠᠷ | ᠨᠥᠬᠦᠴᠡᠯᠳᠦᠭᠰᠡᠨ ︽ᠬᠠᠶᠠᠭᠳᠠᠮᠠᠯ ᠪᠤᠳᠠᠰ ᠦᠭᠡᠢ ᠬᠤᠲᠠ︾ ᠶᠢ ᠪᠦᠲᠦᠭᠡᠨ ᠪᠠᠶᠢᠭᠤᠯᠬᠤ ᠨᠡᠶᠢᠭᠡᠮ ᠤᠨ ᠠᠭᠤᠷ | ᠠᠮᠢᠰᠬᠤᠯ ᠢ ᠪᠣᠶ ᠪᠣᠯᠭᠠᠨ᠎ᠠ᠃ | ︵ᠭᠤᠷᠪᠠ︶ ᠠᠵᠢᠯ ᠤᠨ ᠬᠠᠷᠠᠯᠲᠠ | 1. ᠶᠡᠷᠦᠩᠬᠡᠢ ᠬᠠᠷᠠᠯᠲᠠ | ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ 2025 ᠣᠨ | ᠪᠣᠯᠬᠤ ᠳᠤ᠂ ᠪᠣᠬᠢᠷᠳᠤᠯ ᠦᠭᠡᠢ ᠦᠢᠯᠡᠳᠪᠦᠷᠢᠯᠡᠯ ᠪᠠ ᠪᠣᠬᠢᠷᠳᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠨᠡᠶᠢᠳᠡᠮ | ᠬᠡᠷᠡᠭᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠦᠷ᠎ᠡ ᠪᠦᠲᠦᠮᠵᠢ | ᠢᠯᠡᠷᠬᠡᠢ᠂ ᠨᠤᠨᠳᠠᠭ ᠨᠡᠭᠦᠷᠡᠰᠦᠨ ᠤ ᠦᠨᠡᠰᠦ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠦ᠂ ᠪᠤᠰᠤᠳ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ | ᠪᠠᠶᠠᠯᠢᠭᠵᠢᠭᠤᠯᠬᠤ ᠪᠠ ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠦ᠂ ᠡᠨᠧᠷᠭᠢ | ᠠᠷᠪᠢᠯᠠᠵᠤ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠪᠣᠬᠢᠷᠳᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠦᠷ᠎ᠡ | ᠪᠦᠲᠦᠮᠵᠢ ᠢᠯᠡᠳᠲᠡ ᠳᠡᠭᠡᠭᠰᠢᠯᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠳᠣᠬᠢᠴᠢᠯᠠᠭᠰᠠᠨ | ᠵᠠᠰᠠᠯᠲᠠ ᠶᠢᠨ ᠴᠢᠳᠠᠪᠤᠷᠢ ᠳᠡᠭᠡᠭᠰᠢᠯᠡᠵᠦ᠂ ᠳᠦᠷᠢᠮ ᠲᠣᠭᠲᠠᠭᠠᠯ᠂ ᠮᠡᠷᠭᠡᠵᠢᠯ᠂ ᠵᠠᠬ᠎ᠠ ᠳᠡᠯᠭᠡᠭᠦᠷ ᠪᠠ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠡᠳᠦᠷ ᠢᠷᠡᠬᠦᠶ᠎ᠡ ᠲᠡᠭᠦᠯᠳᠡᠷᠵᠢᠵᠦ᠂ ︽ᠬᠠᠶᠠᠭᠳᠠᠮᠠᠯ ᠪᠤᠳᠠᠰ ᠦᠭᠡᠢ︾ | ᠣᠶᠢᠯᠠᠭᠠᠭᠳᠠᠬᠤᠨ ᠥᠷᠭᠡᠨ ᠢᠶᠠᠷ ᠲᠠᠨᠢᠭᠳᠠᠵᠤ᠂ ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ | ᠪᠠᠶᠢᠭᠤᠯᠤᠯᠲᠠ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | 2. ᠭᠦᠢᠴᠡᠳᠬᠡᠯ ᠲᠤᠭ᠎ᠠ ᠶᠢᠨ ᠰᠢᠰᠲ᠋ᠧᠮᠵᠢ | ᠳ᠋ᠤᠭᠠᠷ ᠨᠢᠭᠡᠳᠦᠭᠡᠷ ᠲᠡᠰ ᠤᠨ ᠭᠦᠢᠴᠡᠳᠬᠡᠯ ᠲᠤᠭ᠎ᠠ ᠬᠤᠶᠠᠳᠤᠭᠠᠷ ᠲᠡᠰ ᠤᠨ ᠭᠦᠢᠴᠡᠳᠬᠡᠯ ᠲᠤᠭ᠎ᠠ | ᠭᠤᠷᠪᠠᠳᠤᠭᠠᠷ ᠲᠡᠰ ᠤᠨ ᠭᠦᠢᠴᠡᠳᠬᠡᠯ ᠲᠤᠭ᠎ᠠ ᠣᠳᠣ ᠶᠢᠨ ᠪᠠᠶᠢᠳᠠᠯ ᠤᠨ ᠬᠡᠮᠵᠢᠭᠳᠡᠯ 2020 ᠣᠨ ᠬᠠᠷᠠᠯᠲᠠ | ᠬᠡᠮᠵᠢᠭᠳᠡᠯ 2025 ᠣᠨ ᠬᠡᠮᠵᠢᠯᠲᠡ ᠶᠢᠨ ᠨᠢᠭᠡᠴᠢ ᠬᠠᠷᠢᠭᠤᠴᠠᠯᠭᠠᠲᠤ ᠨᠢᠭᠡᠴᠡ | 1 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠵᠤ ᠦᠢᠯᠡᠳᠪᠦᠷᠢ ᠶᠢᠨ | ᠡᠬᠢ ᠠᠴᠠ ᠪᠠᠭᠠᠰᠬᠠᠬᠤ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠭᠠᠷᠬᠤ | ᠬᠦᠴᠦᠯᠡᠴᠡ★ 2.17 1.82 ᠲᠣᠨ/ ᠲᠦᠮᠡᠨ ᠲᠥᠭᠦᠷᠢᠭ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ︵ | ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠠᠷᠢᠮᠲᠠ ᠶᠢ ᠬᠠᠩᠭᠠᠨ᠎ᠠ︶ | 2 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠵᠤ ᠦᠢᠯᠡᠳᠪᠦᠷᠢ ᠶᠢᠨ | ᠡᠬᠢ ᠠᠴᠠ ᠪᠠᠭᠠᠰᠬᠠᠬᠤ ᠠᠵᠤ ᠦᠢᠯᠡᠳᠪᠦᠷᠢ ᠶᠢᠨ ᠬᠤᠣᠷᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠭᠠᠷᠬᠤ | ᠬᠦᠴᠦᠯᠡᠴᠡ★ 38.27 38.08 ᠺᠢᠯᠣᠭ᠍ᠷᠠᠮ/ ᠲᠦᠮᠡᠨ ᠲᠥᠭᠦᠷᠢᠭ ᠬᠤᠲᠠ ᠶᠢᠨ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ ︵ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠠᠷᠢᠮᠲᠠ ᠶᠢ | ᠬᠠᠩᠭᠠᠨ᠎ᠠ︶ | 3 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠵᠤ ᠦᠢᠯᠡᠳᠪᠦᠷᠢ ᠶᠢᠨ | ᠡᠬᠢ ᠠᠴᠠ ᠪᠠᠭᠠᠰᠬᠠᠬᠤ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠵᠥᠪᠰᠢᠶᠡᠷᠡᠯ ᠦᠨᠡᠯᠡᠯᠲᠡ ᠶᠢ | ᠣᠯᠣᠭᠰᠠᠨ ᠠᠵᠤ ᠠᠬᠤᠶᠢᠯᠠᠯ ᠤᠨ ᠬᠤᠪᠢ ᠶᠢᠨ ᠵᠢᠩ ★ 65 80 % ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 4 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠵᠤ ᠦᠢᠯᠡᠳᠪᠦᠷᠢ ᠶᠢᠨ | ᠡᠬᠢ ᠠᠴᠠ ᠪᠠᠭᠠᠰᠬᠠᠬᠤ ᠪᠣᠬᠢᠷᠲᠤᠯ ᠦᠭᠡᠢ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠭᠰᠡᠨ | ᠠᠵᠤ ᠠᠬᠤᠶᠢᠯᠠᠯ ᠤᠨ ᠲᠤᠭ᠎ᠠ 16 45 ᠬᠤᠪᠢ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ | 5 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠵᠤ ᠦᠢᠯᠡᠳᠪᠦᠷᠢ ᠶᠢᠨ | ᠡᠬᠢ ᠠᠴᠠ ᠪᠠᠭᠠᠰᠬᠠᠬᠤ ᠠᠮᠢ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ᠂ ᠣᠷᠴᠢᠯᠳᠤᠭᠤᠯᠬᠤ ᠥᠭᠡᠷᠡᠴᠢᠯᠡᠯᠲᠡ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠥᠷᠨᠢᠭᠦᠯᠦᠭᠰᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠪᠢ ᠶᠢᠨ ᠵᠢᠩ | 0 71.4 % ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | 6 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠵᠤ ᠦᠢᠯᠡᠳᠪᠦᠷᠢ ᠶᠢᠨ | ᠡᠬᠢ ᠠᠴᠠ ᠪᠠᠭᠠᠰᠬᠠᠬᠤ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠤᠭᠰᠠᠨ ᠨᠣᠷᠮ᠎ᠠ★ 15 | 100 % ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | 7 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠵᠤ ᠦᠢᠯᠡᠳᠪᠦᠷᠢ ᠶᠢᠨ | ᠡᠬᠢ ᠠᠴᠠ ᠪᠠᠭᠠᠰᠬᠠᠬᠤ ᠬᠤᠲᠠ ᠶᠢᠨ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠬᠦᠴᠦᠯᠡᠴᠡ ᠶᠢ ᠪᠠᠭᠤᠷᠠᠭᠤᠯᠤᠭᠰᠠᠨ ᠬᠡᠮᠵᠢᠶ᠎ᠡ - | 18 % ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 8 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠪᠠᠷᠢᠯᠭ᠎ᠠ ᠶᠢᠨ | ᠦᠢᠯᠡᠰ ᠤᠨ ᠡᠬᠢ ᠠᠴᠠ ᠪᠠᠭᠠᠰᠬᠠᠬᠤ ᠪᠣᠬᠢᠷᠲᠤᠯ ᠦᠭᠡᠢ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ | ᠪᠠᠷᠢᠯᠭ᠎ᠠ ᠳᠤ ᠡᠵᠡᠯᠡᠬᠦ ᠬᠠᠷᠢᠴᠠᠯ ★ 5 100 % ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | 9 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠪᠠᠷᠢᠯᠭ᠎ᠠ ᠶᠢᠨ | ᠦᠢᠯᠡᠰ ᠤᠨ ᠡᠬᠢ ᠠᠴᠠ ᠪᠠᠭᠠᠰᠬᠠᠬᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ | ᠪᠠᠷᠢᠯᠭ᠎ᠠ ᠳᠤ ᠡᠵᠡᠯᠡᠬᠦ ᠬᠠᠷᠢᠴᠠᠯ 3 30 % ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | 10 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠮᠢᠳᠤᠷᠠᠯ ᠤᠨ | ᠬᠦᠷᠢᠶ᠎ᠡ ᠴᠠᠷᠠᠭ᠎ᠠ ᠶᠢᠨ ᠡᠬᠢ ᠠᠴᠠ ᠪᠠᠭᠠᠰᠬᠠᠬᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ | ᠲᠡᠭᠡᠭᠡᠪᠦᠷᠢᠯᠡᠭᠰᠡᠨ ᠬᠡᠮᠵᠢᠶ᠎ᠡ ★ 74.5 70 ᠲᠦᠮᠡᠨ ᠲᠣᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︵ᠬᠤᠲᠠ ᠶᠢᠨ ᠲᠤᠭ᠎ᠠ ᠪᠦᠷᠢᠳᠬᠡᠯ ᠤᠨ | ᠲᠣᠪᠴᠢᠶ᠎ᠠ ᠲᠤᠭ᠎ᠠ ᠪᠠᠷᠢᠮᠲᠠ ᠶᠢ ᠬᠠᠩᠭᠠᠨ᠎ᠠ︶ | 11 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠮᠢᠳᠤᠷᠠᠯ ᠤᠨ | ᠬᠦᠷᠢᠶ᠎ᠡ ᠴᠠᠷᠠᠭ᠎ᠠ ᠶᠢᠨ ᠡᠬᠢ ᠠᠴᠠ ᠪᠠᠭᠠᠰᠬᠠᠬᠤ ᠬᠤᠲᠠ ᠶᠢᠨ ᠰᠠᠭᠤᠭᠠᠯᠢ ᠠᠷᠠᠳ ᠤᠨ ᠬᠤᠷᠢᠶᠠᠯᠠᠯ ᠤᠨ ᠬᠤᠭ | ᠨᠣᠪᠰᠢ ᠶᠢ ᠲᠥᠷᠥᠯ ᠬᠤᠪᠢᠶᠠᠭᠰᠠᠨ ᠪᠦᠷᠬᠦᠴᠡ 100 100 % ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 12 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠮᠢᠳᠤᠷᠠᠯ ᠤᠨ | ᠬᠦᠷᠢᠶ᠎ᠡ ᠴᠠᠷᠠᠭ᠎ᠠ ᠶᠢᠨ ᠡᠬᠢ ᠠᠴᠠ ᠪᠠᠭᠠᠰᠬᠠᠬᠤ ᠬᠥᠳᠡᠭᠡ ᠲᠣᠰᠬᠤᠨ ᠣᠷᠣᠨ ᠤ ᠬᠤᠭ ᠨᠣᠪᠰᠢ ᠶᠢ ᠲᠥᠷᠥᠯ | ᠬᠤᠪᠢᠶᠠᠭᠰᠠᠨ ᠪᠦᠷᠬᠦᠴᠡ 0 5 % ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ | 13 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠮᠢᠳᠤᠷᠠᠯ ᠤᠨ | ᠬᠦᠷᠢᠶ᠎ᠡ ᠴᠠᠷᠠᠭ᠎ᠠ ᠶᠢᠨ ᠡᠬᠢ ᠠᠴᠠ ᠪᠠᠭᠠᠰᠬᠠᠬᠤ ᠲᠦᠷᠭᠡᠨ ᠬᠦᠷᠭᠡᠯᠲᠡ ᠳᠤ ᠪᠣᠬᠢᠷᠲᠤᠯ ᠦᠭᠡᠢ ᠪᠠᠭᠯᠠᠭ᠎ᠠ | ᠬᠡᠷᠡᠭᠯᠡᠭᠰᠡᠨ ᠨᠣᠷᠮ᠎ᠠ 75 90 % ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ | 14 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠤ ᠦᠢᠯᠡᠳᠪᠦᠷᠢ ᠶᠢᠨ | ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠤᠷᠮ᠎ᠠ★ 22.1 60 | % ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ | 15 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠤ ᠦᠢᠯᠡᠳᠪᠦᠷᠢ ᠶᠢᠨ | ᠬᠤᠣᠷᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠤᠷᠮ᠎ᠠ★ 63.681 | 70 % ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 16 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠬᠡᠪᠴᠢᠶᠡᠵᠢᠭᠰᠡᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠤᠰᠬᠠᠢ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ | - 25 - ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ | ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | 17 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠢᠯ ᠤᠨ ᠦᠢᠯᠡᠳᠪᠦᠷᠢᠯᠡᠯ ᠤᠨ | ᠥᠷᠲᠡᠭ 5000 ᠲᠦᠮᠡᠨ ᠲᠥᠭᠦᠷᠢᠭ ᠢ ᠳᠠᠪᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠭᠤᠣᠯᠯᠠᠬᠤ ᠠᠵᠤ ᠠᠬᠤᠶᠢᠯᠠᠯ ᠤᠨ ᠲᠤᠭ᠎ᠠ - 10 - ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ | ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ | 18 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠠᠷᠢᠶᠠᠯᠠᠩ ᠤᠨ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠭᠰᠠᠨ | ᠨᠣᠷᠮ᠎ᠠ★ 85 90 % ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | 19 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠠᠷᠢᠶᠠᠯᠠᠩ ᠤᠨ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ | ᠶᠡᠷᠦᠩᠬᠡᠶᠢᠯᠡᠨ ᠠᠰᠢᠭᠯᠠᠭᠰᠠᠨ ᠨᠣᠷᠮ᠎ᠠ★ 90 90 % ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ | 20 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠠᠷᠢᠶᠠᠯᠠᠩ ᠤᠨ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠠᠷᠢᠶᠠᠯᠠᠩ ᠤᠨ ᠰᠦᠯᠢᠶᠣᠣ ᠪᠦᠷᠬᠦᠪᠴᠢ ᠶᠢ | ᠬᠤᠷᠢᠶᠠᠭᠰᠠᠨ ᠨᠣᠷᠮ᠎ᠠ★ 82 85 % ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ | 21 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠠᠷᠢᠶᠠᠯᠠᠩ ᠤᠨ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠮᠢ ᠶᠢᠨ ᠲᠠᠷᠢᠶᠠᠨ ᠡᠮ ᠬᠡᠷᠡᠭᠯᠡᠬᠦ ᠶᠢ ᠮᠤ᠋ | ᠪᠦᠷᠢ ᠳᠤ ᠪᠠᠭᠤᠷᠠᠭᠤᠯᠤᠭᠰᠠᠨ ᠬᠡᠮᠵᠢᠶ᠎ᠡ 2 ᠰᠥᠭᠡᠷᠭᠦ ᠨᠡᠮᠡᠭᠳᠡᠯ ᠲᠠᠢ % ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | 22 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠠᠷᠢᠶᠠᠯᠠᠩ ᠤᠨ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠮᠢ ᠶᠢᠨ ᠪᠣᠷᠳᠣᠭᠤᠷ ᠬᠡᠷᠡᠭᠯᠡᠬᠦ ᠶᠢ ᠮᠤ᠋ ᠪᠦᠷᠢ ᠳᠤ | ᠪᠠᠭᠤᠷᠠᠭᠤᠯᠤᠭᠰᠠᠨ ᠬᠡᠮᠵᠢᠶ᠎ᠡ ᠰᠥᠭᠡᠷᠭᠦ ᠨᠡᠮᠡᠭᠳᠡᠯ ᠲᠠᠢ ᠰᠥᠭᠡᠷᠭᠦ ᠨᠡᠮᠡᠭᠳᠡᠯ ᠲᠠᠢ % ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | 23 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠠᠷᠢᠯᠭ᠎ᠠ ᠶᠢᠨ ᠬᠤᠭ | ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ | ᠠᠰᠢᠭᠯᠠᠭᠰᠠᠨ ᠨᠣᠷᠮ᠎ᠠ ★ 35.09 60 % ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 24 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠮᠢᠳᠤᠷᠠᠯ ᠤᠨ ᠬᠦᠷᠢᠶ᠎ᠡ | ᠴᠠᠷᠠᠭ᠎ᠠ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠬᠤᠲᠠ | ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠭᠰᠠᠨ ᠨᠣᠷᠮ᠎ᠠ ★ 30 | 35 % ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ | 25 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠮᠢᠳᠤᠷᠠᠯ ᠤᠨ ᠬᠦᠷᠢᠶ᠎ᠡ | ᠴᠠᠷᠠᠭ᠎ᠠ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠭᠡᠭᠦᠯᠦᠨ ᠬᠤᠷᠢᠶᠠᠵᠤ ᠠᠪᠴᠤ ᠪᠣᠯᠬᠤ ᠪᠣᠳᠠᠰ ᠢ ᠬᠤᠷᠢᠶᠠᠨ | ᠠᠪᠤᠭᠰᠠᠨ ᠨᠣᠷᠮ᠎ᠠ ★ - 100 % ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | 26 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠠᠶᠤᠯᠭᠦᠢ ᠬᠠᠶᠠᠭᠳᠠᠮᠠᠯ | ᠪᠣᠳᠠᠰ ᠢ ᠠᠶᠤᠯᠭᠦᠢ ᠰᠢᠢᠳᠪᠦᠷᠢᠯᠡᠬᠦ ᠠᠵᠤ ᠦᠢᠯᠡᠳᠪᠦᠷᠢ ᠶᠢᠨ ᠠᠶᠤᠯᠲᠠᠢ ᠬᠠᠶᠠᠭᠳᠠᠮᠠᠯ ᠪᠣᠳᠠᠰ ᠢ ᠪᠤᠯᠠᠵᠤ | ᠰᠢᠢᠳᠪᠦᠷᠢᠯᠡᠬᠦ ᠬᠡᠮᠵᠢᠶ᠎ᠡ ᠶᠢᠨ ᠪᠠᠭᠤᠷᠠᠭᠰᠠᠨ ᠨᠣᠷᠮ᠎ᠠ ★ - 5 % ᠬᠤᠲᠠ ᠶᠢᠨ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ | 27 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠠᠶᠤᠯᠭᠦᠢ ᠬᠠᠶᠠᠭᠳᠠᠮᠠᠯ | ᠪᠣᠳᠠᠰ ᠢ ᠠᠶᠤᠯᠭᠦᠢ ᠰᠢᠢᠳᠪᠦᠷᠢᠯᠡᠬᠦ ᠡᠮᠴᠢᠯᠡᠭᠡᠨ ᠤ ᠬᠠᠶᠠᠭᠳᠠᠮᠠᠯ ᠪᠣᠳᠠᠰ ᠢ ᠴᠤᠭᠯᠠᠭᠤᠯᠤᠨ ᠰᠢᠢᠳᠪᠦᠷᠢᠯᠡᠬᠦ | ᠰᠢᠰᠲ᠋ᠧᠮᠵᠢ ᠶᠢᠨ ᠪᠦᠷᠬᠦᠴᠡ ★ 99 100 % ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ | 28 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠠᠶᠤᠯᠭᠦᠢ ᠬᠠᠶᠠᠭᠳᠠᠮᠠᠯ | ᠪᠣᠳᠠᠰ ᠢ ᠠᠶᠤᠯᠭᠦᠢ ᠰᠢᠢᠳᠪᠦᠷᠢᠯᠡᠬᠦ ᠨᠡᠶᠢᠭᠡᠮ ᠤᠨ ᠡᠬᠢ ᠲᠠᠢ ᠠᠶᠤᠯᠭᠦᠢ ᠬᠠᠶᠠᠭᠳᠠᠮᠠᠯ ᠪᠣᠳᠠᠰ ᠢ | ᠴᠤᠭᠯᠠᠭᠤᠯᠤᠨ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ 40 90 % ᠬᠤᠲᠠ ᠶᠢᠨ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ᠂ ᠰᠤᠷᠭᠠᠨ ᠬᠥᠮᠥᠵᠢᠯ ᠤᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ | 29 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠠᠵᠤ ᠦᠢᠯᠡᠳᠪᠦᠷᠢ ᠶᠢᠨ | ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠳᠠᠭᠠᠯᠠᠵᠤ ᠰᠢᠢᠳᠪᠦᠷᠢᠯᠡᠬᠦ ᠠᠵᠤ ᠦᠢᠯᠡᠳᠪᠦᠷᠢ ᠶᠢᠨ | ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠳᠠᠭᠠᠯᠠᠵᠤ ᠰᠢᠢᠳᠪᠦᠷᠢᠯᠡᠬᠦ ᠬᠡᠮᠵᠢᠶ᠎ᠡ ᠶᠢᠨ ᠪᠠᠭᠤᠷᠠᠭᠰᠠᠨ | ᠨᠣᠷᠮ᠎ᠠ ★ - 5 % ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 30 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠠᠵᠤ ᠦᠢᠯᠡᠳᠪᠦᠷᠢ ᠶᠢᠨ | ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠳᠠᠭᠠᠯᠠᠵᠤ ᠰᠢᠢᠳᠪᠦᠷᠢᠯᠡᠬᠦ ᠶᠡᠭᠡ ᠬᠡᠮᠵᠢᠶᠡᠨ ᠤ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠵᠤ ᠬᠠᠳᠠᠭᠠᠯᠠᠬᠤ ᠭᠠᠵᠠᠷ ︵ᠬᠦᠳᠡᠷ ᠤᠨ | ᠰᠢᠭᠠᠷᠤ ᠶᠢᠨ ᠬᠥᠮᠥᠷᠭᠡ ᠶᠢ ᠪᠠᠭᠲᠠᠭᠠᠨ᠎ᠠ︶ ᠤᠨ ᠶᠡᠷᠦᠩᠬᠡᠶᠢᠯᠡᠨ ᠴᠡᠭᠴᠡᠯᠡᠨ ᠵᠠᠰᠠᠭᠰᠠᠨ ᠲᠠᠯᠠᠪᠤᠷ ᠭᠠᠵᠠᠷ ᠲᠤ ᠡᠵᠡᠯᠡᠬᠦ | ᠬᠤᠪᠢ ᠶᠢᠨ ᠵᠢᠩ 13 100 % ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ | 31 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠲᠠᠷᠢᠶᠠᠯᠠᠩ ᠤᠨ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠲᠥᠪᠯᠡᠷᠡᠭᠦᠯᠦᠨ | ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠦᠷᠬᠦᠴᠡ 60 80 % ᠬᠤᠲᠠ ᠶᠢᠨ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ | 32 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠠᠮᠢᠳᠤᠷᠠᠯ ᠤᠨ ᠬᠦᠷᠢᠶ᠎ᠡ | ᠴᠠᠷᠠᠭ᠎ᠠ ᠳᠠᠬᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠮᠢᠳᠤᠷᠠᠯ ᠤᠨ ᠬᠤᠭ ᠨᠣᠪᠰᠢ ᠶᠢ | ᠰᠢᠲᠠᠭᠠᠵᠤ ᠰᠢᠢᠳᠪᠦᠷᠢᠯᠡᠬᠦ ᠴᠢᠳᠠᠪᠤᠷᠢ ᠶᠢᠨ ᠬᠤᠪᠢ ᠶᠢᠨ ᠵᠢᠩ ★ 46.9 57.0 % | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 33 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠠᠮᠢᠳᠤᠷᠠᠯ ᠤᠨ ᠬᠦᠷᠢᠶ᠎ᠡ | ᠴᠠᠷᠠᠭ᠎ᠠ ᠳᠠᠬᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠤᠲᠠ ᠪᠠᠯᠭᠠᠰᠤ ᠶᠢᠨ ᠪᠣᠬᠢᠷ | ᠤᠰᠤ ᠪᠣᠬᠢᠷ ᠰᠢᠪᠠᠷ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠨᠣᠷᠮ᠎ᠠ ★ 70.84 95 % | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | 34 ᠪᠠᠲᠤᠯᠠᠭ᠎ᠠ ᠶᠢᠨ ᠴᠢᠳᠠᠪᠤᠷᠢ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ︽ᠬᠠᠶᠠᠭᠳᠠᠮᠠᠯ | ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ | ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠵᠢᠴᠢ ᠬᠤᠯᠪᠣᠭᠳᠠᠯ ᠪᠦᠬᠦᠢ ᠲᠥᠯᠥᠪᠵᠢᠭᠦᠯᠭᠡ ᠶᠢ | ᠲᠣᠭᠲᠠᠭᠠᠬᠤ ★ - >5 - ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ | ᠠᠯᠪᠠᠨ ᠭᠡᠷ︾ | 35 ᠪᠠᠲᠤᠯᠠᠭ᠎ᠠ ᠶᠢᠨ ᠴᠢᠳᠠᠪᠤᠷᠢ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ︽ᠬᠠᠶᠠᠭᠳᠠᠮᠠᠯ | ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠯᠴᠠᠭ᠎ᠠ ★ - | ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ - ᠬᠤᠲᠠ ᠶᠢᠨ ︽ᠬᠠᠶᠠᠭᠳᠠᠮᠠᠯ ᠪᠤᠳᠠᠰ | ᠦᠭᠡᠢ ᠬᠤᠲᠠ ᠶᠢᠨ ᠠᠯᠪᠠᠨ ᠭᠡᠷ︾ | 36 ᠪᠠᠲᠤᠯᠠᠭ᠎ᠠ ᠶᠢᠨ ᠴᠢᠳᠠᠪᠤᠷᠢ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ︽ᠬᠠᠶᠠᠭᠳᠠᠮᠠᠯ | ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠠᠰᠢᠭ ᠢ ᠵᠠᠰᠠᠭ ᠤᠨ ᠠᠵᠢᠯ ᠤᠨ ᠬᠢᠷᠢ | ᠪᠦᠲᠦᠮᠵᠢ ᠶᠢᠨ ᠬᠢᠨᠠᠨ ᠰᠢᠯᠭᠠᠯᠲᠠ ᠳᠤ ᠣᠷᠣᠭᠤᠯᠤᠭᠰᠠᠨ ᠪᠠᠶᠢᠳᠠᠯ - ᠬᠢᠨᠠᠨ ᠰᠢᠯᠭᠠᠬᠤ ᠠᠷᠭ᠎ᠠ ᠶᠢ | ᠲᠣᠭᠲᠠᠭᠠᠬᠤ - ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾ | 37 ᠪᠠᠲᠤᠯᠠᠭ᠎ᠠ ᠶᠢᠨ ᠴᠢᠳᠠᠪᠤᠷᠢ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ︽ᠬᠠᠶᠠᠭᠳᠠᠮᠠᠯ | ᠡᠰ ᠦᠭᠡᠢ︾ ᠪᠦᠲᠦᠭᠡᠨ ᠪᠠᠶᠢᠭᠤᠯᠤᠯᠲᠠ ᠶᠢ ᠥᠷᠨᠢᠭᠦᠯᠦᠭᠰᠡᠨ ᠨᠢᠭᠡᠴᠡ - 18 - | ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾ | 38 ᠪᠠᠲᠤᠯᠠᠭ᠎ᠠ ᠶᠢᠨ ᠴᠢᠳᠠᠪᠤᠷᠢ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ︽ | ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠡᠯᠡ | ᠣᠷᠣᠭᠤᠯᠤᠭᠰᠠᠨ ᠶᠡᠷᠦᠩᠬᠡᠢ ᠬᠡᠮᠵᠢᠶ᠎ᠡ ★ - 222 ᠳ᠋ᠦᠩᠰᠢᠭᠤᠷ ᠲᠥᠭᠦᠷᠢᠭ ᠬᠤᠲᠠ ᠶᠢᠨ | ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ | 39 ᠪᠠᠲᠤᠯᠠᠭ᠎ᠠ ᠶᠢᠨ ᠴᠢᠳᠠᠪᠤᠷᠢ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠠᠵᠤ | ᠠᠬᠤᠶᠢᠯᠠᠯ ᠤᠨ ᠣᠷᠴᠢᠨ ᠲᠣᠭᠤᠷᠢᠨ ᠤ ᠢᠲᠡᠭᠡᠮᠵᠢ ᠶᠢᠨ ᠦᠨᠡᠯᠡᠯᠲᠡ ᠶᠢᠨ ᠬᠦᠷᠢᠶ᠎ᠡ ᠬᠡᠪᠴᠢᠶᠡᠨ ᠳᠤ | ᠣᠷᠣᠭᠤᠯᠤᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠲᠠᠢ ᠬᠤᠯᠪᠣᠭᠳᠠᠯ ᠲᠠᠢ ᠠᠵᠤ ᠠᠬᠤᠶᠢᠯᠠᠯ ᠤᠨ | ᠬᠤᠪᠢ ᠶᠢᠨ ᠵᠢᠩ 21.3 60 % ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 40 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠮᠡᠷᠭᠡᠵᠢᠯ ᠤᠨ | ᠰᠢᠰᠲ᠋ᠧᠮᠵᠢ ᠶᠢᠨ ᠪᠠᠶᠢᠭᠤᠯᠤᠯᠲᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ᠂ ᠬᠤᠣᠷ | ᠦᠭᠡᠶᠢᠳᠡᠭᠦᠯᠬᠦ ᠮᠡᠷᠭᠡᠵᠢᠯ ᠤᠨ ᠪᠠᠷᠢᠮᠵᠢᠶ᠎ᠠ ᠪᠣᠯᠣᠨ ᠵᠢᠷᠤᠮᠯᠠᠯ ᠲᠣᠭᠲᠠᠭᠠᠬᠤ ᠳᠤ ᠭᠤᠣᠯ ᠣᠷᠣᠯᠴᠠᠭᠰᠠᠨ ᠲᠤᠭ᠎ᠠ | 0 2 - ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 41 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠮᠡᠷᠭᠡᠵᠢᠯ ᠤᠨ | ᠰᠢᠰᠲ᠋ᠧᠮᠵᠢ ᠶᠢᠨ ᠪᠠᠶᠢᠭᠤᠯᠤᠯᠲᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠤᠷᠢᠶᠠᠵᠤ ᠠᠰᠢᠭᠯᠠᠨ | ᠰᠢᠢᠳᠪᠦᠷᠢᠯᠡᠬᠦ ᠵᠠᠩᠭᠢᠯᠠᠭ᠎ᠠ ᠶᠢᠨ ᠮᠡᠷᠭᠡᠵᠢᠯ ᠤᠨ ᠤᠷᠠᠯᠠᠯ᠂ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠵᠢᠴᠢ ᠦᠷ᠎ᠡ | ᠪᠦᠲᠦᠭᠡᠯ ᠢ ᠤᠯᠠᠷᠢᠭᠤᠯᠬᠤ - 2 - ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | 42 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠬᠠᠮᠢᠶᠠᠷᠤᠯᠲᠠ ᠶᠢ ᠮᠡᠳᠡᠭᠡ ᠵᠠᠩᠭᠢᠴᠢᠯᠠᠵᠤ ᠬᠢᠨᠠᠨ ᠬᠠᠮᠢᠶᠠᠷᠤᠭᠰᠠᠨ ᠪᠠᠶᠢᠳᠠᠯ ★ - ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠮᠡᠳᠡᠭᠡ ᠵᠠᠩᠭᠢᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ | - ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾ | 43 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠠᠶᠤᠯᠲᠠᠢ ᠬᠠᠶᠠᠭᠳᠠᠮᠠᠯ ᠪᠣᠳᠠᠰ ᠤᠨ ᠵᠢᠷᠤᠮᠵᠢᠭᠰᠠᠨ | ᠬᠠᠮᠢᠶᠠᠷᠤᠯᠲᠠ ᠶᠢ ᠰᠤᠭᠤᠴᠢᠨ ᠪᠠᠶᠢᠴᠠᠭᠠᠵᠤ ᠬᠢᠷᠢ ᠬᠦᠷᠦᠭᠰᠡᠨ ᠨᠣᠷᠮ᠎ᠠ 98 99 % | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 44 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ | ᠲᠣᠭᠤᠷᠢᠨ ᠢ ᠪᠣᠬᠢᠷᠲᠤᠭᠤᠯᠤᠭᠰᠠᠨ ᠡᠷᠡᠭᠦᠦ ᠶᠢᠨ ᠬᠡᠷᠡᠭ ᠢ ᠬᠡᠷᠡᠭ ᠢᠶᠠᠷ ᠳᠠᠩᠰᠠᠯᠠᠭᠰᠠᠨ ᠨᠣᠷᠮ᠎ᠠ ★ 100 | 100 % ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ | 45 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠲᠤ | ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ᠂ ᠵᠠᠭᠠᠯᠳᠤᠯᠭ᠎ᠠ᠂ ᠢᠯᠡᠴᠢᠯᠡᠭᠰᠡᠨ ᠬᠡᠷᠡᠭ ᠢ ᠰᠢᠢᠳᠪᠦᠷᠢᠯᠡᠵᠦ | ᠳᠠᠭᠤᠰᠬᠠᠭᠰᠠᠨ ᠨᠣᠷᠮ᠎ᠠ 60 90 % ᠬᠤᠲᠠ ᠶᠢᠨ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ | 46 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ | ᠲᠣᠭᠤᠷᠢᠨ ᠢ ᠪᠣᠬᠢᠷᠲᠤᠭᠤᠯᠤᠭᠰᠠᠨ ᠬᠡᠷᠡᠭ ᠲᠤ ᠠᠮᠢ ᠠᠬᠤᠢ ᠣᠷᠴᠢᠨ ᠲᠣᠭᠤᠷᠢᠨ ᠢ ᠬᠤᠬᠢᠷᠠᠭᠤᠯᠤᠭᠰᠠᠨ ᠢ ᠲᠥᠯᠥᠬᠦ | ᠠᠵᠢᠯ ᠢ ᠥᠷᠨᠢᠭᠦᠯᠦᠭᠰᠡᠨ ᠪᠦᠷᠬᠦᠴᠡ - 90 % ᠬᠤᠲᠠ ᠶᠢᠨ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ | 47 ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ | ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠤᠬᠠᠭᠤᠯᠭ᠎ᠠ ᠬᠥᠮᠥᠵᠢᠯ ᠤᠨ | ᠪᠣᠯᠪᠠᠰᠤᠷᠠᠭᠤᠯᠤᠯ ᠢ ᠲᠦᠭᠡᠮᠡᠯᠵᠢᠭᠦᠯᠦᠭᠰᠡᠨ ᠨᠣᠷᠮ᠎ᠠ - 85 % ᠬᠤᠲᠠ ᠶᠢᠨ ︽ | ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾ | 48 ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ | ᠵᠠᠰᠠᠭ ᠤᠨ ᠣᠷᠳᠣᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠵᠠᠰᠠᠭ ᠤᠨ ᠪᠤᠰᠤ ᠣᠷᠴᠢᠨ | ᠲᠣᠭᠤᠷᠢᠨ ᠤ ᠵᠣᠬᠢᠶᠠᠨ ᠪᠠᠶᠢᠭᠤᠯᠤᠯᠲᠠ᠂ ᠣᠯᠠᠨ ᠲᠦᠮᠡᠨ ᠤ ︽ᠬᠠᠶᠠᠭᠳᠠᠮᠠᠯ ᠪᠤᠳᠠᠰ ᠦᠭᠡᠢ ᠬᠤᠲᠠ︾ ᠶᠢᠨ | ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠬᠡᠮᠵᠢᠶ᠎ᠡ - 85 % ᠬᠤᠲᠠ ᠶᠢᠨ ︽ | ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾ | 49 ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ | ᠣᠯᠠᠨ ᠲᠦᠮᠡᠨ ᠤ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠤᠨ ᠲᠤᠬᠠᠢ ᠬᠠᠨᠤᠮᠵᠢ ᠶᠢᠨ ᠬᠡᠮᠵᠢᠶ᠎ᠡ ★ - 85 % ᠬᠤᠲᠠ ᠶᠢᠨ ︽ | ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾ | ᠠᠩᠬᠠᠷᠬᠤ᠄ ★ ᠨᠢ ᠥᠪᠡᠷᠲᠡᠭᠡᠨ ᠰᠣᠩᠭᠤᠬᠤ ᠭᠦᠢᠴᠡᠳᠬᠡᠯ ᠲᠤᠭ᠎ᠠ | ᠬᠤᠶᠠᠷ᠂ ᠭᠤᠣᠯ ᠡᠭᠦᠷᠭᠡ | ︵ᠨᠢᠭᠡ︶ ᠦᠵᠦ ᠵᠢᠷᠤᠭ ᠲᠥᠯᠥᠪᠯᠡᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠣᠷᠳᠣ | ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ᠎ᠠ | 1. ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠵᠤ᠂ ︽ ᠬᠠᠶᠠᠭᠳᠠᠮᠠᠯ ᠪᠤᠳᠠᠰ ᠦᠭᠡᠢ ᠬᠤᠳᠠ︾ | ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠲᠦᠯᠬᠢᠨ ᠠᠬᠢᠭᠤᠯᠤᠨ᠎ᠠ᠃ ᠤᠯᠤᠰ ᠤᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠤᠳᠤᠷᠢᠳᠬᠤ ᠳᠤᠭᠤᠶᠢᠯᠠᠩ ᠤᠨ | ᠨᠢᠭᠡᠳᠦᠯᠲᠡᠢ ᠲᠣᠬᠢᠷᠠᠭᠤᠯᠤᠯᠲᠠ ᠶᠢᠨ ᠳᠣᠣᠷ᠎ᠠ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠠᠯᠪᠠᠨ ᠭᠡᠷ ︵ᠳᠣᠷᠣᠭᠰᠢ ︽ᠬᠠᠶᠠᠭᠳᠠᠮᠠᠯ ᠪᠤᠳᠠᠰ ᠦᠭᠡᠢ | ᠬᠤᠲᠠ ᠶᠢᠨ ᠠᠯᠪᠠᠨ ᠭᠡᠷ︾ ᠭᠡᠵᠦ ᠳᠥᠭᠦᠮᠴᠢᠯᠡᠨ᠎ᠡ︶ ᠠᠴᠠ ︽ᠬᠠᠶᠠᠭᠳᠠᠮᠠᠯ ᠪᠤᠳᠠᠰ ᠦᠭᠡᠢ ᠬᠤᠲᠠ︾ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠢ ᠲᠣᠭᠲᠠᠭᠰᠠᠨ | ᠬᠤᠭᠤᠴᠠᠭ᠎ᠠ ᠲᠠᠢ ᠬᠤᠷᠠᠯᠳᠤᠭᠤᠯᠤᠨ᠂ ᠠᠵᠢᠯ ᠤᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ | ᠡᠵᠡᠮᠰᠢᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠵᠢᠯᠣᠭᠤᠳᠴᠤ | ᠵᠣᠬᠢᠴᠠᠭᠤᠯᠤᠨ᠎ᠠ᠃ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ | ᠬᠠᠷᠢᠯᠴᠠᠨ ᠬᠠᠮᠵᠢᠯᠴᠠᠵᠤ ᠦᠷ᠎ᠡ ᠠᠰᠢᠭ ᠢ ᠨᠡᠮᠡᠭᠳᠡᠭᠦᠯᠦᠭᠰᠡᠨ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠭᠰᠡᠨ ︽ | ᠬᠠᠶᠠᠭᠳᠠᠮᠠᠯ ᠪᠤᠳᠠᠰ ᠦᠭᠡᠢ ᠬᠤᠲᠠ︾ ᠶᠢᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ | ᠶᠢ ᠲᠦᠯᠬᠢᠨ ᠠᠬᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠵᠥᠪᠳᠡᠯᠴᠡᠬᠦ᠂ ᠮᠡᠳᠡᠭᠡ ᠵᠠᠩᠭᠢ ᠶᠢ ᠮᠡᠳᠡᠭᠦᠯᠬᠦ᠂ | ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠤᠨ ᠳᠦᠷᠢᠮ ᠢ ᠲᠣᠭᠲᠠᠭᠠᠵᠤ᠂ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠪᠠ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠨᠠᠷᠢᠯᠢᠭᠵᠢᠭᠤᠯᠵᠤ᠂ ᠱᠠᠲᠤ | ᠦᠶ᠎ᠡ ᠶᠢᠨ ᠪᠠ ᠣᠨ ᠤ ᠠᠵᠢᠯ ᠤᠨ ᠡᠭᠦᠷᠭᠡ ᠶᠢ ᠨᠠᠷᠢᠯᠢᠭᠵᠢᠭᠤᠯᠵᠤ᠂ ︽ᠬᠠᠶᠠᠭᠳᠠᠮᠠᠯ ᠪᠤᠳᠠᠰ ᠦᠭᠡᠢ ᠬᠤᠲᠠ︾ | ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠠᠶᠢᠷᠢᠯᠠᠭᠤᠯᠬᠤ ᠪᠠ ᠬᠠᠮᠵᠢᠯᠴᠠᠨ ᠠᠬᠢᠭᠤᠯᠤᠨ᠎ᠠ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ︽ᠬᠠᠶᠠᠭᠳᠠᠮᠠᠯ | ᠪᠤᠳᠠᠰ ᠦᠭᠡᠢ ᠬᠤᠲᠠ ᠶᠢᠨ ᠠᠯᠪᠠᠨ ᠭᠡᠷ︾︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 2. ᠰᠢᠯᠭᠠᠨ ᠬᠢᠨᠠᠬᠤ ᠰᠢᠰᠲ᠋ᠧᠮᠵᠢ ᠶᠢ ᠪᠦᠷᠢᠨᠰᠢᠭᠦᠯᠵᠦ᠂ ︽ᠬᠠᠶᠠᠭᠳᠠᠮᠠᠯ ᠪᠤᠳᠠᠰ ᠦᠭᠡᠢ ᠬᠤᠲᠠ︾ ᠶᠢ | ᠰᠢᠯᠭᠠᠨ ᠬᠢᠨᠠᠵᠤ ᠦᠨᠡᠯᠡᠨ᠎ᠡ᠃ ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢᠨ | ᠣᠨ ᠤ ᠦᠨᠡᠯᠡᠨ ᠵᠢᠱᠢᠯᠲᠡ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠦᠨᠡᠯᠡᠨ ᠵᠢᠱᠢᠯᠲᠡ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ | ᠵᠠᠳᠠᠯᠬᠤ᠂ ᠰᠢᠮᠳᠠᠭᠤᠯᠤᠨ ᠪᠠᠶᠢᠴᠠᠭᠠᠬᠤ ᠪᠠ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠨ᠂ ᠪᠦᠲᠦᠭᠡᠨ | ᠪᠠᠶᠢᠭᠤᠯᠤᠯᠲᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠤᠣᠯ | ᠬᠢᠬᠦ ᠠᠷᠭ᠎ᠠ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠰᠠᠨᠠᠭᠤᠯᠭ᠎ᠠ ᠵᠡᠷᠭᠡ ᠳᠤ ᠳ᠋ᠦᠩᠨᠡᠯᠲᠡ ᠬᠢᠨ᠎ᠡ᠃ ︽ | ᠬᠥᠬᠡᠬᠤᠲᠠ ᠶᠢᠨ ︿ᠬᠠᠶᠠᠭᠳᠠᠮᠠᠯ ᠪᠤᠳᠠᠰ ᠦᠭᠡᠢ ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠰᠢᠯᠭᠠᠨ ᠬᠢᠨᠠᠬᠤ ᠠᠷᠭ᠎ᠠ︾ ᠶᠢ ᠰᠤᠳᠤᠯᠤᠨ ᠲᠣᠭᠲᠠᠭᠠᠵᠤ᠂ ︽ᠬᠠᠶᠠᠭᠳᠠᠮᠠᠯ ᠪᠤᠳᠠᠰ ᠦᠭᠡᠢ ᠬᠤᠲᠠ︾ | ᠶᠢᠨ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠬᠠᠶᠠᠭᠳᠠᠮᠠᠯ ᠪᠤᠳᠠᠰ ᠦᠭᠡᠢ ᠬᠤᠲᠠ︾ | ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠬᠤᠲᠠ ᠶᠢᠨ ᠱᠠᠲᠤᠨ ᠤ ᠠᠵᠢᠯ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠳᠤ ᠣᠷᠣᠭᠤᠯᠤᠨ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠦᠨᠡᠯᠡᠨ | ᠵᠢᠱᠢᠭᠰᠡᠨ ᠦᠷ᠎ᠡ ᠳ᠋ᠦᠩ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠬᠤᠰᠢᠭᠤ ᠰᠢᠶᠠᠨ | ᠲᠣᠭᠤᠷᠢᠭ ᠢ ᠰᠢᠯᠭᠠᠨ ᠬᠢᠨᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠠᠶᠠᠭᠳᠠᠮᠠᠯ ᠪᠤᠳᠠᠰ ᠦᠭᠡᠢ | ᠬᠤᠲᠠ ᠶᠢᠨ ᠠᠯᠪᠠᠨ ᠭᠡᠷ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶ | ︵ᠬᠤᠶᠠᠷ︶ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠢᠯᠴᠢ ᠶᠢᠨ ᠴᠠᠬᠢᠯᠭᠠᠨ ᠤ ᠠᠵᠢᠯ ᠲᠥᠷᠥᠯ ᠤᠨ ᠦᠷᠭᠦᠯᠵᠢᠯᠡᠬᠦᠶᠢᠴᠡ ᠬᠥᠭᠵᠢᠯᠲᠡ ᠶᠢ ᠲᠦᠯᠬᠢᠨ | ᠠᠬᠢᠭᠤᠯᠤᠨ᠎ᠠ | 1. ᠡᠨᠧᠷᠭᠢ ᠶᠢᠨ ᠬᠠᠩᠭᠠᠯᠭ᠎ᠠ ᠬᠡᠷᠡᠭᠯᠡᠭᠡᠨ ᠤ ᠪᠦᠲᠦᠴᠡ ᠳᠤ ᠲᠣᠬᠢᠷᠠᠭᠤᠯᠤᠯᠲᠠ ᠬᠢᠵᠦ᠂ ᠨᠡᠭᠦᠷᠡᠰᠦᠨ ᠤ | ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠨ᠎ᠠ᠃ ᠰᠢᠨ᠎ᠡ ᠡᠨᠧᠷᠭᠢ ᠶᠢᠨ ᠬᠥᠭᠵᠢᠯᠲᠡ ᠶᠢᠨ ᠡᠷᠴᠢᠮ ᠢ | ᠴᠢᠩᠭᠠᠷᠠᠭᠤᠯᠵᠤ᠂ ᠳᠠᠯᠠᠨ ᠬᠠᠷ᠎ᠠ ᠠᠭᠤᠯᠠ ᠶᠢᠨ ᠡᠷᠬᠢᠨ ᠲᠣᠭᠤᠷᠢᠨ ᠤ ᠰᠠᠯᠬᠢᠨ ᠤ ᠡᠨᠧᠷᠭᠢ᠂ ᠬᠡᠷᠡᠯ ᠤᠨ | ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠬᠤ ᠶᠢ ᠠᠬᠢᠭᠤᠯᠵᠤ᠂ ᠦᠴᠦᠸᠠᠨ ᠰᠢᠶᠠᠨ ᠤ ᠨᠢᠭᠡᠨᠲᠡ | ᠠᠰᠢᠭᠯᠠᠯᠲᠠ ᠳᠤ ᠣᠷᠣᠭᠤᠯᠤᠭᠰᠠᠨ ᠪᠠ ᠴᠢᠩ ᠱᠦᠢ ᠾᠧ ᠰᠢᠶᠠᠨ᠂ ᠬᠤᠷᠢᠨᠭᠡᠷ ᠰᠢᠶᠠᠨ ᠤ ᠪᠠᠶᠢᠭᠤᠯᠵᠤ ᠪᠠᠶᠢᠭ᠎ᠠ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢᠶᠠᠷ ᠰᠠᠭᠤᠷᠢ ᠪᠣᠯᠭᠠᠵᠤ᠂ ᠳᠠᠯᠠᠨ ᠬᠠᠷ᠎ᠠ ᠠᠭᠤᠯᠠ ᠶᠢᠨ | ᠰᠠᠯᠬᠢᠨ ᠤ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ ᠢ ᠪᠠᠶᠢᠭᠤᠯᠤᠨ᠎ᠠ︔ ᠲᠦᠮᠡᠳ ᠵᠡᠭᠦᠨ ᠬᠤᠰᠢᠭᠤ᠂ | ᠦᠴᠦᠸᠠᠨ ᠰᠢᠶᠠᠨ᠂ ᠬᠤᠷᠢᠨᠭᠡᠷ ᠰᠢᠶᠠᠨ᠂ ᠲᠣᠭᠲᠠᠬᠤ ᠰᠢᠶᠠᠨ ᠪᠣᠯᠣᠨ ᠴᠢᠩ ᠱᠦᠢ ᠾᠧ ᠰᠢᠶᠠᠨ ᠵᠡᠷᠭᠡ | ᠭᠠᠵᠠᠷ ᠢᠶᠠᠷ ᠭᠤᠣᠯᠳᠠᠯᠭ᠎ᠠ ᠪᠣᠯᠭᠠᠵᠤ᠂ ︽ᠬᠡᠷᠡᠯ ᠸᠣᠯᠲ +︾ ᠴᠠᠬᠢᠯᠭᠠᠨ ᠭᠠᠷᠭᠠᠬᠤ ᠪᠠ ᠡᠨᠧᠷᠭᠢ ᠬᠠᠳᠠᠭᠠᠯᠠᠬᠤ | ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠴᠠᠬᠢᠯᠭᠠᠨ ᠤ ᠦᠢᠯᠡᠳᠪᠦᠷᠢ ᠶᠢᠨ ᠭᠡᠷ ᠤᠨ ᠣᠷᠣᠢ᠂ ᠬᠤᠭᠤᠰᠤᠨ | ᠭᠠᠵᠠᠷ᠂ ᠦᠨᠡᠰᠦ ᠭᠠᠳᠠᠭᠰᠢᠯᠠᠭᠤᠯᠬᠤ ᠲᠠᠯᠠᠪᠠᠶ ᠪᠣᠯᠣᠨ ᠬᠠᠶᠠᠭᠳᠠᠮᠠᠯ ᠠᠭᠤᠷᠬᠠᠢ᠂ ᠬᠦᠳᠡᠷ ᠤᠨ ᠰᠢᠭᠠᠷᠤ ᠶᠢᠨ | ᠬᠥᠮᠥᠷᠭᠡ᠂ ᠰᠢᠷᠣᠢ ᠭᠠᠳᠠᠭᠰᠢᠯᠠᠭᠤᠯᠬᠤ ᠲᠠᠯᠠᠪᠠᠶ᠂ ᠰᠢᠭᠠᠷᠤ ᠶᠢᠨ ᠲᠠᠯᠠᠪᠠᠶ ᠵᠡᠷᠭᠡ ᠲᠠᠯᠠᠪᠤᠷ ᠢ ᠭᠦᠢᠴᠡᠳ ᠠᠰᠢᠭᠯᠠᠨ | ᠲᠠᠷᠠᠬᠠᠢ ᠬᠡᠯᠪᠡᠷᠢ ᠶᠢᠨ ᠬᠡᠷᠡᠯ ᠸᠣᠯᠲ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠨᠡᠭᠦᠷᠡᠰᠦ ᠶᠢ | ᠴᠠᠬᠢᠯᠭᠠᠨ ᠢᠶᠠᠷ ᠥᠭᠡᠷᠡᠴᠢᠯᠡᠬᠦ︾᠂ ︽ᠨᠡᠭᠦᠷᠡᠰᠦ ᠶᠢ ᠰᠢᠲᠠᠮᠠᠬᠠᠢ ᠬᠡᠢ ᠪᠠᠷ ᠥᠭᠡᠷᠡᠴᠢᠯᠡᠬᠦ︾ ᠵᠡᠷᠭᠡ ᠴᠡᠪᠡᠷ | ᠡᠨᠧᠷᠭᠢ ᠶᠢᠨ ᠰᠤᠷᠪᠤᠯᠵᠢ ᠪᠠᠷ ᠣᠷᠣᠯᠠᠭᠤᠯᠬᠤ ᠠᠬᠢᠴᠠ ᠶᠢ ᠲᠦᠷᠭᠡᠳᠬᠡᠨ ᠬᠡᠷᠡᠭᠵᠢᠭᠦᠯᠵᠦ᠂ ᠰᠤᠯᠠ ᠨᠡᠭᠦᠷᠡᠰᠦ | ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃ ᠴᠡᠪᠡᠷ ᠳᠤᠯᠠᠭᠠᠯᠠᠭ᠎ᠠ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠠᠷᠠᠳ ᠤᠨ ᠬᠡᠷᠡᠭᠯᠡᠭᠡᠨ ᠤ ᠰᠤᠯᠠ ᠨᠡᠭᠦᠷᠡᠰᠦ ᠪᠣᠯᠣᠨ ᠲᠠᠷᠢᠶᠠᠯᠠᠩ ᠳᠤ ᠬᠡᠷᠡᠭᠯᠡᠬᠦ ᠨᠡᠭᠦᠷᠡᠰᠦᠨ ᠤ ᠬᠡᠷᠡᠭᠯᠡᠭᠡᠨ ᠤ | ᠬᠡᠮᠵᠢᠶ᠎ᠡ ᠶᠢ ᠭᠤᠣᠯᠳᠠᠯᠭ᠎ᠠ ᠲᠠᠢ ᠪᠠᠭᠠᠰᠬᠠᠨ᠂ ᠨᠡᠭᠦᠷᠡᠰᠦᠨ ᠤ ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠵᠤ᠂ | ᠡᠨᠧᠷᠭᠢ ᠶᠢᠨ ᠰᠤᠷᠪᠤᠯᠵᠢ ᠶᠢᠨ ᠬᠦᠷᠢᠶᠡᠨ ᠳᠠᠬᠢ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ | ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠢ | ᠾᠧ ᠰᠢᠶᠠᠨ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ︶ | 2. ᠢᠯᠴᠢ ᠶᠢᠨ ᠴᠠᠬᠢᠯᠭᠠᠨ ᠤ ᠠᠵᠢᠯ ᠲᠥᠷᠥᠯ ᠤᠨ ︽ᠭᠤᠷᠪᠠᠨ ᠥᠭᠡᠷᠡᠴᠢᠯᠡᠯᠲᠡ ᠶᠢᠨ ᠬᠤᠯᠪᠤᠭᠠᠯᠠᠨ | ᠬᠥᠳᠡᠯᠦᠯᠴᠡᠬᠦ︾ ᠶᠢ ᠠᠬᠢᠭᠤᠯᠵᠤ᠂ ︽ᠦᠯᠡᠳᠡᠪᠦᠷᠢ ᠢᠯᠴᠢ +︾ ᠦᠢᠯᠡᠴᠢᠯᠡᠭᠡᠨ ᠤ ᠵᠠᠭᠪᠤᠷ ᠢ ᠪᠠᠶᠢᠭᠤᠯᠤᠨ | ᠴᠠᠬᠢᠯᠭᠠᠨ ᠬᠠᠩᠭᠠᠬᠤ ᠨᠡᠭᠦᠷᠡᠰᠦᠨ ᠤ ᠬᠤᠷᠣᠭᠳᠠᠯ ᠨᠢ 300 ᠭᠷᠡᠮ ᠪᠠᠷᠢᠮᠵᠢᠶ᠎ᠠ ᠨᠡᠭᠦᠷᠡᠰᠦ/ᠺᠢᠯᠣᠸᠠᠲ ᠴᠠᠭ ᠠᠴᠠ | ᠳᠡᠭᠡᠭᠰᠢᠬᠢ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠳᠤ ᠡᠨᠧᠷᠭᠢ ᠠᠷᠪᠢᠯᠠᠵᠤ ᠬᠤᠷᠣᠭᠳᠠᠯ ᠢ ᠪᠠᠭᠤᠷᠠᠭᠤᠯᠬᠤ | ᠥᠭᠡᠷᠡᠴᠢᠯᠡᠯᠲᠡ ᠬᠢᠵᠦ᠂ ᠠᠭᠤᠷ ᠤᠨ ᠲᠦᠷᠪᠢᠨ ᠤ ᠭᠦᠶᠦᠳᠡᠯ ᠨᠡᠪᠲᠡᠷᠡᠭᠦᠯᠬᠦ ᠥᠭᠡᠷᠡᠴᠢᠯᠡᠯᠲᠡ᠂ ᠭᠦᠸᠧᠯᠦ ᠪᠠ | ᠠᠭᠤᠷ ᠤᠨ ᠲᠦᠷᠪᠢᠨ ᠤ ᠬᠦᠢᠲᠡᠨ ᠦᠵᠦᠭᠦᠷ ᠤᠨ ᠦᠯᠡᠳᠡᠪᠦᠷᠢ ᠢᠯᠴᠢ ᠶᠢ ᠭᠦᠨᠵᠡᠭᠡᠢ ᠠᠰᠢᠭᠯᠠᠬᠤ᠂ ᠡᠨᠧᠷᠭᠢ ᠶᠢ | ᠱᠠᠲᠤᠯᠠᠨ ᠠᠰᠢᠭᠯᠠᠬᠤ ᠥᠭᠡᠷᠡᠴᠢᠯᠡᠯᠲᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠭᠦᠷᠡᠰᠦ ᠶᠢ ᠠᠰᠢᠭᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠠᠮᠢᠳᠤᠯᠢᠭ ᠴᠢᠨᠠᠷᠲᠠᠢ | ᠥᠭᠡᠷᠡᠴᠢᠯᠡᠯᠲᠡ ᠶᠢ ᠠᠬᠢᠭᠤᠯᠵᠤ᠂ ᠲᠣᠣᠷ ᠲᠤ ᠨᠡᠶᠢᠯᠡᠭᠦᠯᠦᠭᠰᠡᠨ ᠥᠪᠡᠷᠲᠡᠭᠡᠨ ᠬᠡᠷᠡᠭᠯᠡᠬᠦ ᠪᠠᠷ ᠪᠡᠯᠡᠳᠬᠡᠭᠰᠡᠨ | ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠰᠢᠰᠲ᠋ᠧᠮ ᠤᠨ ᠣᠷᠭᠢᠯ ᠦᠶ᠎ᠡ ᠶᠢ ᠲᠣᠬᠢᠷᠠᠭᠤᠯᠬᠤ ᠳᠤ | ᠣᠷᠤᠯᠴᠠᠬᠤ ᠶᠢ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠯᠴᠢ ᠶᠢᠨ | ᠴᠠᠬᠢᠯᠭᠠᠨ ᠤ ᠠᠮᠢᠳᠤᠯᠢᠭ ᠴᠢᠨᠠᠷᠲᠠᠢ ᠥᠭᠡᠷᠡᠴᠢᠯᠡᠯᠲᠡ ᠶᠢᠨ ᠰᠢᠨ᠎ᠡ ᠡᠨᠧᠷᠭᠢ ᠶᠢ ᠰᠢᠩᠭᠡᠬᠡᠨ ᠠᠪᠬᠤ ᠬᠡᠷᠡᠭᠵᠢᠭᠦᠯᠬᠦ | ᠨᠠᠷᠢᠨ ᠳᠦᠷᠢᠮ ︵2022 ᠣᠨ ᠤ ᠬᠡᠪᠯᠡᠯ︶︾ ︵ᠦᠪᠦᠷ ᠡᠨᠧᠷᠭᠢ ᠰᠢᠨ᠎ᠡ ᠡᠨᠧᠷᠭᠢ ᠥᠰᠥᠭ ﹇2022﹈ | 888 ᠳ᠋ᠤᠭᠠᠷ ᠲᠣᠭᠠᠲᠤ︶ ᠢ ᠦᠨᠳᠦᠰᠦᠯᠡᠨ᠂ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠳᠤ ᠵᠣᠬᠢᠬᠤ | ᠬᠡᠪᠴᠢᠶᠡᠨ ᠤ ᠰᠢᠨ᠎ᠡ ᠡᠨᠧᠷᠭᠢ ᠶᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠢᠯᠴᠢ ᠶᠢᠨ ᠴᠠᠬᠢᠯᠭᠠᠨ ᠤ ᠠᠵᠤ | ᠠᠬᠤᠶᠢᠯᠠᠯ ᠤᠨ ᠢᠯᠴᠢ ᠬᠠᠩᠭᠠᠬᠤ ᠥᠭᠡᠷᠡᠴᠢᠯᠡᠯᠲᠡ ᠶᠢ ᠠᠬᠢᠭᠤᠯᠵᠤ᠂ ᠢᠯᠴᠢ ᠶᠢᠨ ᠴᠠᠬᠢᠯᠭᠠᠨ ᠤ ᠠᠵᠤ | ᠠᠬᠤᠶᠢᠯᠠᠯ ᠤᠨ ᠬᠤᠲᠠ ᠶᠢᠨ ᠲᠣᠭᠤᠷᠢᠭ ᠲᠤ ᠢᠯᠴᠢ ᠬᠠᠩᠭᠠᠬᠤ ᠴᠢᠳᠠᠪᠤᠷᠢ ᠶᠢ ᠭᠦᠢᠴᠡᠳ ᠠᠭᠤᠳᠠᠯᠵᠤ᠂ ︽ ᠶᠢᠨ | ᠱᠠᠨ ᠤ ᠢᠯᠴᠢ ᠶᠢᠨ ᠰᠤᠷᠪᠤᠯᠵᠢ ᠶᠢ ᠬᠥᠬᠡᠬᠤᠲᠠ ᠳᠤ ᠣᠷᠣᠭᠤᠯᠬᠤ︾ ᠵᠡᠷᠭᠡ ᠭᠤᠣᠯᠳᠠᠯᠭ᠎ᠠ ᠲᠠᠢ ᠢᠯᠴᠢ | ᠴᠠᠬᠢᠯᠭᠠᠨ ᠢ ᠬᠠᠮᠲᠤ ᠦᠢᠯᠡᠳᠪᠦᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠠᠵᠢᠯᠯᠠᠵᠤ ᠪᠠᠶᠢᠭ᠎ᠠ ᠢᠯᠴᠢ ᠴᠠᠬᠢᠯᠭᠠᠨ ᠢ ᠬᠠᠮᠲᠤ ᠦᠢᠯᠡᠳᠪᠦᠷᠢᠯᠡᠬᠦ ᠮᠠᠰᠢᠨ ᠴᠣᠭᠴᠠᠯᠠᠪᠤᠷᠢ ᠳᠤ | ᠮᠡᠷᠭᠡᠵᠢᠯ ᠤᠨ ᠥᠭᠡᠷᠡᠴᠢᠯᠡᠯᠲᠡ ᠬᠢᠵᠦ᠂ ᠴᠠᠬᠢᠯᠭᠠᠨ ᠤ ᠦᠢᠯᠡᠳᠪᠦᠷᠢ ᠶᠢᠨ ᠦᠯᠡᠳᠡᠪᠦᠷᠢ ᠢᠯᠴᠢ ᠶᠢ ᠭᠦᠢᠴᠡᠳ | ᠬᠤᠷᠢᠶᠠᠨ ᠠᠪᠴᠤ ᠠᠰᠢᠭᠯᠠᠨ᠂ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠡᠷᠬᠢᠨ ᠲᠣᠭᠤᠷᠢᠨ ᠢ ᠤᠷᠢᠳᠠᠪᠠᠷ | ᠰᠣᠩᠭᠤᠨ ᠪᠠᠷᠢᠯᠭ᠎ᠠ ᠶᠢᠨ ᠮᠠᠲ᠋ᠧᠷᠢᠶᠠᠯ ᠦᠶᠯᠡᠳᠬᠦ ᠵᠡᠷᠭᠡ ᠬᠥᠳᠡᠯᠭᠡᠭᠦ ᠬᠦᠴᠦᠨ ᠤ ᠡᠬᠢ ᠰᠤᠷᠪᠤᠯᠵᠢ ᠶᠢ ᠬᠡᠷᠡᠭᠰᠡᠬᠦ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠪᠠᠶᠢᠷᠢᠰᠢᠭᠤᠯᠬᠤ ᠶᠢ | ᠵᠣᠷᠢᠭᠵᠢᠭᠤᠯᠵᠤ᠂ ᠲᠥᠷᠥᠯ ᠵᠦᠢᠯ ᠳᠤ ᠢᠵᠢ ᠪᠦᠷᠢᠳᠦᠭᠦᠯᠦᠨ ᠭᠦᠸᠧᠯᠦ ᠪᠠᠶᠢᠭᠤᠯᠤᠭᠰᠠᠨ ᠠᠴᠠ ᠪᠣᠯᠵᠤ | ᠡᠨᠧᠷᠭᠢ ᠶᠢᠨ ᠰᠤᠷᠪᠤᠯᠵᠢ ᠶᠢ ᠳᠠᠪᠬᠤᠷᠳᠠᠭᠤᠯᠤᠨ ᠬᠤᠷᠣᠭᠳᠠᠭᠤᠯᠬᠤ ᠠᠴᠠ ᠵᠠᠶᠢᠯᠠᠰᠭᠢᠨ᠎ᠡ᠃ ᠢᠯᠴᠢ ᠶᠢᠨ | ᠴᠠᠬᠢᠯᠭᠠᠨ ᠤ ᠠᠵᠤ ᠠᠬᠤᠶᠢᠯᠠᠯ ᠬᠠᠮᠵᠢᠯᠴᠠᠨ ᠬᠤᠲᠠ ᠪᠠᠯᠭᠠᠰᠤ ᠶᠢᠨ ᠪᠣᠬᠢᠷ ᠤᠰᠤ ᠪᠣᠬᠢᠷ ᠰᠢᠪᠠᠷ ᠢ ᠬᠤᠯᠢᠵᠤ | ᠰᠢᠲᠠᠭᠠᠬᠤ ᠶᠢ ᠠᠬᠢᠭᠤᠯᠬᠤ ᠶᠢᠨ ᠬᠠᠮᠲᠤ ᠪᠣᠬᠢᠷ ᠰᠢᠪᠠᠷ ᠢ ᠰᠢᠲᠠᠭᠠᠭᠰᠠᠨ ᠦᠨᠡᠰᠦ ᠰᠢᠭᠠᠷᠤ ᠶᠢ ᠪᠠᠷᠢᠯᠭ᠎ᠠ ᠶᠢᠨ | ᠮᠠᠲ᠋ᠧᠷᠢᠶᠠᠯ ᠪᠣᠯᠭᠠᠨ ᠠᠰᠢᠭᠯᠠᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | 3. ᠨᠤᠨᠳᠠᠭ ᠨᠡᠭᠦᠷᠡᠰᠦᠨ ᠤ ᠦᠨᠡᠰᠦ ᠪᠠᠷ ᠭᠤᠣᠯᠳᠠᠯᠭ᠎ᠠ ᠪᠣᠯᠭᠠᠨ᠂ ︽ᠨᠢᠭᠡ ᠲᠤᠶᠢᠯ ᠬᠤᠶᠠᠷ ᠪᠦᠰᠡ︾ | ᠪᠣᠯᠣᠨ ︽ᠬᠤᠶᠠᠷ ᠬᠦᠷᠢᠶᠡᠯᠡᠩ ᠤᠯᠠᠨ ᠴᠡᠭ︾ ᠲᠠᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ | ᠰᠢᠰᠲ᠋ᠧᠮᠵᠢ ᠶᠢ ᠪᠠᠶᠢᠭᠤᠯᠤᠨ᠎ᠠ᠃ ᠲᠣᠭᠲᠠᠬᠤ ᠶᠢᠨ ᠴᠠᠬᠢᠯᠭᠠᠨ ᠤ ᠦᠢᠯᠡᠳᠪᠦᠷᠢ ᠶᠢᠨ ᠨᠢᠭᠡ ᠲᠤᠶᠢᠯ ᠤᠨ ᠴᠡᠭ ᠤᠨ | ᠲᠣᠭᠤᠷᠢᠨ ᠳᠤ᠂ ︽ᠲᠣᠭᠲᠠᠬᠤ ᠶᠢᠨ ᠴᠠᠬᠢᠯᠭᠠᠨ ᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠢ | ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠲᠥᠪᠯᠡᠷᠡᠭᠰᠡᠨ ᠪᠦᠰᠡ︾ ᠪᠣᠯᠣᠨ ︽ᠨᠡᠭᠦᠷᠡᠰᠦᠨ ᠤ | ᠰᠢᠰᠲ᠋ᠧᠮ ᠤᠨ ᠭᠤᠤ ᠯᠢᠩ ᠰᠢᠷᠣᠢ ᠶᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠲᠥᠪᠯᠡᠷᠡᠭᠰᠡᠨ ᠪᠦᠰᠡ︾ ᠶᠢ | ᠪᠣᠶᠢᠵᠢᠭᠤᠯᠤᠨ᠂ ᠲᠣᠭᠲᠠᠬᠤ ᠴᠢᠩ ᠱᠦᠢ ᠾᠧ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ︽ᠨᠢᠭᠡ | ᠲᠤᠶᠢᠯ ᠬᠤᠶᠠᠷ ᠪᠦᠰᠡ︾ ᠶᠢᠨ ᠲᠥᠷᠥᠯ ᠵᠦᠢᠯ ᠤᠨ ᠪᠠᠶᠢᠷᠢᠰᠢᠯ ᠢ ᠪᠤᠢ ᠪᠣᠯᠭᠠᠨ᠎ᠠ᠃ ᠥᠪᠥᠷ ᠮᠣᠩᠭᠤᠯ ᠤᠨ ᠳ᠋ᠠ | ᠲᠠᠩ ᠣᠯᠠᠨ ᠤᠯᠤᠰ ᠤᠨ ᠲᠣᠭᠲᠠᠬᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠪᠠᠷ | ᠭᠤᠣᠯ ᠴᠣᠭᠴᠠ ᠪᠣᠯᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽︿ | ᠬᠥᠬᠡᠬᠤᠲᠠ ᠶᠢᠨ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠭᠤᠷᠪᠠᠨ ᠵᠢᠯ ᠤᠨ ᠬᠡᠷᠡᠭᠵᠢᠭᠦᠯᠬᠦ ᠲᠥᠰᠥᠯ ︵2022 ︱ 2024 ᠣᠨ︶﹀ ᠢ | ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2021﹈ 25 | ᠳ᠋ᠤᠭᠠᠷ ᠲᠣᠭᠠᠲᠤ︶ ᠢ ᠨᠠᠶᠢᠳᠠᠪᠤᠷᠢᠵᠢᠭᠤᠯᠤᠨ᠂ ᠨᠤᠨᠳᠠᠭ ᠨᠡᠭᠦᠷᠡᠰᠦᠨ ᠤ ᠦᠨᠡᠰᠦ᠂ ᠵᠤᠤᠬᠠᠨ ᠤ ᠰᠢᠭᠠᠷᠤ ᠵᠡᠷᠭᠡ | ᠨᠡᠭᠦᠷᠡᠰᠦᠨ ᠤ ᠰᠢᠰᠲ᠋ᠧᠮ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠰᠥᠯ ᠢ | ᠨᠠᠶᠢᠷᠠᠭᠤᠯᠤᠨ ᠵᠣᠬᠢᠶᠠᠬᠤ ᠶᠢ ᠨᠢ ᠠᠬᠢᠭᠤᠯᠤᠨ᠎ᠠ᠃ ᠲᠣᠭᠲᠠᠬᠤ ᠶᠢᠨ ᠴᠠᠬᠢᠯᠭᠠᠨ ᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠤᠳᠠᠰ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠲᠥᠪᠯᠡᠷᠡᠭᠰᠡᠨ ᠪᠦᠰᠡ ᠳᠤ | ᠲᠦᠰᠢᠭᠯᠡᠨ᠂ ᠨᠤᠨᠳᠠᠭ ᠨᠡᠭᠦᠷᠡᠰᠦᠨ ᠤ ᠦᠨᠡᠰᠦ᠂ ᠵᠤᠤᠬᠠᠨ ᠤ ᠰᠢᠭᠠᠷᠤ ᠵᠡᠷᠭᠡ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠠᠰᠢᠭᠯᠠᠵᠤ᠂ ᠵᠠᠮ ᠤᠨ ᠰᠠᠭᠤᠷᠢ ᠶᠢᠨ ᠮᠠᠲ᠋ᠧᠷᠢᠶᠠᠯ᠂ ᠪᠧᠲ᠋ᠤᠨ᠂ ᠠᠭᠤᠷᠰᠢᠭᠤᠯᠤᠨ ᠳᠠᠷᠤᠰᠢᠭᠤᠯᠤᠭᠰᠠᠨ | ᠨᠤᠨᠳᠠᠭ ᠨᠡᠭᠦᠷᠡᠰᠦᠨ ᠤ ᠦᠨᠡᠰᠦᠨ ᠲᠣᠭᠤᠰᠬ᠎ᠠ᠂ ᠸᠠᠭᠠᠷ ᠤᠨ ᠮᠥᠬᠦᠯᠢᠭ ᠵᠡᠷᠭᠡ ᠶᠢ ᠬᠢᠨ᠎ᠡ᠃ ︽ᠨᠡᠭᠦᠷᠡᠰᠦᠨ ᠤ | ᠰᠢᠰᠲ᠋ᠧᠮ ᠤᠨ ᠭᠤᠤ ᠯᠢᠩ ᠰᠢᠷᠣᠢ ᠶᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠲᠥᠪᠯᠡᠷᠡᠭᠰᠡᠨ ᠪᠦᠰᠡ︾ | ᠪᠠᠷ ᠭᠠᠷᠳᠠᠴᠠ ᠪᠣᠯᠭᠠᠨ᠂ ᠨᠡᠭᠦᠷᠡᠰᠦᠨ ᠴᠢᠯᠠᠭᠤ ᠠᠴᠠ ᠬᠥᠩᠭᠡᠨᠴᠠᠭᠠᠨ ᠤ ᠢᠰᠦᠯ ᠭᠠᠷᠭᠠᠬᠤ᠂ ᠭᠤᠤ ᠯᠢᠩ | ᠰᠢᠷᠣᠢ ᠶᠢ ᠡᠬᠢ ᠪᠠᠶᠠᠯᠢᠭᠵᠢᠭᠤᠯᠬᠤ ᠵᠡᠷᠭᠡ ᠠᠰᠢᠭᠯᠠᠬᠤ ᠠᠷᠭ᠎ᠠ ᠵᠠᠮ ᠢ ᠨᠡᠭᠡᠭᠡᠨ ᠬᠥᠭᠵᠢᠭᠦᠯᠦᠨ᠎ᠡ᠃ ᠲᠣᠭᠲᠠᠬᠤ | ᠴᠢᠩ ᠱᠦᠢ ᠾᠧ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠣᠯᠣᠨ ᠬᠤᠷᠢᠨᠭᠡᠷ ᠤᠨ ᠰᠦ ᠶᠢᠨ | ᠦᠢᠯᠡᠰ ᠤᠨ ᠨᠡᠭᠡᠭᠡᠯᠲᠡ ᠶᠢᠨ ᠲᠣᠭᠤᠷᠢᠭ ᠢᠶᠠᠷ ᠭᠤᠣᠯ ᠴᠣᠭᠴᠠ ᠪᠣᠯᠭᠠᠨ᠂ ᠨᠤᠨᠳᠠᠭ ᠨᠡᠭᠦᠷᠡᠰᠦᠨ ᠤ ᠦᠨᠡᠰᠦ ᠵᠡᠷᠭᠡ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ | ᠠᠵᠤ ᠦᠢᠯᠡᠰ ᠢ ᠣᠷᠣᠭᠤᠯᠵᠤ ᠢᠷᠡᠬᠦ ᠪᠤᠶᠤ ᠪᠣᠶᠢᠵᠢᠭᠤᠯᠵᠤ᠂ ᠪᠠᠷᠠᠭᠤᠨ ᠬᠤᠶᠢᠲᠤ ᠣᠷᠣᠨ ᠤ ᠴᠢᠬᠤᠯᠠ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ | ᠲᠥᠪᠯᠡᠷᠡᠭᠰᠡᠨ ᠣᠷᠣᠨ ᠢ ᠪᠠᠶᠢᠭᠤᠯᠤᠨ᠎ᠠ᠃ ᠨᠤᠨᠳᠠᠭ ᠨᠡᠭᠦᠷᠡᠰᠦᠨ ᠤ ᠦᠨᠡᠰᠦ ᠵᠡᠷᠭᠡ ᠬᠠᠲᠠᠭᠤ ᠪᠡᠶᠡᠲᠦ ᠬᠠᠶᠠᠭᠳᠠᠮᠠᠯ | ᠪᠤᠳᠠᠰ ᠤᠨ ᠣᠷᠣᠨ ᠵᠠᠢ ᠶᠢᠨ ᠲᠠᠷᠬᠠᠯᠲᠠ ᠶᠢ ᠦᠨᠳᠦᠰᠦᠯᠡᠨ᠂ ᠲᠦᠮᠡᠳ ᠵᠡᠭᠦᠨ ᠬᠤᠰᠢᠭᠤ᠂ ᠴᠢᠩ ᠱᠦᠢ ᠾᠧ | ᠰᠢᠶᠠᠨ ᠪᠣᠯᠣᠨ ᠰᠠᠶᠢᠬᠠᠨ ᠲᠣᠭᠤᠷᠢᠭ ᠵᠡᠷᠭᠡ ᠭᠠᠵᠠᠷ ᠲᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠤᠳᠠᠰ ᠢ ᠶᠡᠷᠦᠩᠬᠡᠶᠢᠯᠡᠨ ᠠᠰᠢᠭᠯᠠᠬᠤ ᠭᠤᠣᠯᠯᠠᠭᠴᠢ ᠠᠵᠤ ᠠᠬᠤᠶᠢᠯᠠᠯ ᠢ ᠪᠣᠶᠢᠵᠢᠭᠤᠯᠤᠨ ᠬᠥᠭᠵᠢᠭᠦᠯᠵᠦ᠂ ᠮᠠᠨ ᠤ | ᠬᠤᠳᠠ ᠶᠢᠨ ︽ᠬᠤᠶᠠᠷ ᠬᠦᠷᠢᠶᠡᠯᠡᠩ ᠤᠯᠠᠨ ᠴᠡᠭ︾ ᠤᠨ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ | ᠰᠢᠰᠲ᠋ᠧᠮᠵᠢ ᠶᠢ ᠪᠦᠷᠢᠯᠳᠦᠭᠦᠯᠦᠨ᠎ᠡ᠃ 2025 ᠣᠨ ᠪᠣᠯᠬᠤ ᠳᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠤᠰᠬᠠᠢ ᠠᠵᠤ | ᠠᠬᠤᠶᠢᠯᠠᠯ ᠢ 25 ᠬᠦᠷᠭᠡᠵᠦ᠂ ᠵᠢᠯ ᠤᠨ ᠦᠢᠯᠡᠳᠬᠦᠨ ᠤ ᠥᠷᠲᠡᠭ ᠨᠢ 5000 ᠲᠦᠮᠡᠨ ᠲᠥᠭᠦᠷᠢᠭ ᠢ ᠳᠠᠪᠠᠭ᠋ᠤ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠭᠤᠣᠯᠯᠠᠭᠴᠢ ᠠᠵᠤ | ᠠᠬᠤᠶᠢᠯᠠᠯ ᠢ 10 ᠬᠦᠷᠭᠡᠨ᠎ᠡ᠃ ︵ᠲᠦᠷᠦᠭᠦᠯᠡᠨ ᠬᠢᠬᠦ ᠨᠢᠭᠡᠴᠡ᠄ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ | ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︔ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶ | 4. ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠤᠨᠳᠠᠭ ᠨᠡᠭᠦᠷᠡᠰᠦᠨ ᠤ | ᠦᠨᠡᠰᠦ ᠶᠢ ᠭᠠᠳᠠᠭᠰᠢ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠨᠤᠨᠳᠠᠭ ᠨᠡᠭᠦᠷᠡᠰᠦᠨ ᠤ ᠦᠨᠡᠰᠦ᠂ ᠵᠤᠤᠬ᠎ᠠ ᠶᠢᠨ ᠰᠢᠭᠠᠷᠤ ᠵᠡᠷᠭᠡ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠲᠣᠭᠲᠠᠭᠠᠬᠤ᠂ ᠣᠷᠴᠢᠨ ᠲᠣᠭᠤᠷᠢᠨ ᠤ ᠨᠦᠯᠦᠭᠡᠯᠡᠯ ᠤᠨ | ᠦᠨᠡᠯᠡᠯᠲᠡ ᠬᠢᠬᠦ᠂ ᠭᠠᠵᠠᠷ ᠬᠡᠷᠡᠭᠯᠡᠬᠦ ᠪᠠ ᠡᠨᠧᠷᠭᠢ ᠶᠢᠨ ᠬᠤᠷᠣᠭᠳᠠᠯ ᠵᠡᠷᠭᠡ ᠶᠢ ᠬᠢᠨᠠᠨ ᠵᠥᠪᠰᠢᠶᠡᠷᠡᠬᠦ ᠦᠶᠡᠯᠡᠯ ᠤᠨ | ᠬᠤᠭᠤᠴᠠᠭ᠎ᠠ ᠶᠢ ᠪᠣᠭᠤᠨᠢᠰᠬᠠᠬᠤ ᠶᠢ ᠠᠬᠢᠭᠤᠯᠵᠤ᠂ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠤᠷᠢᠳᠠᠪᠠᠷ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ ᠮᠠᠨ ᠤ ᠬᠤᠲᠠ ᠬᠢᠭᠡᠳ ᠪᠡᠭᠡᠵᠢᠩ᠂ ᠰᠢᠶᠦ᠋ᠩ ᠠᠨ | ᠰᠢᠨ᠎ᠡ ᠲᠣᠭᠤᠷᠢᠭ ᠵᠡᠷᠭᠡ ᠪᠡᠭᠡᠵᠢᠩ ᠲᠢᠶᠠᠨᠵᠢᠨ ᠾᠧᠪᠧᠢ ᠶᠢᠨ ᠭᠤᠣᠯᠳᠠᠯᠭ᠎ᠠ ᠲᠠᠢ ᠭᠠᠵᠠᠷ ᠣᠷᠣᠨ ᠲᠠᠢ ᠣᠷᠣᠨ | ᠪᠦᠰᠡ ᠠᠯᠤᠰᠯᠠᠨ ᠬᠠᠮᠵᠢᠯᠴᠠᠨ ᠠᠰᠢᠭᠯᠠᠬᠤ ᠵᠠᠭᠪᠤᠷ ᠪᠠᠶᠢᠭᠤᠯᠬᠤ ᠶᠢ ᠠᠬᠢᠭᠤᠯᠵᠤ᠂ ᠨᠤᠨᠳᠠᠭ ᠨᠡᠭᠦᠷᠡᠰᠦᠨ ᠤ | ᠦᠨᠡᠰᠦ ᠶᠢ ᠭᠠᠳᠠᠭᠰᠢ ᠲᠡᠭᠡᠭᠡᠪᠦᠷᠢᠯᠡᠬᠦ ᠳᠤ ᠬᠤᠷᠳᠤᠨ ᠤ ᠵᠠᠮ ᠤᠨ ᠰᠦᠢᠳᠬᠡᠯ ᠢ ᠥᠯᠥ ᠲᠠᠲᠠᠪᠤᠷᠢᠯᠠᠬᠤ᠂ ᠳᠤᠲᠠᠭᠤ | ᠲᠠᠲᠠᠪᠤᠷᠢᠯᠠᠬᠤ ᠪᠣᠬᠢᠷᠲᠤᠯ ᠦᠭᠡᠢ ᠵᠠᠮ ᠬᠠᠷᠢᠯᠴᠠᠭᠠᠨ ᠤ ᠲᠤᠷᠰᠢᠯᠲᠠ ᠶᠢᠨ ᠴᠡᠭ ᠢᠳᠡᠪᠬᠢᠲᠡᠢ ᠪᠠᠷ ᠬᠠᠶᠢᠨ | ᠰᠦᠪᠡᠭᠴᠢᠯᠡᠨ᠎ᠡ᠃ ᠨᠤᠨᠳᠠᠭ ᠨᠡᠭᠦᠷᠡᠰᠦᠨ ᠤ ᠦᠨᠡᠰᠦ ᠶᠢᠨ ᠲᠤᠰᠬᠠᠢ ᠴᠤᠪᠤᠭ᠎ᠠ ᠲᠡᠷᠭᠡ ᠶᠢᠨ ︽ᠴᠡᠭ ᠠᠴᠠ ᠴᠡᠭ ᠲᠤ | ᠬᠦᠷᠬᠦ᠂ ᠲᠤᠭᠲᠠᠭᠰᠠᠨ ᠦᠨ᠎ᠡ ᠪᠠᠷ ᠠᠰᠢᠭᠯᠠᠬᠤ︾ ᠵᠠᠭᠪᠤᠷ ᠢ ᠬᠡᠷᠡᠭᠵᠢᠭᠦᠯᠬᠦ ᠶᠢ ᠬᠠᠶᠢᠨ ᠰᠦᠪᠡᠭᠴᠢᠯᠡᠵᠦ᠂ | ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠯᠤᠭ᠎ᠠ ᠨᠤᠨᠳᠠᠭ | ᠨᠡᠭᠦᠷᠡᠰᠦᠨ ᠤ ᠦᠨᠡᠰᠦ ᠶᠢ ᠫᠢᠩ ᠬᠦ᠋ ᠥᠷᠳᠡᠭᠡ᠂ ᠰᠢᠥᠢ ᠱᠦᠢ ᠥᠷᠳᠡᠭᠡ᠂ ᠬᠤᠸᠠᠩ ᠬᠤᠸᠠ ᠭᠠᠷᠠᠮ᠂ ᠲᠢᠶᠠᠨᠵᠢᠨ | ᠭᠠᠷᠠᠮ᠂ ᠶᠠᠨᠲ᠋ᠠᠢ ᠭᠠᠷᠠᠮ ᠵᠡᠷᠭᠡ ᠳᠤ ᠳᠡᠭᠡᠭᠡᠪᠦᠷᠢᠯᠡᠵᠦ ᠬᠦᠷᠬᠦ ᠲᠡᠮᠦᠷ ᠵᠠᠮ ᠤᠨ ᠬᠡᠰᠡᠭ ᠤᠨ ᠲᠡᠭᠡᠭᠡᠪᠦᠷᠢ ᠶᠢᠨ | ᠵᠠᠷᠤᠳᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ ᠥᠪᠥᠷ ᠮᠣᠩᠭᠤᠯ ᠤᠨ ᠳ᠋ᠠ | ᠲᠠᠩ ᠣᠯᠠᠨ ᠤᠯᠤᠰ ᠤᠨ ᠲᠣᠭᠲᠠᠬᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ | ᠮᠣᠩᠭᠤᠯ ᠤᠨ ᠬᠤᠷᠢᠨᠭᠡᠷ ᠤᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠲᠡᠮᠦᠷ ᠵᠠᠮ ᠤᠨ | ᠲᠡᠭᠡᠭᠡᠪᠦᠷᠢ ᠶᠢᠨ ᠨᠥᠬᠦᠴᠡᠯ ᠢ ᠪᠦᠷᠢᠯᠳᠦᠭᠦᠯᠦᠭᠰᠡᠨ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢ | ᠵᠣᠷᠢᠭᠵᠢᠭᠤᠯᠵᠤ᠂ ᠴᠠᠬᠢᠯᠭᠠᠨ ᠤ ᠦᠢᠯᠡᠳᠪᠦᠷᠢ ᠶᠢᠨ ᠦᠵᠦᠭᠦᠷ ᠤᠨ ᠲᠡᠮᠦᠷ ᠵᠠᠮ ᠤᠨ ᠪᠣᠭᠤᠳᠠᠯᠯᠠᠬᠤ᠂ ᠠᠴᠢᠶᠠᠯᠠᠵᠤ | ᠪᠠᠭᠤᠯᠭᠠᠬᠤ ᠴᠢᠳᠠᠪᠤᠷᠢ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠲᠣᠰ ᠭᠠᠵᠠᠷ ᠤᠨ ᠠᠵᠤ | ᠠᠬᠤᠶᠢᠯᠠᠯ ᠤᠨ ᠰᠢᠦᠢ ᠱᠦᠢ᠂ ᠫᠢᠩ ᠬᠥ᠋ ᠵᠡᠷᠭᠡ ᠪᠠᠷᠠᠭᠠᠨ ᠤ ᠲᠡᠭᠡᠭᠡᠪᠦᠷᠢ ᠶᠢᠨ ᠥᠷᠲᠡᠭᠡ ᠳᠤ ᠬᠦᠷᠴᠦ ᠠᠪᠳᠠᠷ᠎ᠠ | ᠵᠠᠳᠠᠯᠬᠤ᠂ ᠳᠠᠮᠵᠢᠭᠤᠯᠤᠨ ᠲᠡᠭᠡᠭᠡᠪᠦᠷᠢᠯᠡᠵᠦ ᠬᠠᠳᠠᠭᠠᠯᠠᠬᠤ ᠪᠡᠯᠡᠳᠬᠡᠮᠵᠢ ᠶᠢ ᠪᠠᠶᠢᠭᠤᠯᠵᠤ ᠢᠵᠢ ᠪᠦᠷᠢᠳᠦᠭᠦᠯᠬᠦ ᠶᠢ | ᠳᠡᠮᠵᠢᠵᠦ᠂ ︽ᠰᠢᠯᠵᠢᠭᠦᠯᠬᠦ ᠥᠪᠡᠷ ᠤᠨ ᠥᠷᠲᠡᠭ︾ ᠢ ᠪᠠᠭᠠᠰᠬᠠᠨ᠎ᠠ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ︶ | 5. ᠨᠡᠶᠢᠭᠡᠮ ᠤᠨ ᠡᠬᠢ ᠪᠠᠶᠠᠯᠢᠭ ᠢ ᠥᠷᠭᠡᠨ ᠢᠶᠠᠷ ᠬᠡᠷᠡᠭᠯᠡᠵᠦ᠂ ᠨᠤᠨᠳᠠᠭ ᠨᠡᠭᠦᠷᠡᠰᠦᠨ ᠤ ᠦᠨᠡᠰᠦ ᠶᠢ | ᠶᠡᠷᠦᠩᠬᠡᠶᠢᠯᠡᠨ ᠠᠰᠢᠭᠯᠠᠬᠤ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠤᠨᠳᠠᠭ ᠨᠡᠭᠦᠷᠡᠰᠦᠨ ᠤ ᠦᠨᠡᠰᠦ ᠶᠢ | ᠶᠡᠷᠦᠩᠬᠡᠶᠢᠯᠡᠨ ᠠᠰᠢᠭᠯᠠᠬᠤ ᠪᠠᠷ ᠭᠤᠣᠯᠳᠠᠯᠭ᠎ᠠ ᠪᠣᠯᠭᠠᠨ᠂ ᠴᠠᠬᠢᠯᠭᠠᠨ ᠤ ᠦᠢᠯᠡᠳᠪᠦᠷᠢ ᠬᠢᠭᠡᠳ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠢᠯ ᠲᠥᠷᠥᠯ ᠤᠨ ᠨᠡᠶᠢᠭᠡᠮᠯᠢᠭ᠂ | ᠬᠠᠶᠠᠭᠳᠠᠮᠠᠯ ᠪᠣᠳᠠᠰ ᠢ ᠠᠰᠢᠭᠯᠠᠬᠤ ᠠᠵᠤ ᠠᠬᠤᠶᠢᠯᠠᠯ ᠵᠡᠷᠭᠡ ᠶᠢᠨ ᠬᠠᠮᠲᠤᠷᠠᠯᠴᠠᠭ᠎ᠠ ᠶᠢ ᠲᠦᠯᠬᠢᠨ ᠠᠬᠢᠭᠤᠯᠵᠤ᠂ | ᠦᠢᠯᠡᠳᠪᠦᠷᠢᠯᠡᠬᠦ ᠵᠢᠭᠠᠬᠤ ᠰᠤᠳᠤᠯᠬᠤ ᠶᠢ ᠬᠤᠯᠪᠣᠭᠰᠠᠨ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ | ᠠᠰᠢᠭᠯᠠᠬᠤ ᠬᠤᠯᠪᠣᠭ᠎ᠠ ᠶᠢ ᠵᠣᠬᠢᠶᠠᠨ ᠪᠠᠶᠢᠭᠤᠯᠤᠨ᠂ ᠵᠠᠩᠭᠢᠯᠠᠭ᠎ᠠ ᠶᠢᠨ ᠠᠰᠢᠭᠯᠠᠬᠤ ᠰᠢᠢᠳᠪᠦᠷᠢᠯᠡᠬᠦ ᠮᠡᠷᠭᠡᠵᠢᠯ ᠤᠨ | ᠤᠷ᠎ᠠ ᠮᠡᠷᠭᠡᠰᠢᠯ᠂ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠵᠢᠴᠢ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ | ᠥᠷᠨᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠳᠤ | ᠣᠷᠣᠯᠴᠠᠵᠤ᠂ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠦᠢᠯᠡᠳᠬᠦᠨ ᠢ ᠳᠡᠯᠭᠡᠷᠡᠭᠦᠯᠦᠨ | ᠬᠡᠷᠡᠭᠯᠡᠬᠦ ᠡᠷᠴᠢᠮ ᠢ ᠴᠢᠩᠭᠠᠷᠠᠭᠤᠯᠵᠤ᠂ ᠲᠡᠭᠦᠨ ᠢ ᠬᠤᠳᠠ ᠶᠢᠨ ᠶᠠᠪᠤᠳᠠᠯ᠂ ᠴᠡᠴᠡᠷᠯᠢᠭ᠂ ᠵᠠᠮ ᠬᠠᠷᠢᠯᠴᠠᠭ᠎ᠠ | ᠲᠡᠭᠡᠭᠡᠪᠦᠷᠢ᠂ ᠤᠯᠠᠨ ᠨᠡᠶᠢᠲᠡ ᠶᠢᠨ ᠪᠠᠷᠢᠯᠭ᠎ᠠ ᠵᠡᠷᠭᠡ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠬᠡᠷᠡᠭᠯᠡᠬᠦ ᠶᠢ | ᠲᠦᠯᠬᠢᠨ ᠠᠬᠢᠭᠤᠯᠵᠤ᠂ ᠲᠡᠭᠦᠨ ᠤ ᠵᠠᠬ᠎ᠠ ᠳᠡᠯᠭᠡᠭᠦᠷ ᠲᠤ ᠡᠵᠡᠯᠡᠬᠦ ᠬᠤᠪᠢ ᠶᠢ ᠠᠭᠠᠵᠢᠮ ᠢᠶᠠᠷ ᠥᠷᠭᠡᠳᠬᠡᠨ᠎ᠡ᠃ ︵ | ᠲᠦᠷᠦᠭᠦᠯᠡᠨ ᠬᠢᠬᠦ ᠨᠢᠭᠡᠴᠡ᠄ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ︶ | ︵ᠭᠤᠷᠪᠠ︶ ᠰᠢᠰᠲ᠋ᠧᠮ ᠲᠠᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠨ᠎ᠠ | 1. ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠵᠤ ᠦᠢᠯᠡᠰ ᠤᠨ | ᠪᠦᠲᠦᠴᠡ ᠶᠢᠨ ᠲᠠᠰ ᠳᠡᠪᠰᠢᠬᠦ ᠶᠢ ᠠᠬᠢᠭᠤᠯᠤᠨ᠎ᠠ᠃ ᠣᠷᠴᠢᠨ ᠲᠣᠭᠤᠷᠢᠨ ᠤ ᠵᠥᠪᠰᠢᠶᠡᠷᠡᠯ ᠤᠨ ᠲᠠᠯ᠎ᠠ ᠪᠠᠷ ᠬᠢ ︽ | ᠭᠤᠷᠪᠠᠨ ᠱᠤᠭᠤᠮ ᠨᠢᠭᠡ ᠬᠠᠭᠤᠳᠠᠰᠤ︾ ᠶᠢᠨ ᠬᠡᠷᠡᠭᠯᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ | ᠬᠤᠪᠢᠶᠠᠨ ᠬᠠᠮᠢᠶᠠᠷᠤᠨ ᠡᠵᠡᠮᠳᠡᠬᠦ ᠶᠢᠨ ᠬᠢᠵᠠᠭᠠᠷᠯᠠᠬᠤ ᠪᠠ ᠬᠥᠲᠥᠯᠥᠨ ᠳᠠᠭᠠᠭᠤᠯᠬᠤ ᠦᠢᠯᠡᠳᠦᠯ ᠢ | ᠴᠢᠩᠭᠠᠷᠠᠭᠤᠯᠤᠨ᠎ᠠ᠃ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠪᠣᠯᠣᠨ ᠤᠳᠤ | ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠢᠶᠠᠷ ᠭᠤᠣᠯᠳᠠᠯᠭ᠎ᠠ ᠪᠣᠯᠭᠠᠨ᠂ ︽ᠡᠨᠧᠷᠭᠢ | ᠬᠢᠮᠢ ᠶᠢᠨ ᠠᠵᠤ ᠦᠢᠯᠡᠳᠪᠦᠷᠢ ᠶᠢ ᠨᠢᠭᠡ ᠴᠣᠭᠴᠠᠵᠢᠭᠤᠯᠬᠤ︾ ᠰᠡᠳᠬᠢᠴᠡ ᠪᠠᠷ ᠨᠡᠭᠦᠷᠡᠰᠦ ᠪᠠᠷ ᠬᠢᠮᠢ ᠶᠢᠨ ᠠᠵᠤ | ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠪᠣᠯᠭᠠᠭᠰᠠᠨ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠦᠭᠦᠬᠡᠢ | ᠮᠠᠲ᠋ᠧᠷᠢᠶᠠᠯ ᠶᠢ ᠲᠡᠰ ᠬᠤᠪᠢᠶᠠᠨ ᠱᠠᠲᠤ ᠬᠤᠪᠢᠶᠠᠨ ᠡᠬᠢ ᠪᠠᠶᠠᠯᠢᠭᠵᠢᠭᠤᠯᠤᠨ ᠠᠰᠢᠭᠯᠠᠬᠤ ᠵᠢᠴᠢ ᠲᠡᠭᠦᠨ ᠤ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠥᠷᠥᠯ ᠵᠦᠢᠯ ᠢ ᠤᠷᠢᠳᠴᠢᠯᠠᠨ ᠪᠠᠶᠢᠷᠢᠰᠢᠭᠤᠯᠤᠨ᠎ᠠ᠃ ᠵᠢᠦ ᠲᠠᠢ ᠶᠢᠨ | ᠨᠠᠷᠢᠯᠢᠭ ᠬᠢᠮᠢ ᠶᠢᠨ ᠪᠣᠳᠠᠰ ᠤᠨ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠶᠢ ᠨᠢᠭᠡ | ᠴᠣᠭᠴᠠᠵᠢᠭᠤᠯᠬᠤ᠂ ᠰᠢᠦᠢ ᠶᠠᠩ ᠤᠨ ᠬᠡᠦᠷᠰᠢᠭᠦᠯᠦᠨ ᠤᠰᠤᠲᠥ᠋ᠷᠥᠭᠴᠢ ᠭᠠᠷᠭᠠᠬᠤ᠂ ᠰᠠᠨ ᠯᠢᠶᠠᠨ ᠬᠢᠮᠢ ᠶᠢᠨ ᠠᠵᠤ | ᠦᠢᠯᠡᠳᠪᠦᠷᠢ ᠶᠢ ᠨᠡᠭᠦᠯᠭᠡᠨ ᠥᠭᠡᠷᠡᠴᠢᠯᠡᠬᠦ ᠵᠡᠷᠭᠡ ᠲᠦᠷᠦᠯ ᠵᠦᠢᠯ ᠳᠤ ᠲᠦᠰᠢᠭᠯᠡᠨ᠂ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠬᠦᠷᠢᠶᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠣᠶᠢᠵᠢᠭᠤᠯᠵᠤ᠂ ᠪᠤᠰᠤᠳ | ᠠᠵᠢᠯ ᠲᠥᠷᠥᠯ ᠤᠨ ᠳᠡᠭᠡᠳᠦ ᠳᠣᠣᠷᠠᠳᠤ ᠤᠷᠤᠰᠬᠠᠯ ᠯᠤᠭ᠎ᠠ ᠠᠪᠴᠠᠯᠳᠤᠬᠤ ᠶᠢ ᠴᠢᠩᠭᠠᠳᠬᠠᠵᠤ᠂ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠢ ᠳᠡᠭᠡᠳᠦ ᠲᠠᠰ ᠤᠨ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ | ᠦᠢᠯᠡᠳᠪᠦᠷᠢ ᠳᠠᠰᠢ ᠤᠷᠲᠤᠳᠬᠠᠬᠤ ᠶᠢ ᠲᠦᠯᠬᠢᠨ ᠠᠬᠢᠭᠤᠯᠵᠤ᠂ | ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ | ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠵᠢᠦ ᠲᠠᠢ ᠺᠣᠮᠫᠠᠨᠢ ᠶᠢᠨ | ᠡᠲ᠋ᠢᠯ ᠬᠤᠶᠠᠷᠴᠢ ᠠᠯᠺᠣᠣᠯ ᠤᠨ ᠢᠵᠢ ᠪᠦᠷᠢᠳᠦᠭᠦᠯᠬᠦ ᠪᠥᠭᠡᠭᠡᠨᠡᠷᠡᠯ ᠼᠤᠤ ᠶᠢᠨ ᠰᠢᠨ᠎ᠡ ᠮᠠᠲ᠋ᠧᠷᠢᠶᠠᠯ ᠪᠠ ᠪᠥᠭᠡᠭᠡᠨᠡᠷᠡᠯ | ᠮᠧᠲ᠋ᠢᠯ ᠠᠯᠳᠧᠭᠢᠳ᠋ ᠦᠢᠯᠡᠳᠬᠦ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠭᠠᠷᠭᠠᠬᠤ ᠬᠡᠮᠵᠢᠶ᠎ᠡ ᠪᠠᠷ ᠨᠡᠯᠢᠶᠡᠳ | ᠶᠡᠭᠡ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠳᠤ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠤᠮᠳᠠ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠵᠤ ᠰᠢᠢᠳᠪᠦᠷᠢᠯᠡᠬᠦ ᠠᠷᠭ᠎ᠠ ᠮᠠᠶ᠋ᠢᠭ ᠢ ᠲᠣᠳᠣᠷᠬᠠᠶᠢᠯᠠᠨ᠎ᠠ᠃ ︽ | ᠬᠤᠶᠠᠷ ᠬᠡᠲᠦᠷᠡᠭᠰᠡᠨ ᠬᠤᠶᠠᠷ ᠲᠠᠢ︾᠂ ︽ᠡᠨᠧᠷᠭᠢ ᠶᠢᠨ ᠬᠤᠷᠣᠭᠳᠠᠯ ᠶᠡᠬᠡᠲᠡᠢ︾ ᠲᠦᠷᠦᠯ ᠤᠨ ᠬᠠᠶᠠᠭᠳᠠᠮᠠᠯ | ᠪᠣᠳᠠᠰ ᠭᠠᠷᠭᠠᠬᠤ ᠭᠤᠣᠯᠳᠠᠯᠭ᠎ᠠ ᠲᠠᠢ ᠠᠵᠤ ᠠᠬᠤᠶᠢᠯᠠᠯ ᠳᠤ ᠬᠠᠤᠯᠢ ᠶᠣᠰᠣᠭᠠᠷ ᠠᠷᠢᠭᠤᠨ ᠴᠡᠪᠡᠷ | ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠬᠡᠷᠡᠭᠵᠢᠭᠦᠯᠵᠦ᠂ ᠡᠯ᠎ᠡ ᠲᠦᠷᠦᠯ ᠤᠨ ᠬᠠᠶᠠᠭᠳᠠᠮᠠᠯ ᠪᠣᠳᠠᠰ ᠢ | ᠠᠵᠤ ᠠᠬᠤᠶᠢᠯᠠᠯ ᠤᠨ ᠳᠣᠲᠣᠭᠠᠳᠤ ᠳᠤ ᠣᠷᠴᠢᠯᠳᠤᠭᠤᠯᠤᠨ ᠬᠡᠷᠡᠭᠯᠡᠬᠦ ᠪᠠ ᠶᠡᠷᠦᠩᠬᠡᠶᠢᠯᠡᠨ ᠠᠰᠢᠭᠯᠠᠬᠤ ᠶᠢ | ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 2. ᠬᠦᠷᠢᠶᠡᠯᠡᠩ ᠲᠣᠭᠤᠷᠢᠭ ᠤᠨ ᠣᠷᠴᠢᠯᠳᠤᠭᠤᠯᠬᠤ ᠥᠭᠡᠷᠡᠴᠢᠯᠡᠯᠲᠡ ᠶᠢ ᠠᠬᠢᠭᠤᠯᠵᠤ᠂ ᠪᠣᠬᠢᠷᠳᠤᠯ ᠦᠭᠡᠢ | ᠦᠶᠯᠡᠳᠬᠦ ᠰᠢᠰᠲ᠋ᠧᠮᠵᠢ ᠶᠢ ᠪᠠᠶᠢᠭᠤᠯᠤᠨ᠎ᠠ᠃ ᠲᠤᠭᠲᠠᠬᠤ ᠴᠢᠩ ᠱᠦᠢ ᠾᠧ ᠤᠨ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ᠂ ᠶᠢᠨ ᠱᠠᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠵᠡᠷᠭᠡ | ᠲᠠᠪᠤᠨ ᠶᠡᠭᠡ ᠬᠦᠷᠢᠶᠡᠯᠡᠩ ᠲᠣᠭᠤᠷᠢᠭ ᠤᠨ ᠣᠷᠴᠢᠯᠳᠤᠭᠤᠯᠬᠤ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠵᠦ᠂ | ᠬᠦᠷᠢᠶᠡᠯᠡᠩ ᠲᠣᠭᠤᠷᠢᠭ ᠤᠨ ᠳᠠᠭᠠᠯᠲᠠ ᠪᠦᠲᠦᠭᠡᠭᠳᠡᠬᠦᠨ ᠢ ᠰᠣᠯᠢᠯᠴᠠᠨ ᠠᠰᠢᠭᠯᠠᠬᠤ ᠪᠠ ᠦᠯᠡᠳᠡᠪᠦᠷᠢ ᠢᠯᠴᠢ | ᠦᠯᠡᠳᠡᠪᠦᠷᠢ ᠳᠠᠷᠤᠯᠲᠠ ᠶᠢ ᠱᠠᠲᠤᠯᠠᠨ ᠠᠰᠢᠭᠯᠠᠬᠤ᠂ ᠡᠨᠧᠷᠭᠢ ᠶᠢ ᠴᠢᠨᠠᠷ ᠬᠤᠪᠢᠶᠠᠨ ᠱᠠᠲᠤᠯᠠᠨ ᠠᠰᠢᠭᠯᠠᠬᠤ ᠵᠡᠷᠭᠡ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠠᠵᠤ | ᠠᠬᠤᠶᠢᠯᠠᠯ ᠤᠨ ᠬᠤᠭᠤᠷᠣᠨᠳᠣᠬᠢ ᠪᠠ ᠠᠵᠤ ᠠᠬᠤᠶᠢᠯᠠᠯ ᠤᠨ ᠳᠣᠲᠣᠭᠠᠳᠤ ᠶᠢᠨ ᠣᠷᠴᠢᠯ ᠠᠵᠤ ᠦᠢᠯᠡᠰ ᠤᠨ | ᠬᠡᠯᠬᠢᠶ᠎ᠡ ᠶᠢ ᠪᠠᠶᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠦᠷᠢᠶᠡᠯᠡᠩ | ᠲᠣᠭᠤᠷᠢᠭ ᠤᠨ ᠳᠣᠲᠣᠷ᠎ᠠ ᠣᠷᠴᠢᠯᠳᠤᠭᠤᠯᠬᠤ ᠪᠠ ᠥᠪᠡᠰᠦᠪᠡᠨ ᠰᠢᠩᠭᠡᠭᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ | ᠪᠡᠶᠡᠯᠡᠭᠦᠯᠦᠨ᠎ᠡ᠃ ᠪᠠᠷᠢᠯᠭ᠎ᠠ ᠶᠢᠨ ᠮᠠᠲ᠋ᠧᠷᠢᠶᠠᠯ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ | ᠪᠣᠬᠢᠷᠳᠤᠯ ᠦᠭᠡᠢ ᠪᠦᠲᠦᠭᠡᠭᠳᠡᠬᠦᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ | ᠢᠯᠴᠢ ᠶᠢᠨ ᠴᠠᠬᠢᠯᠭᠠᠨ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠡᠮ ᠡᠮᠨᠡᠯᠭᠡ ᠵᠡᠷᠭᠡ ᠠᠵᠢᠯ | ᠲᠥᠷᠥᠯ ᠳᠤ ᠭᠤᠣᠯᠳᠠᠯᠭ᠎ᠠ ᠲᠠᠢ ᠪᠠᠷ ᠪᠣᠬᠢᠷᠳᠤᠯ ᠦᠭᠡᠢ ᠦᠢᠯᠡᠳᠪᠦᠷᠢ ᠶᠢ ᠲᠥᠷᠥᠯ ᠬᠤᠪᠢᠶᠠᠨ ᠡᠭᠦᠳᠦᠨ | ᠪᠠᠶᠢᠭᠤᠯᠤᠨ᠎ᠠ᠃ ᠨᠥᠬᠦᠴᠡᠯ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ | ᠴᠠᠬᠢᠯᠭᠠᠨ ᠤ ᠣᠷᠤᠯᠠᠭᠤᠯᠤᠯᠲᠠ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠬᠤᠭᠤᠷᠣᠨᠳᠤ ᠪᠠᠨ ᠬᠠᠶᠠᠭᠳᠠᠮᠠᠯ | ᠪᠣᠳᠠᠰ ᠤᠨ ᠡᠬᠢ ᠪᠠᠶᠠᠯᠢᠭ ᠢᠶᠠᠨ ᠰᠣᠯᠢᠯᠴᠠᠨ ᠠᠰᠢᠭᠯᠠᠬᠤ ᠶᠢ ᠴᠢᠩᠭᠠᠳᠬᠠᠨ᠂ ᠦᠯᠡᠳᠡᠪᠦᠷᠢ ᠢᠯᠴᠢ ᠦᠯᠡᠳᠡᠪᠦᠷᠢ | ᠳᠠᠷᠤᠯᠲᠠ ᠬᠠᠶᠠᠭᠳᠠᠮᠠᠯ ᠢᠯᠴᠢ ᠶᠢᠨ ᠡᠬᠢ ᠪᠠᠶᠠᠯᠢᠭ ᠪᠠ ᠤᠰᠤᠨ ᠤ ᠡᠬᠢ ᠪᠠᠶᠠᠯᠢᠭ ᠢ ᠣᠷᠴᠢᠯᠳᠤᠭᠤᠯᠤᠨ | ᠠᠰᠢᠭᠯᠠᠬᠤ ᠶᠢ ᠴᠢᠩᠭᠠᠳᠬᠠᠵᠤ᠂ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠰᠠᠯᠬᠢ ᠭᠡᠷᠡᠯ ᠤᠨ | ᠴᠠᠬᠢᠯᠭᠠᠨ ᠤ ᠲᠣᠨᠤᠭ ᠲᠥᠬᠦᠭᠡᠷᠦᠮᠵᠢ ᠦᠶᠯᠡᠳᠬᠦ᠂ ᠰᠢᠨ᠎ᠡ ᠮᠠᠲ᠋ᠧᠷᠢᠶᠠᠯ ᠵᠡᠷᠭᠡ ᠠᠵᠢᠯ ᠲᠥᠷᠥᠯ ᠳᠤ ᠨᠢᠭᠡ ᠪᠦᠯᠦᠭ | ᠲᠥᠯᠥᠭᠡᠯᠡᠬᠦ ᠴᠢᠨᠠᠷ ᠢᠶᠠᠷ ᠴᠢᠩᠭ᠎ᠠ᠂ ᠠᠵᠢᠯ ᠲᠥᠷᠥᠯ ᠤᠨ ᠨᠥᠯᠥᠭᠡᠯᠡᠬᠦ ᠬᠦᠴᠦᠨ ᠢᠶᠠᠷ ᠶᠡᠭᠡ ᠪᠣᠬᠢᠷᠳᠤᠯ ᠦᠭᠡᠢ | ᠬᠠᠩᠭᠠᠯᠭ᠎ᠠ ᠶᠢᠨ ᠬᠡᠯᠬᠢᠶ᠎ᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠶᠢᠵᠢᠭᠤᠯᠤᠨ᠎ᠠ᠃ 2025 ᠣᠨ | ᠪᠣᠯᠬᠤ ᠳᠤ᠂ 45ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠣᠬᠢᠷᠳᠤᠯ ᠦᠭᠡᠢ ᠦᠢᠯᠡᠳᠪᠦᠷᠢ ᠶᠢ | ᠡᠭᠦᠳᠦᠨ ᠪᠠᠶᠢᠭᠤᠯᠵᠤ᠂ 3 ᠪᠣᠬᠢᠷᠳᠤᠯ ᠦᠭᠡᠢ ᠬᠦᠷᠢᠶᠡᠯᠡᠩ ᠲᠣᠭᠤᠷᠢᠭ ᠢ ᠪᠠᠶᠢᠭᠤᠯᠤᠨ ᠪᠦᠲᠦᠭᠡᠵᠦ᠂ 3 ᠪᠣᠬᠢᠷᠳᠤᠯ | ᠦᠭᠡᠢ ᠬᠠᠩᠭᠠᠯᠭ᠎ᠠ ᠶᠢᠨ ᠬᠡᠯᠬᠢᠶᠡᠨ ᠤ ᠠᠵᠤ ᠠᠬᠤᠶᠢᠯᠠᠯ ᠢ ᠪᠣᠶᠢᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ︶ | 3. ᠶᠡᠷᠦᠩᠬᠡᠶᠢᠯᠡᠨ ᠠᠰᠢᠭᠯᠠᠬᠤ ᠶᠢ ᠵᠣᠷᠢᠭᠵᠢᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠪᠣᠬᠢᠷᠳᠤᠯ ᠦᠭᠡᠢ ᠮᠥᠩᠭᠦᠨ | ᠭᠦᠢᠯᠭᠡᠭᠡ᠂ ᠪᠣᠬᠢᠷᠳᠤᠯ ᠦᠭᠡᠢ ᠢᠲᠡᠭᠡᠮᠵᠢᠲᠦ ᠵᠢᠭᠡᠯᠡᠯᠭᠡ ᠶᠢ ᠵᠣᠷᠢᠭᠵᠢᠭᠤᠯᠤᠨ ᠬᠥᠭᠵᠢᠭᠦᠯᠵᠦ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠳᠠᠬᠢ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ | ᠠᠵᠢᠯ ᠤᠨ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠦᠨᠡᠯᠡᠬᠦ ᠲᠣᠭᠲᠠᠴᠠ ᠶᠢ ᠪᠠᠶᠢᠭᠤᠯᠵᠤ᠂ | ᠶᠡᠷᠦᠩᠬᠡᠶᠢᠯᠡᠨ ᠠᠰᠢᠭᠯᠠᠭᠰᠠᠨ ᠢ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠱᠠᠲᠤ ᠬᠤᠪᠢᠶᠠᠨ ᠨᠥᠬᠦᠪᠦᠷᠢ | ᠥᠭᠬᠦ ᠪᠤᠶᠤ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠣᠰ ᠭᠠᠵᠠᠷ ᠣᠷᠣᠨ ᠤ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ | ᠮᠠᠲ᠋ᠧᠷᠢᠶᠠᠯ ᠦᠶᠯᠡᠳᠬᠦ ᠵᠡᠷᠭᠡ ᠠᠵᠤ ᠦᠢᠯᠡᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠲᠤ ᠠᠩᠬᠠᠷᠤᠯ ᠢᠶᠠᠨ | ᠲᠥᠪᠯᠡᠷᠡᠭᠦᠯᠦᠨ᠂ ᠰᠢᠨ᠎ᠡ ᠪᠠᠷ ᠪᠣᠶ ᠪᠣᠯᠤᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠮᠡᠷᠭᠡᠵᠢᠯ ᠤᠨ ᠰᠤᠳᠤᠯᠭᠠᠨ ᠢ ᠥᠷᠨᠢᠭᠦᠯᠵᠦ᠂ ᠬᠡᠶᠢᠵᠢᠭᠦᠯᠦᠭᠰᠡᠨ ᠰᠢᠭᠠᠷᠤ ᠵᠡᠷᠭᠡ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠠᠷᠭ᠎ᠠ ᠵᠠᠮ ᠢ ᠬᠠᠶᠢᠨ ᠰᠦᠪᠡᠭᠴᠢᠯᠡᠵᠦ᠂ ᠰᠠᠯᠬᠢᠨ ᠭᠠᠷᠭᠠᠬᠤ ᠮᠠᠰᠢᠨ ᠤ | ᠳᠡᠯᠪᠢ᠂ ᠬᠡᠷᠡᠯ ᠸᠣᠯᠲ ᠤᠨ ᠴᠠᠬᠢᠭᠤᠷ ᠬᠠᠪᠲᠠᠰᠤ ᠶᠢ ᠳᠠᠬᠢᠨ ᠠᠰᠢᠭᠯᠠᠬᠤ ᠮᠡᠷᠭᠡᠵᠢᠯ ᠤᠨ ᠰᠤᠳᠤᠯᠭᠠᠨ ᠢ | ᠲᠦᠷᠭᠡᠳᠬᠡᠨ᠎ᠡ᠃ ᠴᠠᠬᠢᠯᠠᠭᠤᠷ ᠴᠢᠯᠠᠭᠤ ᠶᠢᠨ ᠰᠢᠭᠠᠷᠤ ᠪᠠᠷ ᠴᠣᠬᠤᠢ ᠶᠢᠨ ᠴᠢᠯᠠᠭᠤ ᠶᠢ ᠣᠷᠣᠯᠠᠭᠤᠯᠤᠨ ᠬᠦᠬᠦᠷ | ᠦᠭᠡᠶᠢᠳᠡᠭᠦᠯᠦᠨ ᠠᠰᠢᠭᠯᠠᠬᠤ ᠶᠢ ᠳᠡᠯᠭᠡᠷᠡᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠳᠠᠭᠠᠯᠠᠭᠳᠠᠴᠠ ᠶᠢ | ᠪᠠᠭᠠᠰᠬᠠᠬᠤ ᠶᠢᠨ ᠬᠠᠮᠲᠤ ᠪᠠᠶᠢᠭᠠᠯᠢ ᠶᠢᠨ ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠨ᠎ᠠ᠃ ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︔ ᠬᠠᠷᠢᠭᠤᠴᠠᠯᠭᠠᠲᠤ | ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | 4. ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ | ᠪᠠᠶᠢᠷᠢᠯᠠᠭᠤᠯᠵᠤ᠂ ᠬᠠᠳᠠᠭᠠᠯᠠᠵᠤ ᠰᠢᠢᠳᠪᠦᠷᠢᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ ᠥᠪᠡᠷᠲᠡᠭᠡᠨ ᠪᠠᠶᠢᠭᠤᠯᠤᠭᠰᠠᠨ | ᠵᠢᠵᠢᠭ ᠬᠡᠯᠪᠡᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯᠠᠪᠤᠷ ᠢ ᠬᠠᠭᠠᠭᠰᠠᠨ ᠤ ᠳᠠᠷᠠᠭ᠎ᠠ᠂ | ᠵᠠᠷᠴᠢᠮ ᠳᠡᠭᠡᠷ᠎ᠡ ᠪᠠᠨ ᠠᠵᠤ ᠠᠬᠤᠶᠢᠯᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯᠠᠪᠤᠷ ᠢ | ᠲᠤᠰᠠᠭᠠᠷ ᠬᠢᠨᠠᠨ ᠵᠥᠪᠰᠢᠶᠡᠷᠡᠬᠦ ᠦᠭᠡᠢ᠂ ᠰᠢᠢᠳᠪᠦᠷᠢᠯᠡᠬᠦ ᠴᠢᠳᠠᠪᠤᠷᠢ ᠶᠢ ᠬᠦᠷᠢᠶᠡᠯᠡᠩ ᠲᠣᠭᠤᠷᠢᠭ ᠠᠴᠠ | ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠤᠨ᠎ᠠ᠃ ᠨᠤᠨᠳᠠᠭ ᠨᠡᠭᠦᠷᠡᠰᠦᠨ ᠤ ᠦᠨᠡᠰᠦ᠂ ᠬᠦᠬᠦᠷ | ᠦᠭᠡᠶᠢᠳᠡᠭᠦᠯᠦᠭᠰᠡᠨ ᠵᠤᠭᠠᠩ ᠵᠡᠷᠭᠡ ᠠᠳᠠᠯᠢ ᠪᠤᠰᠤ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠣᠷᠣᠨ ᠬᠤᠪᠢᠶᠠᠨ | ᠬᠠᠳᠠᠭᠠᠯᠠᠵᠤ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠳᠠᠷᠠᠭᠠᠴᠢ ᠪᠠᠷ ᠨᠡᠭᠡᠭᠡᠨ ᠬᠥᠭᠵᠢᠭᠦᠯᠬᠦ ᠲᠠᠬᠢᠨ ᠮᠠᠯᠲᠠᠬᠤ | ᠠᠰᠢᠭᠯᠠᠬᠤ ᠳᠤ ︽ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠬᠠᠳᠠᠭᠠᠯᠠᠬᠤ ᠪᠠ | ᠪᠤᠯᠠᠬᠤ ᠪᠣᠬᠢᠷᠳᠤᠯ ᠢ ᠬᠢᠵᠠᠭᠠᠷᠯᠠᠬᠤ ᠪᠠᠷᠢᠮᠵᠢᠶ᠎ᠠ︾ ︵GB18599—2020︶ ᠶᠢᠨ ᠬᠠᠮᠢᠶ᠎ᠠ ᠪᠦᠬᠦᠢ | ᠱᠠᠭᠠᠷᠳᠠᠯᠭ᠎ᠠ ᠶᠣᠰᠣᠭᠠᠷ ᠲᠠᠬᠢᠨ ᠮᠠᠯᠲᠠᠬᠤ ᠪᠠ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠢ ᠦᠨᠡᠯᠡᠬᠦ | ᠲᠥᠰᠥᠯ ᠢ ᠨᠠᠶᠢᠷᠠᠭᠤᠯᠤᠨ ᠵᠣᠬᠢᠶᠠᠬᠤ ᠬᠡᠷᠡᠭᠲᠡᠢ᠃ ᠬᠥᠩᠭᠡᠨᠴᠠᠭᠠᠨ ᠶᠡᠬᠡᠲᠡᠢ ᠨᠤᠨᠳᠠᠭ ᠨᠡᠭᠦᠷᠡᠰᠦᠨ ᠤ ᠦᠨᠡᠰᠦ ᠶᠢ | ᠲᠤᠰᠠᠭᠠᠷ ᠨᠢ ᠣᠷᠣᠨ ᠬᠤᠪᠢᠶᠠᠨ ᠬᠠᠳᠠᠭᠠᠯᠠᠵᠤ᠂ ᠮᠠᠨ ᠤ ᠤᠯᠤᠰ ᠤᠨ ᠬᠥᠩᠭᠡᠨᠴᠠᠭᠠᠨ ᠤ ᠡᠬᠢ ᠪᠠᠶᠠᠯᠢᠭ ᠤᠨ | ᠠᠶᠤᠯᠭᠦᠢ ᠶᠢᠨ ᠵᠠᠭᠠᠭ ᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ︽ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠬᠠᠳᠠᠭᠠᠯᠠᠬᠤ ᠪᠠ ᠪᠤᠯᠠᠬᠤ ᠪᠣᠬᠢᠷᠳᠤᠯ ᠢ ᠬᠢᠵᠠᠭᠠᠷᠯᠠᠬᠤ ᠪᠠᠷᠢᠮᠵᠢᠶ᠎ᠠ︾ ᠲᠠᠢ ᠬᠠᠷᠢᠴᠠᠭᠤᠯᠤᠨ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢᠨ ᠲᠦᠭᠰᠢᠭᠦᠷᠢ ᠶᠢ | ᠦᠨᠡᠯᠡᠨ ᠵᠢᠱᠢᠵᠦ᠂ ᠬᠠᠳᠠᠭᠠᠯᠠᠵᠤ ᠰᠢᠢᠳᠪᠦᠷᠢᠯᠡᠬᠦ ᠪᠡᠯᠡᠳᠬᠡᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ︶ | 5. ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠣᠷᠴᠢᠨ | ᠲᠣᠭᠤᠷᠢᠨ ᠤ ᠠᠰᠠᠭᠤᠳᠠᠯ ᠢ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠠᠭᠤᠷᠬᠠᠢ ᠶᠢᠨ ᠣᠷᠣᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠪᠠᠶᠢᠴᠠᠭᠠᠯᠲᠠ ᠵᠡᠷᠭᠡ ᠬᠠᠮᠢᠶ᠎ᠠ ᠪᠦᠬᠦᠢ ᠠᠵᠢᠯ ᠲᠠᠢ ᠤᠶᠠᠯᠳᠤᠭᠤᠯᠤᠨ᠂ ᠳᠠᠭᠠᠭᠤᠯᠢ ᠣᠳᠣᠨ ᠤ ᠠᠯᠤᠰ ᠰᠡᠷᠡᠯ ᠤᠨ | ᠲᠤᠬᠠᠢ ᠶᠢᠨ ᠲᠠᠯᠠᠪᠤᠷ ᠤᠨ ᠪᠤᠰᠤ ᠵᠢᠭᠰᠠᠭᠠᠨ ᠪᠠᠶᠢᠴᠠᠭᠠᠬᠤ ᠠᠷᠭ᠎ᠠ ᠪᠠᠷᠢᠯ ᠢ ᠭᠦᠢᠴᠡᠳ ᠠᠰᠢᠭᠯᠠᠨ᠂ ᠲᠡᠦᠬᠡᠨ ᠠᠴᠠ | ᠦᠯᠡᠳᠡᠭᠳᠡᠵᠦ ᠢᠷᠡᠭᠰᠡᠨ ᠣᠷᠴᠢᠨ ᠲᠣᠭᠤᠷᠢᠨ ᠤ ᠠᠰᠠᠭᠤᠳᠠᠯ ᠢ ᠲᠦᠷᠭᠡᠨ ᠣᠶᠢᠯᠠᠭᠠᠨ᠎ᠠ᠃ ᠲᠡᠦᠬᠡ ᠠᠴᠠ | ᠦᠯᠡᠳᠡᠭᠳᠡᠵᠦ ᠢᠷᠡᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠥᠷᠥᠯ ᠵᠦᠢᠯ᠂ ᠬᠠᠳᠠᠭᠠᠯᠠᠬᠤ ᠠᠷᠭ᠎ᠠ ᠮᠠᠶ᠋ᠢᠭ | ᠂ ᠣᠷᠴᠢᠨ ᠲᠣᠭᠤᠷᠢᠨ ᠤ ᠣᠳᠣᠬᠢ ᠪᠠᠶᠢᠳᠠᠯ᠂ ᠬᠠᠷᠢᠭᠤᠴᠠᠯᠭ᠎ᠠ ᠶᠢᠨ ᠭᠤᠣᠯ ᠴᠣᠭᠴᠠ᠂ ᠡᠷᠬᠢᠨ ᠲᠣᠭᠤᠷᠢᠨ ᠤ | ᠣᠷᠴᠢᠨ ᠲᠣᠭᠤᠷᠢᠨ ᠤ ᠰᠡᠷᠭᠡᠭ ᠤᠨ ᠬᠡᠮᠵᠢᠶ᠎ᠡ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ | ᠲᠡᠦᠬᠡᠨ ᠠᠴᠠ ᠦᠯᠡᠳᠡᠭᠳᠡᠵᠦ ᠢᠷᠡᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠬᠢᠭᠡᠳ ᠲᠡᠦᠬᠡᠨ ᠠᠴᠠ | ᠦᠯᠡᠳᠡᠭᠳᠡᠵᠦ ᠢᠷᠡᠭᠰᠡᠨ ᠠᠭᠤᠷᠬᠠᠢ ︵ᠡᠯᠡᠰᠦ︶ ᠶᠢᠨ ᠨᠦᠬᠡ ᠶᠢ ᠲᠠᠰ ᠲᠥᠷᠥᠯ ᠬᠤᠪᠢᠶᠠᠨ ᠴᠡᠭᠴᠡᠯᠡᠨ | ᠰᠠᠶᠢᠵᠢᠷᠠᠭᠤᠯᠬᠤ ᠨᠠᠷᠢᠨ ᠬᠠᠭᠤᠳᠠᠰᠤ ᠶᠢ ᠪᠠᠶᠢᠭᠤᠯᠤᠨ᠎ᠠ᠃ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠴᠤ᠂ | ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠪᠠᠷ ᠵᠠᠷᠴᠢᠮ ᠪᠣᠯᠭᠠᠨ᠂ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠤᠨ ᠲᠣᠭᠲᠠᠭᠠᠵᠤ᠂ ︽ᠨᠢᠭᠡ ᠲᠠᠯᠠᠪᠤᠷ ᠲᠤ ᠨᠢᠭᠡ | ᠪᠣᠳᠣᠯᠭ᠎ᠠ︾ ᠶᠢᠨ ᠵᠠᠰᠠᠯᠲᠠ ᠶᠢ ᠬᠡᠷᠡᠭᠵᠢᠭᠦᠯᠦᠨ᠎ᠡ᠃ ᠦᠴᠦᠸᠠᠨ ᠰᠢᠶᠠᠨ᠂ ᠰᠢᠨ᠎ᠡ ᠬᠤᠳᠠ ᠲᠣᠭᠤᠷᠢᠭ ᠵᠡᠷᠭᠡ ᠶᠢᠨ | ᠲᠠᠯᠠᠨ ᠬᠠᠷ᠎ᠠ ᠠᠭᠤᠯᠠ ᠶᠢᠨ ᠬᠠᠮᠠᠭᠠᠯᠠᠯᠲᠠ ᠶᠢᠨ ᠣᠷᠣᠨ ᠳᠤ ᠪᠠᠶᠢᠭ᠎ᠠ ᠲᠡᠦᠬᠡᠨ ᠠᠴᠠ ᠦᠯᠡᠳᠡᠭᠳᠡᠵᠦ ᠢᠷᠡᠭᠰᠡᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠶᠢᠷ᠎ᠠ ᠬᠠᠪᠢ ᠳᠠᠭᠠᠨ ᠠᠰᠢᠭᠯᠠᠨ᠂ ᠭᠤᠣᠯᠯᠠᠬᠤ ᠮᠠᠲ᠋ᠧᠷᠢᠶᠠᠯ ᠪᠠ ᠵᠠᠮ ᠤᠨ | ᠰᠠᠭᠤᠷᠢ ᠮᠠᠲ᠋ᠧᠷᠢᠶᠠᠯ ᠦᠢᠯᠡᠳᠴᠦ ᠮᠤᠵᠢ ᠶᠢᠨ ᠵᠠᠮ ᠢ ᠥᠷᠭᠡᠳᠬᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠪᠠᠷᠢᠯᠭ᠎ᠠ | ᠳᠤ ᠬᠡᠷᠡᠭᠯᠡᠬᠦ ᠶᠢ ᠲᠡᠮᠵᠢᠨ᠎ᠠ᠃ ᠬᠦᠳᠡᠷ ᠤᠨ ᠰᠢᠭᠠᠷᠤ᠂ ᠨᠤᠨᠳᠠᠭ ᠨᠡᠭᠦᠷᠡᠰᠦᠨ ᠤ ᠦᠨᠡᠰᠦ᠂ ᠵᠤᠤᠬᠠᠨ ᠤ | ᠰᠢᠭᠠᠷᠤ ᠶᠢᠨ ᠬᠦᠬᠦᠷ ᠦᠭᠡᠶᠢᠳᠡᠭᠦᠯᠦᠭᠰᠡᠨ ᠵᠤᠭᠠᠩ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢᠶᠠᠷ ᠪᠤᠯᠠᠬᠤ | ᠳᠠᠶᠢᠯᠠᠨ ᠲᠡᠭᠰᠢᠯᠡᠬᠦ ᠶᠢ ᠲᠦᠯᠬᠢᠨ ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ︵ᠡᠯᠡᠰᠦ︶ | ᠶᠢᠨ ᠨᠦᠬᠡ ᠶᠢᠨ ᠠᠮᠢ ᠠᠬᠤᠢ ᠶᠢ ᠰᠡᠯᠪᠢᠨ ᠰᠡᠷᠭᠦᠭᠡᠬᠦ ᠠᠵᠢᠯ ᠢ ᠥᠷᠨᠢᠭᠦᠯᠦᠨ᠎ᠡ᠃ ᠳ᠋ᠦᠩ ᠭᠧᠦ ᠮᠧᠨ | ᠲᠣᠰᠬᠤᠨ ᠤ ᠡᠵᠡᠨ ᠦᠭᠡᠢ ᠬᠦᠳᠡᠷ ᠤᠨ ᠰᠢᠭᠠᠷᠤ ᠶᠢᠨ ᠬᠥᠮᠥᠷᠭᠡ ᠶᠢᠨ ︽ᠬᠠᠶᠠᠭᠳᠠᠮᠠᠯ ᠪᠣᠳᠠᠰ ᠢ ᠴᠡᠪᠡᠷᠯᠡᠵᠦ | ᠳᠠᠩᠰᠠᠨ ᠠᠴᠠ ᠭᠠᠷᠭᠠᠬᠤ︾ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ | ᠥᠷᠨᠢᠭᠦᠯᠵᠦ᠂ ᠰᠢᠨ᠎ᠡ ᠬᠤᠲᠠ ᠲᠣᠭᠤᠷᠢᠭ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ ᠢ ᠰᠣᠩᠭᠤᠵᠤ | ᠲᠡᠦᠬᠡ ᠠᠴᠠ ᠦᠯᠡᠳᠡᠭᠳᠡᠵᠦ ᠢᠷᠡᠭᠰᠡᠨ ᠠᠭᠤᠷᠬᠠᠢ ︵ᠡᠯᠡᠰᠦ︶ ᠶᠢᠨ ᠨᠦᠬᠡ ᠶᠢ ᠵᠠᠰᠠᠵᠤ ᠰᠡᠷᠭᠦᠭᠡᠭᠰᠡᠨ ᠨᠡᠶᠢᠲᠡᠯᠢᠭ | ᠵᠢᠱᠢᠶ᠎ᠡ ᠦᠵᠡᠭᠦᠯᠬᠦ ᠲᠥᠷᠥᠯ ᠵᠦᠢᠯ ᠢ ᠪᠦᠲᠦᠭᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠦᠴᠦᠸᠠᠨ ᠰᠢᠶᠠᠨ᠂ ᠰᠢᠨ᠎ᠡ | ᠬᠤᠲᠠ ᠲᠣᠭᠤᠷᠢᠭ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ︶ | ︵ᠳᠥᠷᠪᠡ︶ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯᠲᠤ ᠰᠦ ᠶᠢᠨ ᠦᠢᠯᠡᠰ ᠢ ᠬᠥᠭᠵᠢᠭᠦᠯᠵᠦ᠂ | ᠲᠠᠷᠢᠶᠠᠯᠠᠩ ᠬᠥᠳᠡᠭᠡ ᠲᠣᠰᠬᠤᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠶᠢ ᠲᠦᠯᠬᠢᠨ | ᠠᠬᠢᠭᠤᠯᠤᠨ᠎ᠠ | 1. ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠡᠵᠢᠭᠡᠨ ᠦᠷᠡᠵᠢᠭᠦᠯᠬᠦ ᠦᠢᠯᠡᠰ ᠤᠨ | ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠳᠤᠯ | ᠦᠭᠡᠢ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠮᠠᠯ ᠠᠵᠤ ᠠᠬᠤᠢ ᠶᠢᠨ ᠣᠷᠣᠨ ᠪᠦᠰᠡ ᠶᠢᠨ ᠪᠠᠶᠢᠷᠢᠰᠢᠯ ᠢ | ᠰᠢᠯᠢᠳᠡᠭᠵᠢᠭᠦᠯᠦᠨ ᠲᠣᠬᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢ ᠤᠶᠠᠯᠳᠤᠭᠤᠯᠤᠭᠰᠠᠨ᠂ ᠳᠠᠷᠢᠵᠤ | ᠲᠡᠵᠢᠭᠡᠬᠦ ᠶᠢ ᠣᠷᠴᠢᠯᠳᠤᠭᠤᠯᠤᠭᠰᠠᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠤᠨ᠎ᠠ᠃ ᠬᠤᠷᠢᠨᠭᠡᠷ ᠰᠢᠶᠠᠨ᠂ | ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ ᠪᠣᠯᠣᠨ ᠰᠠᠶᠢᠬᠠᠨ ᠲᠣᠭᠤᠷᠢᠭ ᠵᠡᠷᠭᠡ ᠳᠤᠮᠳᠠ ᠬᠡᠰᠡᠭ ᠤᠨ ᠭᠠᠵᠠᠷ | ᠣᠷᠣᠨ ᠳᠤ ᠪᠠᠷᠢᠮᠵᠢᠶᠠᠵᠢᠭᠰᠠᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠥᠷᠨᠢᠭᠦᠯᠦᠨ᠂ ᠨᠣᠭᠤᠭᠠᠨ ᠳᠠᠷᠤᠰᠢ ᠶᠢᠨ ᠡᠷᠳᠡᠨᠢ ᠰᠢᠰᠢ᠂ ᠴᠠᠷᠭᠠᠰᠤ ᠵᠡᠷᠭᠡ | ᠴᠢᠨᠠᠷ ᠰᠠᠶᠢᠲᠠᠢ ᠲᠡᠵᠢᠭᠡᠯ ᠡᠪᠡᠰᠦ ᠲᠠᠷᠢᠬᠤ ᠰᠠᠭᠤᠷᠢᠨ ᠭᠠᠵᠠᠷ ᠢ ᠢᠵᠢ ᠪᠦᠷᠢᠳᠦᠭᠦᠯᠵᠦ᠂ ᠲᠠᠷᠢᠵᠤ ᠲᠡᠵᠢᠭᠡᠬᠦ ᠶᠢ | ᠣᠷᠴᠢᠯᠳᠤᠭᠤᠯᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ︔ ᠦᠴᠦᠸᠠᠨ ᠰᠢᠶᠠᠨ ᠳᠤ ᠨᠣᠬᠠᠢ ᠶᠢᠨ ᠬᠤᠰᠢᠭᠤ | ᠵᠡᠷᠭᠡ ᠡᠪᠡᠰᠦ ᠪᠣᠷᠳᠤᠭ᠎ᠠ ᠳᠠᠷᠢᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ | ᠂ ᠤᠮᠠᠷᠠᠲᠤ ᠬᠡᠰᠡᠭ ᠤᠨ ᠳᠠᠷᠢᠵᠤ ᠲᠡᠵᠢᠭᠡᠬᠦ ᠨᠥᠬᠦᠪᠦᠷᠢ ᠶᠢᠨ ᠣᠷᠣᠨ ᠢ ᠪᠠᠶᠢᠭᠤᠯᠤᠨ᠎ᠠ︔ ᠴᠢᠩ ᠱᠦᠢ ᠾᠧ ᠰᠢᠶᠠᠨ | ᠂ ᠬᠤᠷᠢᠨᠭᠡᠷ ᠰᠢᠶᠠᠨ ᠤ ᠬᠤᠶᠢᠲᠤ ᠬᠡᠰᠡᠭ ᠵᠡᠷᠭᠡ ᠠᠭᠤᠯᠠᠷᠬᠠᠭ ᠣᠷᠣᠨ ᠳᠤ ᠰᠠᠭᠠᠯᠢ ᠶᠢᠨ ᠢᠮᠠᠭ᠎ᠠ ᠲᠡᠵᠢᠭᠡᠨ | ᠦᠷᠡᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠨᠴᠠᠯᠢᠭᠲᠤ ᠲᠡᠵᠢᠭᠡᠨ ᠦᠷᠡᠵᠢᠭᠦᠯᠬᠦ ᠲᠣᠭᠤᠷᠢᠭ ᠢ | ᠪᠠᠶᠢᠭᠤᠯᠤᠨ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠲᠠᠰ ᠳᠡᠪᠰᠢᠭᠦᠯᠬᠦ ᠪᠦᠲᠦᠭᠡᠨ | ᠪᠠᠶᠢᠭᠤᠯᠤᠯᠲᠠ ᠳᠤ ᠲᠤᠰᠠᠯᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠷᠢᠨᠭᠡᠷ ᠰᠢᠶᠠᠨ᠂ ᠲᠦᠮᠡᠳ ᠵᠡᠭᠦᠨ ᠬᠤᠰᠢᠭᠤ᠂ | ᠲᠣᠭᠲᠠᠬᠤ ᠰᠢᠶᠠᠨ᠂ ᠰᠠᠶᠢᠬᠠᠨ ᠲᠣᠭᠤᠷᠢᠭ᠂ ᠦᠴᠦᠸᠠᠨ ᠰᠢᠶᠠᠨ᠂ ᠴᠢᠩ ᠱᠦᠢ ᠾᠧ ᠰᠢᠶᠠᠨ ᠤ ᠠᠷᠠᠳ ᠤᠨ | ᠵᠠᠰᠠᠭ ᠤᠨ ᠣᠷᠳᠣᠨ︶ | 2. ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠵᠤ᠂ ᠲᠡᠵᠢᠭᠡᠨ | ᠦᠷᠡᠵᠢᠭᠦᠯᠬᠦ ᠦᠢᠯᠡᠰ ᠤᠨ ᠳᠣᠣᠷ᠎ᠠ ᠨᠡᠭᠦᠷᠡᠰᠦᠳᠦ᠋ᠷᠦᠭᠴᠢᠲᠦ ᠬᠥᠭᠵᠢᠯᠲᠡ ᠶᠢ ᠠᠬᠢᠭᠤᠯᠤᠨ᠎ᠠ᠃ ᠲᠡᠵᠢᠭᠡᠯ | ᠪᠣᠷᠳᠣᠭᠠᠨ ᠤ ᠨᠡᠮᠡᠯᠲᠡ ᠡᠳ᠋ ᠪᠠ ᠣᠨᠣᠪᠴᠢᠲᠠᠢ ᠲᠡᠵᠢᠭᠡᠬᠦ ᠨᠠᠶᠢᠷᠠᠯᠭ᠎ᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ ᠶᠢᠨ | ᠬᠠᠮᠲᠤ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠭᠤᠭᠴᠣᠭᠠᠨ ᠳᠤ ᠨᠡᠭᠦᠷᠡᠰᠦᠲᠥ᠋ᠷᠥᠭᠴᠢ ᠶᠢ ᠳᠣᠣᠷ᠎ᠠ ᠪᠣᠯᠭᠠᠵᠤ | ᠭᠠᠳᠠᠭᠰᠢᠯᠠᠭᠤᠯᠬᠤ ᠶᠢ ᠪᠠᠭᠠᠰᠬᠠᠨ᠎ᠠ᠃ ᠮᠠᠯᠵᠢᠯ ᠤᠨ ᠲᠠᠯᠠᠪᠠᠶ ᠶᠢᠨ ᠴᠡᠪᠡᠷ ᠡᠨᠧᠷᠭᠢ ᠶᠢᠨ ᠠᠰᠢᠭᠯᠠᠯᠲᠠ ᠶᠢ | ᠠᠬᠢᠭᠤᠯᠵᠤ᠂ ᠨᠥᠬᠦᠴᠡᠯ ᠲᠠᠢ ᠮᠠᠯᠵᠢᠯ ᠤᠨ ᠲᠠᠯᠠᠪᠠᠢ ᠨᠠᠮᠤᠭ ᠤᠨ ᠬᠡᠢ ᠶᠢᠨ ᠪᠠᠷᠢᠯᠭ᠎ᠠ ᠪᠠᠶᠢᠭᠤᠯᠬᠤ ᠶᠢ ᠳᠡᠮᠵᠢᠨ᠎ᠡ᠃ | ᠡᠰᠢ ᠰᠦᠷᠡᠯ ᠵᠡᠷᠭᠡ ᠠᠮᠢᠳᠤ ᠪᠣᠳᠠᠰ ᠤᠨ ᠴᠢᠨᠠᠷᠲᠠᠢ ᠴᠡᠪᠡᠷ ᠲᠦᠯᠡᠰᠢ ᠶᠢ ᠳᠡᠯᠭᠡᠷᠡᠭᠦᠯᠵᠦ᠂ ︽ᠠᠮᠢᠳᠤ ᠪᠣᠳᠠᠰ ᠤᠨ | ᠴᠢᠨᠠᠷᠲᠠᠢ ᠲᠦᠯᠡᠰᠢ + ᠠᠮᠢᠳᠤ ᠪᠣᠳᠠᠰ ᠤᠨ ᠴᠢᠨᠠᠷᠲᠠᠢ ᠲᠦᠯᠡᠰᠢᠰᠢᠲᠠᠭᠠᠬᠤ ᠭᠦᠸᠧᠯᠦ︾ ᠶᠢ ᠲᠡᠵᠢᠭᠡᠨ | ᠦᠷᠡᠵᠢᠭᠦᠯᠬᠦ ᠬᠦᠷᠢᠶᠡᠨ ᠳᠤ ᠳᠡᠯᠭᠡᠷᠡᠭᠦᠯᠦᠨ ᠠᠰᠢᠭᠯᠠᠵᠤ᠂ ︽ᠴᠢᠨᠠᠷ ᠮᠠᠭᠤ ᠨᠡᠭᠦᠷᠡᠰᠦ + ᠨᠡᠭᠦᠷᠡᠰᠦ ᠰᠢᠲᠠᠭᠠᠬᠤ | ᠭᠦᠸᠧᠯᠦ︾ ᠶᠢ ᠣᠷᠣᠯᠠᠭᠤᠯᠤᠨ᠎ᠠ᠃ ᠪᠡᠯᠴᠢᠭᠡᠷ ᠤᠨ ᠬᠡᠷᠡᠯ ᠴᠡᠨᠡᠭ ᠤᠨ ᠡᠨᠧᠷᠭᠢ ᠶᠢᠨ ᠠᠰᠢᠭᠯᠠᠯᠲᠠ ᠶᠢ ᠠᠬᠢᠭᠤᠯᠵᠤ᠂ | ᠬᠢᠮᠢ ᠴᠢᠯᠠᠭᠤᠨ ᠲᠣᠰᠣᠨ ᠤ ᠡᠨᠧᠷᠭᠢ ᠶᠢᠨ ᠠᠰᠢᠭᠯᠠᠯᠲᠠ ᠶᠢ ᠪᠠᠭᠠᠰᠬᠠᠨ᠎ᠠ᠃ ᠬᠤᠣᠷ ᠦᠭᠡᠶᠢᠳᠡᠭᠦᠯᠦᠨ | ᠰᠢᠢᠳᠪᠦᠷᠢᠯᠡᠬᠦ ᠠᠵᠤ ᠠᠬᠤᠶᠢᠯᠠᠯ ᠢ ᠣᠷᠣᠭᠤᠯᠵᠤ ᠢᠷᠡᠬᠦ ᠶᠢ ᠲᠦᠷᠭᠡᠳᠬᠡᠵᠦ᠂ ᠮᠠᠯ ᠵᠢᠭᠦᠷᠲᠡᠨ ᠤ ᠢᠯᠭᠠᠳᠠᠰᠤ ᠶᠢ | ᠨᠡᠭᠦᠷᠡᠰᠦᠲᠥ᠋ᠷᠥᠭᠴᠢ ᠪᠠᠭ᠎ᠠ ᠡᠬᠢ ᠪᠠᠶᠠᠯᠢᠭᠵᠢᠭᠤᠯᠤᠨᠠᠰᠢᠭᠯᠠᠬᠤ ᠶᠢ ᠬᠠᠶᠢᠨ ᠰᠦᠪᠡᠭᠴᠢᠯᠡᠨ᠂ ᠣᠷᠭᠠᠨᠢᠭ ᠪᠣᠷᠳᠣᠭᠤᠷ | ᠡᠳ᠋ᠰᠢᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠬᠠᠲᠠᠭᠤ ᠪᠡᠶᠡᠲᠦ ᠪᠣᠷᠳᠣᠭᠤᠷ ᠪᠠ ᠰᠢᠩᠭᠡᠨ ᠪᠡᠶᠡᠲᠦ | ᠪᠣᠷᠳᠣᠭᠤᠷ ᠢ ᠦᠢᠯᠡᠳᠪᠦᠷᠢᠯᠡᠵᠦ᠂ ᠲᠡᠭᠡᠭᠡᠪᠦᠷᠢ ᠶᠢᠨ ᠥᠪᠡᠷ ᠤᠨ ᠥᠷᠲᠡᠭ ᠬᠢᠭᠡᠳ ᠡᠬᠢ ᠪᠠᠶᠠᠯᠢᠭ ᠢ ᠪᠦᠷᠢᠯᠭᠡᠬᠦ ᠶᠢ | ᠪᠠᠭᠠᠰᠬᠠᠨ᠎ᠠ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 3. ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ | ᠲᠠᠷᠢᠶᠠᠯᠠᠭ᠎ᠠ ᠪᠠᠷ ᠲᠡᠵᠢᠭᠡᠬᠦ ᠶᠢ ᠠᠬᠢᠭᠤᠯᠤᠨ᠎ᠠ᠃ ᠡᠰᠢ ᠰᠦᠷᠡᠯ ᠢ ᠬᠤᠷᠢᠶᠠᠨ ᠵᠥᠭᠡᠭᠡᠪᠦᠷᠢᠯᠡᠬᠦ ᠰᠢᠰᠲ᠋ᠧᠮᠵᠢ ᠶᠢ | ᠲᠡᠭᠦᠯᠳᠡᠷᠵᠢᠭᠦᠯᠵᠦ᠂ ᠡᠰᠢ ᠰᠦᠷᠡᠯ ᠢ ᠬᠤᠷᠢᠶᠠᠨ ᠴᠤᠭᠯᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠰᠢ | ᠰᠦᠷᠡᠯ ᠢ ᠥᠨᠳᠥᠷ ᠥᠷᠲᠡᠭ ᠲᠠᠢ ᠪᠣᠯᠭᠠᠨ᠂ ᠬᠡᠪᠴᠢᠶᠡᠵᠢᠭᠦᠯᠦᠨ ᠠᠰᠢᠭᠯᠠᠬᠤ ᠵᠢᠱᠢᠶ᠎ᠡ ᠦᠵᠡᠭᠦᠯᠬᠦ ᠶᠢ ᠲᠦᠷᠭᠡᠳᠬᠡᠨ | ᠠᠬᠢᠭᠤᠯᠵᠤ᠂ ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠬᠤ ᠶᠢ ᠶᠡᠬᠡᠪᠡᠷ ᠳᠡᠯᠭᠡᠷᠡᠭᠦᠯᠦᠨ᠂ ᠡᠰᠢ ᠰᠦᠷᠡᠯ ᠢ | ᠨᠣᠭᠤᠭᠠᠨ ᠢᠶᠠᠷ ᠳᠠᠷᠤᠰᠢᠭᠤᠯᠬᠤ᠂ ᠰᠢᠪᠲᠤᠷᠵᠢᠭᠤᠯᠬᠤ᠂ ᠢᠰᠬᠡᠵᠦ ᠳᠠᠷᠤᠰᠢᠭᠤᠯᠬᠤ᠂ ᠬᠡᠰᠡᠭᠯᠡᠵᠦ ᠪᠣᠭᠤᠳᠠᠯᠯᠠᠬᠤ᠂ | ᠰᠢᠷᠬᠡᠭᠯᠡᠬᠦ ᠵᠡᠷᠭᠡ ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ ᠮᠡᠷᠭᠡᠵᠢᠯ ᠢ ᠭᠤᠣᠯᠳᠠᠯᠭ᠎ᠠ ᠲᠠᠢ | ᠠᠬᠢᠭᠤᠯᠤᠨ᠎ᠠ᠃ ᠲᠡᠵᠢᠭᠡᠯ ᠡᠪᠡᠰᠦ ᠪᠣᠷᠳᠣᠭᠠᠨ ᠤ ᠠᠵᠤ ᠠᠬᠤᠶᠢᠯᠠᠯ᠂ ᠬᠡᠪᠴᠢᠶᠡᠵᠢᠯ ᠲᠠᠢ ᠲᠡᠵᠢᠭᠡᠨ ᠦᠷᠡᠵᠢᠭᠦᠯᠬᠦ | ᠲᠠᠯᠠᠪᠠᠶ ᠶᠢᠨ ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ ᠵᠣᠬᠢᠶᠠᠨ ᠪᠠᠶᠢᠭᠤᠯᠤᠯᠲᠠ ᠲᠠᠢ | ᠵᠠᠬᠢᠶᠠᠯᠠᠭ᠎ᠠ ᠪᠠᠷ ᠬᠤᠳᠠᠯᠳᠤᠨ ᠠᠪᠬᠤ ᠵᠡᠷᠭᠡ ᠪᠠᠶᠢᠩᠭᠤ ᠶᠢᠨ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ | ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 4. ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ | ᠳᠡᠭᠡᠭᠰᠢᠯᠡᠭᠦᠯᠵᠦ᠂ ᠲᠡᠵᠢᠭᠡᠬᠦ ᠪᠠᠷ ᠲᠠᠷᠢᠶᠠᠯᠠᠭ᠎ᠠ ᠶᠢ ᠠᠬᠢᠭᠤᠯᠤᠨ᠎ᠠ᠃ ᠲᠡᠵᠢᠭᠡᠨ ᠦᠷᠡᠵᠢᠭᠦᠯᠬᠦ ᠲᠠᠯᠠᠪᠠᠶ ᠶᠢᠨ ᠮᠠᠯ | ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠳᠤ ᠲᠣᠬᠢᠷᠠᠬᠤ ᠵᠠᠭᠪᠤᠷ ᠢ ᠶᠡᠬᠡᠪᠡᠷ | ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠪᠥᠬᠦ ᠬᠤᠲᠠ ᠶᠢᠨ ᠬᠡᠪᠴᠢᠶᠡᠵᠢᠭᠰᠡᠨ | ᠰᠠᠭᠠᠯᠢ ᠶᠢᠨ ᠦᠨᠢᠶ᠎ᠡ ᠪᠠ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠡᠵᠢᠭᠡᠨ ᠦᠷᠡᠵᠢᠭᠦᠯᠬᠦ | ᠪᠡᠯᠡᠳᠬᠡᠮᠵᠢ ᠲᠥᠬᠦᠭᠡᠷᠦᠮᠵᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠦᠨ ᠥᠭᠡᠷᠡᠴᠢᠯᠡᠵᠦ᠂ ︽ᠨᠢᠭᠡ ᠲᠠᠯᠠᠪᠠᠢ ᠳᠤ | ᠨᠢᠭᠡ ᠠᠷᠭ᠎ᠠ ᠪᠣᠳᠣᠯᠭ᠎ᠠ︾ ᠶᠢᠨ ᠵᠠᠷᠴᠢᠮ ᠶᠣᠰᠣᠭᠠᠷ᠂ ᠲᠣᠮᠣ ᠬᠡᠯᠪᠡᠷᠢ ᠶᠢᠨ ᠬᠡᠪᠴᠢᠶᠡᠵᠢᠭᠰᠡᠨ ᠰᠠᠭᠠᠯᠢ ᠶᠢᠨ | ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠦᠴᠢᠯᠲᠥ᠋ᠷᠥᠭᠴᠢ ᠵᠢᠭᠰᠢᠬᠦ᠂ ᠬᠦᠴᠢᠯᠲᠥ᠋ᠷᠥᠭᠴᠢ ᠳᠤᠷᠠᠰᠢᠶᠠᠬᠤ | ᠢᠰᠬᠡᠬᠦ ᠪᠣᠯᠪᠠᠰᠤᠷᠠᠩᠭᠤᠢ ᠤᠷ᠎ᠠ ᠮᠡᠷᠭᠡᠰᠢᠯ ᠢ ᠬᠡᠷᠡᠭᠯᠡᠬᠦ ᠶᠢ ᠵᠣᠷᠢᠭᠵᠢᠭᠤᠯᠵᠤ᠂ ᠨᠠᠮᠤᠭ ᠤᠨ ᠬᠡᠢ ᠶᠢ ᠢᠰᠬᠡᠬᠦ᠂ | ᠢᠯᠭᠠᠳᠠᠰᠤ ᠶᠢ ᠪᠥᠬᠦ ᠬᠡᠮᠵᠢᠶ᠎ᠡ ᠪᠠᠷ ᠲᠠᠷᠢᠶᠠᠨ ᠭᠠᠵᠠᠷ ᠲᠤ ᠪᠤᠴᠠᠭᠠᠬᠤ ᠵᠡᠷᠭᠡ ᠢᠯᠭᠠᠳᠠᠰᠤ ᠶᠢ ᠠᠰᠢᠭᠯᠠᠬᠤ ᠠᠷᠭ᠎ᠠ | ᠮᠠᠶ᠋ᠢᠭ ᠢ ᠳᠡᠯᠭᠡᠷᠡᠭᠦᠯᠦᠨ᠎ᠡ︔ ᠬᠡᠪᠴᠢᠶᠡᠵᠢᠭᠰᠡᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠶ ᠳᠤ | ᠬᠠᠰᠢᠶᠠᠨ ᠳᠣᠲᠣᠷ᠎ᠠ ᠳᠡᠪᠢᠰᠦᠭᠰᠡᠨ ᠮᠠᠲ᠋ᠧᠷᠢᠶᠠᠯ ᠢ ᠬᠤᠷᠢᠶᠠᠨ ᠴᠤᠭᠯᠠᠭᠤᠯᠬᠤ᠂ ᠥᠨᠳᠥᠷ ᠳᠤᠯᠠᠭᠠᠨ ᠲᠠᠢ | ᠪᠣᠷᠳᠣᠭᠤᠷ ᠤᠨ ᠣᠪᠣᠭ᠎ᠠ ᠶᠢ ᠲᠠᠷᠢᠶᠠᠨ ᠳᠤ ᠪᠤᠴᠠᠭᠠᠨ ᠠᠰᠢᠭᠯᠠᠬᠤ ᠠᠷᠭ᠎ᠠ ᠮᠠᠶ᠋ᠢᠭ ᠢ ᠳᠡᠯᠭᠡᠷᠡᠭᠦᠯᠵᠦ᠂ ᠪᠣᠷᠳᠣᠭᠤᠷ | ᠣᠪᠣᠭᠠᠯᠠᠬᠤ ᠪᠡᠯᠡᠳᠬᠡᠮᠵᠢ ᠶᠢ ᠪᠦᠲᠦᠭᠡᠨ ᠪᠠᠶᠢᠭᠤᠯᠵᠤ᠂ ᠥᠨᠳᠥᠷ ᠳᠤᠯᠠᠭᠠᠨ ᠢᠶᠠᠷ ᠢᠰᠬᠡᠬᠦ ᠪᠠᠷ ᠳᠠᠮᠵᠢᠭᠤᠯᠤᠨ | ᠢᠮᠠᠭ᠎ᠠ ᠬᠤᠨᠢᠨ ᠤ ᠰᠢᠭᠡᠭ ᠬᠦᠷᠵᠡᠩ ᠢ ᠬᠤᠣᠷ ᠦᠭᠡᠶᠢᠳᠡᠭᠦᠯᠬᠦ ᠪᠠ ᠡᠬᠢ ᠪᠠᠶᠠᠯᠢᠭᠵᠢᠭᠤᠯᠤᠨ ᠠᠰᠢᠭᠯᠠᠨ᠎ᠠ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 5. ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠤ ᠬᠠᠮᠢᠶᠠᠷᠤᠯᠲᠠ ᠶᠢ ᠴᠢᠩᠭᠠᠳᠬᠠᠵᠤ᠂ ᠲᠦᠭᠰᠢᠭᠦᠷᠢ ᠶᠢᠨ | ᠳᠠᠯᠳᠠ ᠬᠡᠮ ᠢ ᠪᠠᠭᠠᠰᠬᠠᠨ᠎ᠠ᠃ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠳᠡᠭᠦᠯᠦᠨ | ᠰᠢᠢᠳᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠬᠡᠮᠵᠢᠶ᠎ᠡ ᠪᠠᠷ ᠨᠡᠯᠢᠶᠡᠳ ᠶᠡᠭᠡ ᠭᠠᠵᠠᠷ ᠣᠷᠣᠨ ᠳᠤ ᠡᠪᠡᠳᠴᠢᠨ ᠢᠶᠠᠷ | ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠥᠪ ᠪᠠᠶᠢᠭᠤᠯᠵᠤ᠂ ᠡᠪᠡᠳᠴᠢᠨ ᠢᠶᠠᠷ | ᠦᠬᠦᠭᠰᠡᠨ ᠮᠠᠯ ᠵᠢᠭᠦᠷᠲᠡᠨ ᠢ ᠲᠥᠪᠯᠡᠷᠡᠭᠦᠯᠦᠨ ᠲᠦᠷ ᠬᠠᠳᠠᠭᠠᠯᠠᠬᠤ ᠭᠠᠵᠠᠷ ᠢ ᠰᠢᠨᠵᠢᠯᠡᠬᠦ ᠤᠬᠠᠭᠠᠨᠴᠢ ᠪᠠᠷ ᠵᠦᠢ | ᠵᠣᠬᠢᠰᠲᠠᠢ ᠪᠠᠶᠢᠷᠢᠯᠠᠭᠤᠯᠵᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠴᠤᠭᠯᠠᠭᠤᠯᠬᠤ᠂ ᠲᠡᠭᠡᠭᠡᠪᠦᠷᠢᠯᠡᠬᠦ᠂ | ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠥᠬᠦ ᠶᠠᠪᠤᠴᠠ ᠶᠢᠨ ᠮᠡᠳᠡᠭᠡ | ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠶ ︵ | ᠡᠷᠦᠬᠡ︶᠂ ᠨᠢᠲᠤᠯᠬᠤ ᠦᠢᠯᠡᠳᠪᠦᠷᠢ᠂ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠠᠯᠠᠪᠠᠶ ᠵᠡᠷᠭᠡ ᠶᠢ ᠵᠢᠯᠤᠭᠤᠳᠴᠤ | ᠪᠠᠶᠢᠭᠠᠳ ᠬᠤᠣᠷ ᠦᠭᠡᠶᠢᠳᠡᠭᠦᠯᠦᠨ ᠰᠢᠢᠳᠪᠦᠷᠢᠯᠡᠬᠦ ᠶᠢ ᠴᠢᠩᠭ᠎ᠠ ᠵᠢᠷᠤᠮᠵᠢᠭᠤᠯᠤᠨ ᠬᠡᠷᠡᠭᠵᠢᠭᠦᠯᠦᠨ᠎ᠡ᠃ | ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠵᠢᠴᠢ ᠲᠡᠭᠦᠨ ᠤ ᠪᠦᠲᠦᠭᠡᠭᠳᠡᠬᠦᠨ ᠢ ᠳᠤᠷ᠎ᠠ ᠪᠠᠷ ᠢᠶᠠᠨ ᠬᠠᠶᠠᠬᠤ ᠬᠠᠤᠯᠢ | ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ 2025 ᠣᠨ ᠪᠣᠯᠬᠤ ᠳᠤ᠂ | ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠲᠥᠪᠯᠡᠷᠡᠭᠦᠯᠦᠨ ᠬᠤᠣᠷ ᠦᠭᠡᠶᠢᠳᠡᠭᠦᠯᠦᠨ ᠰᠢᠢᠳᠪᠦᠷᠢᠯᠡᠬᠦ | ᠪᠦᠷᠬᠦᠴᠡ ᠶᠢ 80% ᠬᠦᠷᠭᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ︶ | 6. ᠶᠡᠷᠦᠩᠬᠡᠶᠢᠯᠡᠨ ᠵᠠᠰᠠᠬᠤ ᠠᠷᠭ᠎ᠠ ᠵᠠᠮ ᠢ ᠪᠠᠶᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠬᠤᠷᠢᠶᠠᠨ ᠠᠪᠬᠤ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠬᠠᠶᠠᠭᠳᠠᠮᠠᠯ | ᠰᠦᠯᠢᠶᠣᠣ ᠪᠦᠷᠬᠦᠪᠴᠢ᠂ ᠬᠠᠶᠠᠭᠳᠠᠮᠠᠯ ᠲᠠᠷᠢᠶᠠᠨ ᠡᠮ ᠤᠨ ᠪᠣᠭᠤᠳᠠᠯ ᠵᠡᠷᠭᠡ ᠬᠠᠶᠠᠭᠳᠠᠮᠠᠯ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠪᠦᠲᠦᠭᠡᠭᠳᠡᠬᠦᠨ ᠪᠠ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ | ᠬᠤᠷᠢᠶᠠᠨ ᠠᠪᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠣᠰᠬᠤᠨ᠂ | ᠰᠢᠶᠠᠩ ᠪᠠᠯᠭᠠᠰᠤ ᠬᠢᠭᠡᠳ ᠬᠤᠰᠢᠭᠤ ᠰᠢᠶᠠᠨ ᠲᠣᠭᠤᠷᠢᠭ ᠲᠤ ᠶᠡᠷᠦᠩᠬᠡᠶᠢᠯᠡᠨ ᠬᠤᠷᠢᠶᠠᠨ ᠠᠪᠬᠤ ᠥᠷᠲᠡᠭᠡ ᠴᠡᠭ ᠢ | ᠵᠦᠢ ᠵᠣᠬᠢᠰᠲᠠᠢ ᠪᠠᠶᠢᠷᠢᠯᠠᠭᠤᠯᠬᠤ ᠶᠢ ᠰᠦᠪᠡᠭᠴᠢᠯᠡᠨ᠎ᠡ᠃ ᠵᠤᠵᠠᠭᠠᠨ ᠰᠦᠯᠢᠶᠥᠦ ᠪᠦᠷᠬᠦᠪᠴᠢ᠂ ᠵᠠᠳᠠᠷᠠᠵᠤ ᠪᠣᠯᠬᠤ | ᠰᠦᠯᠢᠶᠥᠦ ᠪᠦᠷᠬᠦᠪᠴᠢ ᠶᠢᠨ ᠬᠡᠷᠡᠭᠯᠡᠯᠲᠡ ᠵᠢᠴᠢ ᠪᠦᠷᠬᠦᠪᠴᠢ ᠶᠢᠨ ᠥᠭᠡᠳᠡᠰᠦ ᠶᠢ ᠬᠤᠷᠢᠶᠠᠨ ᠠᠪᠬᠤ ᠮᠠᠰᠢᠨ | ᠪᠠᠭᠠᠵᠢ ᠶᠢ ᠨᠥᠬᠦᠪᠦᠷᠢᠯᠡᠬᠦ ᠡᠷᠴᠢᠮ ᠢ ᠴᠢᠩᠭᠠᠷᠠᠭᠤᠯᠵᠤ᠂ ᠬᠤᠯᠪᠣᠭᠳᠠᠯ ᠪᠦᠬᠦᠢ ᠲᠠᠷᠢᠶᠠᠯᠠᠩ ᠤᠨ ᠨᠥᠬᠦᠪᠦᠷᠢ ᠶᠢᠨ | ᠪᠡᠯᠡ ᠮᠥᠩᠭᠦ ᠶᠢ ᠤᠯᠤᠰ ᠤᠨ ᠪᠠᠷᠢᠮᠵᠢᠶᠠᠲᠤ ᠰᠦᠯᠢᠶᠥᠦ ᠪᠦᠷᠬᠦᠪᠴᠢ ᠶᠢᠨ ᠪᠣᠷᠤᠯᠠᠭᠤᠯᠭ᠎ᠠ ᠬᠡᠷᠡᠭᠯᠡᠭᠡ ᠯᠦᠭᠡ | ᠬᠤᠯᠪᠣᠯᠳᠤᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ︽ᠲᠦᠭᠰᠢᠭᠦᠷᠢ ᠡᠵᠡᠮᠳᠡᠯ ᠲᠠᠢ᠂ ᠲᠣᠭᠲᠠᠭᠰᠠᠨ | ᠭᠠᠵᠠᠷ ᠲᠣᠭᠲᠠᠭᠰᠠᠨ ᠴᠢᠭᠯᠡᠯ ᠲᠠᠢ᠂ ᠪᠥᠬᠦ ᠶᠠᠪᠤᠴᠠ ᠨᠢ ᠮᠥᠷᠳᠡᠯ ᠲᠠᠢ︾ ᠵᠠᠷᠴᠢᠮ ᠶᠣᠰᠣᠭᠠᠷ᠂ ᠲᠠᠷᠢᠶᠠᠨ ᠡᠮ ᠤᠨ | ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠺᠣᠳ᠋ ᠰᠢᠷᠪᠢᠨ ᠮᠥᠷᠳᠡᠵᠦ᠂ ᠪᠥᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢ ᠦᠨᠡᠨᠬᠦ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ | ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶ | ︵ᠲᠠᠪᠤ︶ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠠᠢ ᠬᠠᠮᠵᠢᠯᠴᠠᠭᠤᠯᠵᠤ᠂ ᠠᠮᠢᠳᠤᠷᠠᠯ ᠤᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠴᠢᠩᠭᠠᠳᠬᠠᠨ᠎ᠠ | 1. ︽ᠬᠠᠶᠠᠭᠳᠠᠮᠠᠯ ᠡᠰ ᠦᠭᠡᠢ︾ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠬᠥᠬᠡᠬᠤᠲᠠ ᠶᠢᠨ ︽ | ᠬᠠᠶᠠᠭᠳᠠᠮᠠᠯ ᠡᠰ ᠦᠭᠡᠢ︾ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠡᠶᠢᠲᠡᠯᠡᠵᠦ᠂ ᠨᠠᠮ ᠵᠠᠰᠠᠭ ᠤᠨ | ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠲᠣᠮᠣ | ᠬᠡᠯᠪᠡᠷᠢ ᠶᠢᠨ ᠬᠤᠳᠠᠯᠳᠤᠭᠠᠨ ᠤ ᠭᠠᠵᠠᠷ ᠬᠡᠲᠦ ᠳᠡᠯᠭᠡᠭᠦᠷ᠂ ᠦᠵᠡᠮᠵᠢ ᠶᠢᠨ ᠣᠷᠣᠨ ᠵᠡᠷᠭᠡ ᠳᠤ ︽ᠬᠠᠶᠠᠭᠳᠠᠮᠠᠯ ᠡᠰ | ᠦᠭᠡᠢ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠢᠳᠡᠭᠡᠨ ᠤᠮᠳᠠᠭᠠᠨ ᠤ ᠠᠵᠤ ᠠᠬᠤᠶᠢᠯᠠᠯ | ᠪᠣᠯᠣᠨ ᠪᠠᠶᠢᠭᠤᠯᠭ᠎ᠠ ᠨᠢᠭᠡᠴᠡ ᠶᠢᠨ ᠬᠤᠭᠤᠯᠠᠨ ᠭᠡᠷ ᠢᠶᠠᠷ ᠭᠤᠣᠯᠳᠠᠯᠭ᠎ᠠ ᠪᠣᠯᠭᠠᠵᠤ᠂ ᠪᠣᠬᠢᠷᠳᠤᠯ ᠦᠭᠡᠢ ᠬᠤᠭᠤᠯᠠᠨ | ᠭᠡᠷ᠂ ᠪᠣᠬᠢᠷᠳᠤᠯ ᠦᠭᠡᠢ ᠢᠳᠡᠭᠡᠨ ᠤᠮᠳᠠᠭᠠᠨ ᠤ ᠠᠵᠤ ᠠᠬᠤᠶᠢᠯᠠᠯ ᠢ ᠬᠠᠮᠵᠢᠯᠴᠠᠭᠤᠯᠤᠨ ᠡᠭᠦᠳᠦᠨ ᠪᠠᠶᠢᠭᠤᠯᠵᠤ᠂ | ᠲᠣᠭᠤᠭᠠᠨ ᠭᠡᠷ ᠤᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠨ᠎ᠠ᠃ ᠴᠤᠭᠯᠠᠭ᠎ᠠ ᠮᠠᠶᠢᠮᠠᠢ ᠶᠢᠨ | ᠵᠠᠬ᠎ᠠ ᠳᠡᠯᠭᠡᠭᠦᠷ ᠲᠤ ᠰᠦᠯᠢᠶᠥᠦ ᠤᠭᠤᠲᠠ ᠶᠢ ᠲᠥᠪᠯᠡᠷᠡᠭᠦᠯᠦᠨ ᠬᠤᠳᠠᠯᠳᠤᠬᠤ ᠬᠤᠳᠠᠯᠳᠤᠨ ᠠᠪᠬᠤ ᠳᠦᠷᠢᠮ ᠢ | ᠪᠠᠶᠢᠭᠤᠯᠬᠤ ᠶᠢ ᠰᠦᠪᠡᠭᠴᠢᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠳᠤ ᠲᠣᠬᠢᠷᠠᠬᠤ ᠪᠥᠰ ᠤᠭᠤᠲᠠ᠂ | ᠴᠠᠭᠠᠰᠤᠨ ᠤᠭᠤᠲᠠ ᠵᠡᠷᠭᠡ ᠰᠦᠯᠢᠶᠣᠣ ᠪᠤᠰᠤ ᠦᠢᠯᠡᠳᠬᠦᠨ ᠪᠠ ᠵᠠᠳᠠᠷᠠᠭᠤᠯᠵᠤ ᠪᠣᠯᠬᠤ ᠪᠠᠷᠠᠭ᠎ᠠ ᠬᠤᠳᠠᠯᠳᠤᠨ | ᠠᠪᠬᠤ ᠤᠭᠤᠲᠠ ᠶᠢ ᠳᠡᠯᠭᠡᠷᠡᠭᠦᠯᠦᠨ ᠬᠡᠷᠡᠭᠯᠡᠵᠦ᠂ ᠬᠤᠲᠠ ᠬᠥᠳᠡᠭᠡ ᠶᠢᠨ ᠠᠭᠤᠯᠵᠠᠷ ᠬᠡᠰᠡᠭ ᠪᠠ ᠬᠤᠰᠢᠭᠤ ᠰᠢᠶᠠᠨ | ᠭᠠᠵᠠᠷ ᠣᠷᠣᠨ ᠤ ᠵᠠᠳᠠᠷᠠᠭᠤᠯᠵᠤ ᠪᠣᠯᠣᠰᠢ ᠦᠭᠡᠢ ᠰᠦᠯᠢᠶᠥᠦ ᠤᠭᠤᠲᠠ ᠬᠡᠷᠡᠭᠯᠡᠬᠦ ᠶᠢ ᠵᠣᠭᠰᠤᠭᠠᠬᠤ ᠶᠢ | ᠵᠣᠷᠢᠭᠵᠢᠭᠤᠯᠤᠨ᠎ᠠ᠃ ᠢᠳᠡᠭᠡᠨ ᠤᠮᠳᠠᠭᠠᠨ ᠤ ᠵᠠᠬᠢᠶᠠᠯᠠᠭ᠎ᠠ ᠶᠢᠨ ᠬᠤᠭᠤᠯᠠᠨ ᠤ ᠬᠦᠷᠢᠶᠡᠨ ᠳᠤ ᠰᠦᠯᠢᠶᠥᠦ ᠶᠢ | ᠣᠷᠣᠯᠠᠭᠤᠯᠵᠤ ᠪᠣᠯᠬᠤ ᠦᠢᠯᠡᠳᠬᠦᠨ ᠢ ᠳᠡᠯᠭᠡᠷᠡᠭᠦᠯᠦᠨ ᠬᠡᠷᠡᠭᠯᠡᠨ᠎ᠡ᠃ ᠰᠢᠤᠳᠠᠨ ᠤ ᠠᠵᠢᠯ ᠲᠥᠷᠥᠯ ᠤᠨ | ᠲᠡᠭᠡᠭᠡᠪᠦᠷᠢ ᠶᠢᠨ ᠡᠯᠧᠺᠲᠷᠣᠨ ᠪᠠᠷᠢᠮᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠬᠤᠲᠠ ᠶᠢᠨ ᠲᠦᠷᠭᠡᠨ | ᠬᠦᠷᠭᠡᠯᠲᠡ ᠶᠢᠨ ᠠᠵᠤ ᠠᠬᠤᠶᠢᠯᠠᠯ ᠤᠨ ᠪᠣᠬᠢᠷᠳᠤᠯ ᠦᠭᠡᠢ ᠪᠣᠭᠤᠳᠠᠯᠯᠠᠬᠤ ᠮᠠᠲ᠋ᠧᠷᠢᠶᠠᠯ ᠬᠡᠷᠡᠭᠯᠡᠬᠦ ᠶᠢ ᠰᠢᠮᠳᠠᠭᠤᠯᠤᠨ᠎ᠠ᠃ | ᠬᠡᠯᠬᠢᠶ᠎ᠡ ᠬᠤᠳᠠᠯᠳᠤᠭ᠎ᠠ ᠬᠡᠲᠦ ᠳᠡᠯᠭᠡᠭᠦᠷ᠂ ᠲᠣᠮᠣ ᠬᠡᠯᠪᠡᠷᠢ ᠶᠢᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ | ᠪᠠᠷᠠᠭᠠᠨ ᠤ ᠭᠦᠢᠯᠭᠡᠭᠡᠨ ᠤ ᠬᠥᠮᠥᠷᠭᠡᠯᠡᠯᠲᠡ᠂ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ ᠵᠡᠷᠭᠡ ᠪᠠᠷ | ᠭᠤᠣᠯᠳᠠᠯᠭ᠎ᠠ ᠪᠣᠯᠭᠠᠵᠤ᠂ ᠣᠷᠴᠢᠯᠳᠤᠵᠤ ᠪᠣᠯᠬᠤ᠂ ᠡᠪᠬᠡᠵᠦ ᠪᠣᠯᠬᠤ ᠪᠣᠭᠤᠳᠠᠯ ᠪᠠᠭᠯᠠᠭ᠎ᠠ ᠶᠢᠨ ᠦᠢᠯᠡᠳᠬᠦᠨ ᠪᠠ | ᠪᠠᠷᠠᠭᠠᠨ ᠤ ᠭᠦᠢᠯᠭᠡᠭᠡᠨ ᠤ ᠬᠦᠷᠭᠡᠯᠲᠡ ᠶᠢᠨ ᠪᠠᠭᠠᠵᠢ ᠬᠡᠷᠡᠭᠰᠡᠯ ᠢ ᠢᠳᠡᠪᠬᠢᠲᠡᠢ ᠪᠠᠷ ᠳᠡᠯᠭᠡᠷᠡᠭᠦᠯᠦᠨ᠎ᠡ᠃ 2025 | ᠣᠨ ᠪᠣᠯᠬᠤ ᠳᠤ᠂ ᠲᠦᠷᠭᠡᠨ ᠬᠦᠷᠭᠡᠯᠲᠡ ᠶᠢᠨ ᠪᠣᠬᠢᠷᠳᠤᠯ ᠦᠭᠡᠢ ᠪᠣᠭᠤᠳᠠᠯ ᠬᠡᠷᠡᠭᠯᠡᠬᠦ ᠨᠣᠷᠮ᠎ᠠ ᠶᠢ 90% | ᠬᠦᠷᠭᠡᠨ᠎ᠡ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ | ᠭᠡᠷ︾︔ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 2. ᠠᠮᠢᠳᠤᠷᠠᠯ ᠤᠨ ᠬᠤᠭ ᠨᠣᠪᠰᠢ ᠶᠢ ᠡᠬᠢ ᠡᠭᠦᠰᠦᠯ ᠠᠴᠠ ᠨᠢ ᠲᠥᠷᠥᠯ ᠬᠤᠪᠢᠶᠠᠨ ᠬᠠᠶᠠᠬᠤ ᠶᠢ | ᠭᠦᠨᠵᠡᠭᠡᠶᠢᠷᠡᠭᠦᠯᠦᠨ᠎ᠡ᠃ ᠬᠤᠲᠠ ᠶᠢᠨ ᠱᠠᠲᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠬᠢᠨᠠᠨ | ᠰᠢᠯᠭᠠᠬᠤ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠬᠡᠷᠡᠭᠵᠢᠭᠦᠯᠵᠦ᠂ ᠱᠠᠩᠨᠠᠵᠤ ᠲᠣᠷᠭᠠᠬᠤ ᠲᠣᠭᠲᠠᠴᠠ ᠶᠢ | ᠨᠠᠶᠢᠳᠠᠪᠤᠷᠢᠵᠢᠭᠤᠯᠤᠨ᠎ᠠ᠃ ︽ᠠᠮᠢᠳᠤᠷᠠᠯ ᠤᠨ ᠬᠤᠷᠢᠶᠠᠯᠠᠯ ᠢᠶᠠᠷ ᠭᠤᠣᠯ ᠪᠦᠲᠦᠭᠡᠨ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠴᠡᠭ — ᠵᠡᠭᠡᠯᠢ ᠭᠤᠳᠤᠮᠵᠢ ᠪᠠᠷ ᠭᠤᠣᠯ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ — | ᠬᠤᠲᠠ ᠶᠢᠨ ᠲᠣᠭᠤᠷᠢᠭ ᠲᠤ ᠨᠡᠶᠢᠳᠡᠮ ᠪᠦᠷᠬᠦᠭᠦᠯᠬᠦ︾ ᠴᠤᠪᠤᠷᠠᠯ ᠶᠣᠰᠣᠭᠠᠷ ᠬᠤᠲᠠ ᠶᠢᠨ ᠲᠣᠭᠤᠷᠢᠭ ᠤᠨ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠵᠢᠱᠢᠶ᠎ᠡ ᠦᠵᠡᠭᠦᠯᠬᠦ ᠴᠡᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠨᠢ ︽ᠨᠢᠭᠡ ᠪᠠᠯᠭᠠᠰᠤ ᠬᠤᠶᠠᠷ ᠲᠣᠰᠬᠤᠨ︾ ᠤ | ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠲᠥᠷᠥᠯ ᠬᠤᠪᠢᠶᠠᠬᠤ ᠬᠤᠭ ᠨᠣᠪᠰᠢ ᠶᠢᠨ ᠰᠠᠪᠠ | ᠵᠡᠷᠭᠡ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠡᠯᠡᠳᠬᠡᠮᠵᠢ ᠶᠢ ᠤᠯᠠᠮ ᠨᠢᠭᠡ ᠠᠯᠬᠤᠮ | ᠣᠷᠣᠭᠤᠯᠤᠨ ᠬᠡᠷᠡᠭᠯᠡᠨ᠎ᠡ᠃ ᠪᠥᠬᠦ ᠬᠤᠲᠠ ᠳᠤ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠣᠯᠠᠨ | ᠶᠠᠩᠵᠤ ᠶᠢᠨ ᠤᠬᠠᠭᠤᠯᠭ᠎ᠠ ᠶᠢᠨ ᠠᠵᠢᠯ ᠥᠷᠨᠢᠭᠦᠯᠵᠦ᠂ ᠬᠤᠲᠠ ᠶᠢᠨ ᠠᠷᠠᠳ ᠲᠦᠮᠡᠨ ᠢ ᠬᠥᠲᠥᠯᠥᠨ ᠵᠢᠯᠤᠭᠤᠳᠴᠤ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ | ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ︽ | ᠬᠦᠬᠡᠬᠤᠲᠠ ᠶᠢᠨ ᠵᠠᠭᠪᠤᠷ︾ ᠢ ᠪᠣᠶ ᠪᠣᠯᠭᠠᠨ᠎ᠠ᠃ ᠬᠤᠲᠠ ᠶᠢᠨ ᠰᠠᠭᠤᠭᠠᠯᠢ ᠠᠷᠠᠳ ᠤᠨ ᠬᠤᠷᠢᠶᠠᠯᠠᠯ ᠳᠤ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠦᠷᠬᠦᠭᠦᠯᠬᠦ ᠨᠣᠷᠮ᠎ᠠ ᠶᠢ 100% ᠶᠢᠨ ᠬᠢᠷᠢ | ᠲᠦᠪᠰᠢᠨ ᠳᠤ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ︶ | 3. ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠵᠤ ᠲᠡᠭᠡᠭᠡᠪᠦᠷᠢᠯᠡᠬᠦ ᠰᠢᠰᠲ᠋ᠧᠮᠵᠢ ᠶᠢ | ᠪᠦᠷᠢᠨᠰᠢᠭᠦᠯᠦᠨ᠎ᠡ᠃ ᠲᠣᠭᠤᠭᠠᠨ ᠭᠡᠷ ᠤᠨ ᠬᠤᠭ ᠨᠣᠪᠰᠢ᠂ ᠪᠤᠰᠤᠳ ᠬᠤᠭ ᠨᠣᠪᠰᠢ᠂ ᠬᠤᠣᠷ ᠲᠠᠢ ᠬᠤᠭ | ᠨᠣᠪᠰᠢ ᠶᠢ ᠲᠥᠷᠥᠯ ᠬᠤᠪᠢᠶᠠᠨ ᠲᠡᠭᠡᠭᠡᠪᠦᠷᠢᠯᠡᠬᠦ ᠲᠣᠣᠷ ᠢ ᠨᠢᠭᠡᠳᠦᠯᠲᠡᠢ ᠲᠥᠯᠥᠪᠯᠡᠨ᠂ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠬᠤᠷᠢᠶᠠᠵᠤ ᠲᠡᠭᠡᠭᠡᠪᠦᠷᠢᠯᠡᠬᠦ ᠵᠠᠮ ᠱᠤᠭᠤᠮ ᠢ ᠲᠡᠭᠦᠯᠳᠡᠷᠵᠢᠭᠦᠯᠦᠨ᠎ᠡ᠃ ︽ᠶᠡᠭᠡ ᠪᠠᠷ | ᠰᠠᠯᠭᠠᠬᠤ᠂ ᠪᠠᠭ᠎ᠠ ᠪᠠᠷ ᠲᠥᠷᠥᠯ ᠬᠤᠪᠢᠶᠠᠬᠤ︾ ᠦᠨᠳᠦᠰᠦᠨ ᠠᠷᠭ᠎ᠠ ᠵᠠᠮ ᠢ ᠪᠠᠷᠢᠮᠲᠠᠯᠠᠨ᠂ ᠵᠠᠰᠠᠵᠤ ᠴᠢᠮᠡᠭᠯᠡᠬᠦ | ᠬᠤᠭ ᠨᠣᠪᠰᠢ᠂ ᠲᠣᠮᠣ ᠬᠤᠭ ᠨᠣᠪᠰᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠷᠢᠳᠴᠢᠯᠠᠨ ᠪᠣᠯᠵᠣᠵᠤ | ᠭᠡᠷ ᠲᠤᠨᠢ ᠬᠦᠷᠬᠦ ᠠᠷᠭ᠎ᠠ ᠮᠠᠶ᠋ᠢᠭ ᠢ ᠠᠪᠴᠤ ᠲᠣᠮᠣ ᠬᠤᠭ ᠨᠣᠪᠰᠢ ᠶᠢ ᠬᠤᠷᠢᠶᠠᠵᠤ ᠲᠡᠭᠡᠭᠡᠪᠦᠷᠢᠯᠡᠬᠦ ᠦᠢᠯᠡᠴᠢᠯᠡᠭᠡ ᠶᠢ | ᠰᠠᠶᠢᠲᠤᠷ ᠬᠢᠨ᠎ᠡ᠃ ᠡᠯᠧᠺᠲᠷᠣᠨ ᠬᠤᠳᠠᠯᠳᠤᠭᠠᠨ ᠤ ᠵᠠᠬᠢᠶᠠᠯᠠᠭ᠎ᠠ ᠶᠢᠨ ᠲᠠᠪᠴᠠᠩ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠰᠠᠯᠠᠭ᠎ᠠ ᠮᠥᠴᠢᠷ᠂ ᠬᠤᠷᠢᠶᠠᠨ ᠠᠪᠬᠤ ᠠᠵᠤ ᠠᠬᠤᠶᠢᠯᠠᠯ ᠵᠡᠷᠭᠡ ᠶᠢᠨ ᠣᠯᠠᠨ ᠲᠠᠯ᠎ᠠ ᠶᠢᠨ | ᠬᠠᠮᠲᠤᠷᠠᠯᠴᠠᠭ᠎ᠠ ᠶᠢ ᠠᠬᠢᠭᠤᠯᠵᠤ᠂ ᠭᠤᠣᠯᠳᠠᠯᠭ᠎ᠠ ᠲᠠᠢ ᠬᠤᠳᠠᠯᠳᠤᠭᠠᠨ ᠤ ᠲᠣᠭᠤᠷᠢᠭ᠂ ᠲᠣᠮᠣ ᠬᠡᠯᠪᠡᠷᠢ ᠶᠢᠨ ᠨᠡᠶᠢᠭᠡᠮ | ᠲᠣᠭᠤᠷᠢᠭ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶ᠎ᠡ᠂ ᠲᠦᠷᠭᠡᠨ ᠬᠦᠷᠭᠡᠯᠲᠡ ᠶᠢᠨ ᠲᠡᠭᠦᠰᠬᠡᠯ ᠤᠨ | ᠲᠣᠣᠷ ᠴᠡᠭ ᠵᠡᠷᠭᠡ ᠣᠷᠣᠨ ᠪᠦᠰᠡ ᠳᠤ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠵᠡᠷᠭᠡ ᠶᠢ ᠬᠤᠷᠢᠶᠠᠵᠤ | ᠠᠪᠬᠤ ᠢᠯᠡᠷᠬᠡᠢ ᠲᠡᠮᠳᠡᠭ ᠲᠠᠢ ᠪᠡᠯᠡᠳᠬᠡᠮᠵᠢ ᠶᠢ ᠲᠠᠯᠪᠢᠨ᠎ᠠ᠃ ᠬᠠᠶᠠᠭᠳᠠᠮᠠᠯ ᠬᠠᠭᠤᠴᠢᠨ ᠡᠳ᠋ ᠪᠠᠷᠠᠭ᠎ᠠ ᠶᠢ | ᠣᠷᠴᠢᠯᠳᠤᠭᠤᠯᠤᠨ ᠠᠰᠢᠭᠯᠠᠬᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠬᠤᠲᠠ ᠶᠢ ᠪᠦᠲᠦᠭᠡᠨ ᠪᠠᠶᠢᠭᠤᠯᠬᠤ ᠪᠠᠷ | ᠠᠵᠠ ᠲᠣᠬᠢᠶᠠᠯ ᠪᠣᠯᠭᠠᠵᠤ᠂ ︽ᠬᠤᠳᠠᠯᠳᠤᠬᠤ ᠥᠭᠬᠦ ᠳᠤ ᠲᠥᠬᠦᠮ ᠪᠠᠶᠢᠯᠭᠠᠬᠤ︾ ᠵᠠᠷᠴᠢᠮ ᠶᠣᠰᠣᠭᠠᠷ᠂ ᠳᠠᠬᠢᠯᠲᠠ | ᠡᠬᠢ ᠪᠠᠶᠠᠯᠢᠭ ᠢ ᠬᠤᠷᠢᠶᠠᠨ ᠠᠪᠬᠤ ᠲᠣᠣᠷ ᠴᠡᠭ ᠢ ᠵᠦᠢ ᠵᠣᠬᠢᠰᠲᠠᠢ ᠪᠠᠶᠢᠷᠢᠰᠢᠭᠤᠯᠵᠤ᠂ ᠳᠠᠬᠢᠯᠲᠠ ᠡᠬᠢ ᠪᠠᠶᠠᠯᠢᠭ ᠢ | ᠢᠯᠭᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠰᠢᠰᠲ᠋ᠧᠮᠵᠢ ᠯᠦᠭᠡ ᠬᠠᠷᠢᠯᠴᠠᠨ ᠵᠣᠯᠭᠠᠯᠳᠤᠭᠰᠠᠨ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ | ᠲᠣᠣᠷ ᠢ ᠪᠠᠶᠢᠭᠤᠯᠤᠨ᠎ᠠ᠃ ︽ᠢᠨᠲ᠋ᠧᠷ ᠰᠦᠯᠵᠢᠶ᠎ᠡ + ᠡᠬᠢ ᠪᠠᠶᠠᠯᠢᠭ ᠢ ᠬᠤᠷᠢᠶᠠᠨ ᠠᠪᠬᠤ︾ ᠵᠠᠭᠪᠤᠷ ᠢ | ᠢᠳᠡᠪᠬᠢᠲᠡᠢ ᠬᠠᠶᠢᠨ ᠰᠦᠪᠡᠭᠴᠢᠯᠡᠵᠦ᠂ ᠬᠤᠭ ᠨᠣᠪᠰᠢ ᠶᠢ ᠲᠥᠷᠥᠯ ᠬᠤᠪᠢᠶᠠᠬᠤ ᠣᠶᠤᠨᠴᠢ ᠫᠷᠣᠭ᠍ᠷᠠᠮ ᠪᠠ | ᠰᠦᠯᠵᠢᠶᠡᠨ ᠤ ᠨᠡᠶᠢᠲᠡ ᠶᠢᠨ ᠳ᠋ᠤᠭᠠᠷ ᠢ ᠰᠤᠳᠤᠯᠤᠨ ᠨᠡᠭᠡᠭᠡᠵᠦ ᠳᠡᠯᠭᠡᠷᠡᠭᠦᠯᠦᠨ ᠲᠦᠭᠡᠮᠡᠯᠵᠢᠭᠦᠯᠵᠦ᠂ ᠳᠠᠬᠢᠯᠲᠠ ᠡᠬᠢ | ᠪᠠᠶᠠᠯᠢᠭ ᠢ ᠲᠥᠷᠥᠯ ᠬᠤᠪᠢᠶᠠᠨ ᠬᠤᠷᠢᠶᠠᠨ ᠠᠪᠴᠤ ᠠᠰᠢᠭᠯᠠᠬᠤ ᠮᠡᠳᠡᠭᠡ ᠵᠠᠩᠭᠢᠵᠢᠯᠲᠠ ᠶᠢᠨ ᠲᠠᠪᠴᠠᠩ ᠢ | ᠪᠠᠶᠢᠭᠤᠯᠤᠨ ᠲᠡᠭᠦᠯᠳᠡᠷᠵᠢᠭᠦᠯᠦᠨ᠎ᠡ᠃ 2025 ᠣᠨ ᠪᠣᠯᠬᠤ ᠳᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠠᠪᠴᠤ ᠠᠰᠢᠭᠯᠠᠬᠤ ᠨᠣᠷᠮ᠎ᠠ ᠶᠢ 35% ᠬᠦᠷᠭᠡᠨ᠎ᠡ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ | ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 4. ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠲᠥᠷᠥᠯ ᠬᠤᠪᠢᠶᠠᠨ ᠬᠤᠷᠢᠶᠠᠵᠤ ᠲᠡᠭᠡᠭᠡᠪᠦᠷᠢᠯᠡᠬᠦ ᠯᠦᠭᠡ ᠬᠠᠷᠢᠯᠴᠠᠨ ᠵᠣᠬᠢᠴᠠᠯᠳᠤᠭᠰᠠᠨ | ᠡᠴᠦᠰ ᠤᠨ ᠦᠵᠦᠭᠦᠷ ᠤᠨ ᠰᠢᠢᠳᠪᠦᠷᠢᠯᠡᠬᠦ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ | ᠰᠠᠶᠢᠬᠠᠨ ᠲᠣᠭᠤᠷᠢᠭ ᠤᠨ 300 ᠲᠣᠨ/ᠡᠳᠦᠷ ᠤᠨ ᠬᠤᠭᠤᠯᠠ ᠲᠣᠭᠤᠭᠠᠨ ᠭᠡᠷ ᠤᠨ ᠬᠤᠭ ᠨᠣᠪᠰᠢ ᠶᠢ | ᠰᠢᠢᠳᠪᠦᠷᠢᠯᠡᠬᠦ᠂ ᠲᠦᠮᠡᠳ ᠵᠡᠭᠦᠨ ᠬᠤᠰᠢᠭᠤᠨ ᠤ 750 ᠲᠣᠨ/ᠡᠳᠦᠷ ᠤᠨ ᠠᠮᠢᠳᠤᠷᠠᠯ ᠤᠨ ᠬᠤᠭ ᠨᠣᠪᠰᠢ ᠶᠢ | ᠰᠢᠲᠠᠭᠠᠵᠤ ᠴᠠᠬᠢᠯᠭᠠᠨ ᠭᠠᠷᠭᠠᠬᠤ ᠪᠠ ᠵᠢᠩ ᠴᠧᠩ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠨᠢᠭᠡᠳᠦᠭᠡᠷ | ᠬᠤᠭᠤᠴᠠᠭᠠᠨ ᠤ ᠬᠤᠶᠠᠳᠤᠭᠠᠷ ᠮᠠᠰᠢᠨ ᠴᠣᠭᠴᠠᠯᠠᠪᠤᠷᠢ ᠶᠢᠨ ᠰᠢᠲᠠᠭᠠᠵᠤ ᠴᠠᠬᠢᠯᠭᠠᠨ ᠭᠠᠷᠭᠠᠬᠤ ᠵᠡᠷᠭᠡ ᠲᠥᠷᠥᠯ | ᠵᠦᠢᠯ ᠢ ᠪᠠᠶᠢᠭᠤᠯᠤᠨ ᠬᠤᠷᠳᠤᠨ ᠠᠰᠢᠭᠯᠠᠯᠲᠠ ᠳᠤ ᠣᠷᠣᠭᠤᠯᠤᠨ᠎ᠠ᠃ 2025 ᠣᠨ ᠪᠣᠯᠬᠤ ᠳᠤ᠂ ᠬᠤᠲᠠ ᠶᠢᠨ | ᠲᠣᠭᠤᠷᠢᠭ ᠤᠨ ᠠᠮᠢᠳᠤᠷᠠᠯ ᠤᠨ ᠤᠭ ᠬᠤᠭ ᠨᠣᠪᠰᠢ ᠶᠢ ︽ᠪᠤᠯᠠᠬᠤ ᠦᠭᠡᠢ︾ ᠪᠣᠯᠬᠤ ᠶᠢ ᠦᠨᠳᠦᠰᠦᠨ ᠳᠡᠭᠡᠨ | ᠪᠡᠶᠡᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ︽ | ᠤᠭᠰᠠᠷᠠᠬᠤ᠂ ᠪᠣᠰᠬᠠᠬᠤ᠂ ᠬᠤᠯᠪᠣᠬᠤ︾ ᠱᠠᠭᠠᠷᠳᠠᠯᠭ᠎ᠠ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ | ᠰᠢᠨ᠎ᠡ ᠪᠠᠷ ᠪᠠᠶᠢᠭᠤᠯᠤᠭᠰᠠᠨ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠪᠡᠯᠡᠳᠬᠡᠮᠵᠢ ᠶᠢᠨ ᠵᠢᠷᠤᠭ ᠲᠥᠯᠥᠪᠯᠡᠭᠡ | ᠪᠠ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠥᠷᠭᠦᠯᠵᠢᠯᠡᠨ ᠠᠬᠢᠭᠤᠯᠤᠨ᠎ᠠ᠃ | ᠣᠲᠣ ᠶᠢᠨ ᠪᠠᠶᠢᠭ᠎ᠠ ᠪᠤᠯᠠᠬᠤ ᠲᠠᠯᠠᠪᠠᠶ ᠶᠢᠨ ᠠᠵᠢᠯᠯᠠᠭᠠᠨ ᠢ ᠬᠢᠨᠠᠨ ᠬᠠᠮᠢᠶᠠᠷᠬᠤ ᠪᠠ ᠪᠢᠲᠡᠭᠦᠮᠵᠢᠯᠡᠭᠰᠡᠨ ᠤ ᠳᠠᠷᠠᠭᠠᠬᠢ | ᠪᠤᠯᠠᠬᠤ ᠲᠠᠯᠠᠪᠠᠶ ᠶᠢ ᠮᠥᠷᠳᠡᠨ ᠬᠢᠨᠠᠨ ᠬᠡᠮᠵᠢᠬᠦ ᠶᠢ ᠴᠢᠩᠭᠠᠷᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠪᠤᠯᠠᠵᠤ | ᠨᠡᠪᠴᠢᠵᠦ ᠭᠠᠷᠤᠭᠰᠠᠨ ᠰᠢᠩᠭᠡᠨ ᠢ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠠᠰᠠᠭᠤᠳᠠᠯ ᠢ ᠪᠥᠬᠦ ᠲᠠᠯ᠎ᠠ ᠪᠠᠷ | ᠪᠠᠶᠢᠴᠠᠭᠠᠵᠤ ᠴᠡᠭᠴᠡᠯᠡᠨ ᠵᠠᠰᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︔ᠬᠠᠷᠢᠭᠤᠴᠠᠯᠭᠠᠲᠤ ᠨᠢᠭᠡᠴᠡ᠄ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ︶ | 5. ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠬᠤᠷᠢᠶᠠᠨ ᠠᠪᠴᠤ ᠵᠠᠳᠠᠯᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠲᠦᠮᠡᠳ ᠵᠡᠭᠦᠨ ᠬᠤᠰᠢᠭᠤᠨ ᠤ ᠰᠠᠶᠢᠷᠲᠤ ᠠᠶᠢᠯ ᠤᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠤᠨ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠬᠤᠷᠢᠶᠠᠨ ᠠᠪᠴᠤ ᠵᠠᠳᠠᠯᠬᠤ | ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠪᠠᠶᠢᠭᠤᠯᠤᠨ᠂ ᠬᠡᠷᠡᠭᠯᠡᠭᠡᠨ ᠠᠴᠠ ᠭᠠᠷᠭᠠᠭᠰᠠᠨ ᠮᠠᠰᠢᠨ | ᠲᠡᠷᠭᠡ ᠶᠢ ᠵᠠᠳᠠᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠲᠣ ᠶᠢᠨ ᠪᠠᠶᠢᠭ᠎ᠠ ᠬᠡᠷᠡᠭᠯᠡᠭᠡᠨ ᠠᠴᠠ ᠭᠠᠷᠭᠠᠭᠰᠠᠨ | ᠮᠠᠰᠢᠨ ᠲᠡᠷᠭᠡ ᠶᠢ ᠬᠤᠷᠢᠶᠠᠨᠠᠪᠴᠤ ᠵᠠᠳᠠᠯᠬᠤ ᠠᠵᠤ ᠠᠬᠤᠶᠢᠯᠠᠯ ᠢ ᠲᠠᠰ ᠳᠡᠪᠰᠢᠭᠦᠯᠦᠨ ᠥᠭᠡᠷᠡᠴᠢᠯᠡᠬᠦ ᠠᠯᠬᠤᠴᠠ ᠶᠢ | ᠲᠦᠷᠭᠡᠳᠬᠡᠵᠦ᠂ ᠬᠤᠷᠢᠶᠠᠨ ᠠᠪᠴᠤ ᠵᠠᠳᠠᠯᠬᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠬᠤᠷᠢᠶᠠᠨ ᠠᠪᠴᠤ ᠵᠠᠳᠠᠯᠬᠤ ᠠᠵᠢᠯᠯᠠᠭ᠎ᠠ ᠶᠢ ᠬᠠᠤᠯᠢ ᠲᠣᠭᠲᠠᠭᠠᠯ | ᠶᠣᠰᠣᠭᠠᠷ ᠥᠷᠨᠢᠭᠦᠯᠦᠨ᠎ᠡ᠃ ᠬᠤᠳᠠᠯᠳᠤᠭᠠᠨ ᠤ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠠᠮᠢ ᠠᠬᠤᠢ ᠣᠷᠴᠢᠨ | ᠲᠣᠭᠤᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ | ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ | ᠬᠠᠤᠯᠢ ᠪᠤᠰᠤ ᠪᠠᠷ ᠬᠤᠷᠢᠶᠠᠨ ᠠᠪᠴᠤ ᠵᠠᠳᠠᠯᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ | ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︶ | 6. ᠬᠤᠲᠠ ᠪᠠᠯᠭᠠᠰᠤ ᠶᠢᠨ ᠪᠣᠬᠢᠷ ᠤᠰᠤ ᠪᠣᠬᠢᠷ ᠰᠢᠪᠠᠷ ᠢ ᠠᠰᠢᠭᠯᠠᠵᠤ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠦᠨᠵᠡᠭᠡᠢ ᠤᠰᠤ ᠦᠭᠡᠶᠢᠳᠡᠭᠦᠯᠬᠦ ᠤᠷ᠎ᠠ | ᠮᠡᠷᠭᠡᠰᠢᠯ ᠤᠨ ᠪᠡᠯᠡᠳᠬᠡᠮᠵᠢ ᠶᠢ ᠵᠢᠷᠤᠮᠵᠢᠭᠤᠨ ᠠᠵᠢᠯᠯᠠᠭᠤᠯᠵᠤ᠂ ᠬᠤᠲᠠ ᠶᠢᠨ ᠶᠠᠪᠤᠳᠠᠯ ᠤᠨ ᠪᠣᠬᠢᠷ ᠰᠢᠪᠠᠷ ᠤᠨ | ᠡᠵᠡᠯᠡᠬᠦᠨ ᠢ ᠪᠠᠭᠠᠰᠬᠠᠨ ᠬᠡᠮᠵᠢᠶ᠎ᠡ ᠶᠢ ᠪᠠᠭᠠᠰᠬᠠᠬᠤ ᠦᠷ᠎ᠡ ᠪᠦᠲᠦᠮᠵᠢ ᠶᠢ ᠪᠠᠲᠤᠯᠠᠨ᠎ᠠ᠃ ᠡᠬᠢ ᠪᠠᠶᠠᠯᠢᠭᠵᠢᠭᠤᠯᠬᠤ ᠪᠠᠷ | ᠴᠢᠭᠯᠡᠯ ᠪᠣᠯᠭᠠᠨ᠂ ᠨᠡᠶᠢᠭᠡᠮ ᠤᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠪᠣᠬᠢᠷ ᠰᠢᠪᠠᠷ ᠢ ᠰᠢᠢᠳᠪᠦᠷᠢᠯᠡᠬᠦ | ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠪᠣᠬᠢᠷ ᠰᠢᠪᠠᠷ ᠢ ᠡᠬᠢ ᠪᠠᠶᠠᠯᠢᠭᠵᠢᠭᠤᠯᠤᠨ | ᠠᠰᠢᠭᠯᠠᠬᠤ ᠵᠠᠬ᠎ᠠ ᠳᠡᠯᠭᠡᠭᠦᠷ ᠢ ᠣᠯᠠᠨ ᠠᠷᠭ᠎ᠠ ᠵᠠᠮ ᠣᠯᠠᠨ ᠲᠠᠯ᠎ᠠ ᠠᠴᠠ ᠥᠷᠭᠡᠳᠬᠡᠵᠦ᠂ ᠪᠠᠷᠢᠯᠭ᠎ᠠ ᠶᠢᠨ | ᠮᠠᠲ᠋ᠧᠷᠢᠶᠠᠯ ᠪᠣᠯᠭᠠᠨ ᠠᠰᠢᠭᠯᠠᠬᠤ᠂ ᠭᠠᠵᠠᠷ ᠰᠢᠷᠣᠢ ᠪᠣᠯᠭᠠᠨ ᠠᠰᠢᠭᠯᠠᠬᠤ ᠪᠠᠷ ᠭᠤᠣᠯᠳᠠᠯᠭ᠎ᠠ ᠪᠣᠯᠭᠠᠨ᠂ ᠰᠢᠨᠵᠢᠯᠡᠬᠦ | ᠤᠬᠠᠭᠠᠨ ᠤ ᠰᠣᠳᠣᠯᠠᠭᠠᠨ ᠤ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ᠂ ᠪᠣᠬᠢᠷ ᠤᠰᠤ ᠶᠢ ᠰᠢᠢᠳᠪᠦᠷᠢᠯᠡᠬᠦ ᠠᠵᠤ | ᠠᠬᠤᠶᠢᠯᠠᠯ ᠵᠡᠷᠭᠡ ᠨᠢᠭᠡᠴᠡ ᠶᠢ ᠬᠥᠲᠥᠯᠥᠨ ᠵᠢᠯᠤᠭᠤᠳᠴᠤ ᠪᠣᠬᠢᠷ ᠰᠢᠪᠠᠷ ᠢ ᠡᠬᠢ ᠪᠠᠶᠠᠯᠢᠭᠵᠢᠭᠤᠯᠤᠨ ᠠᠰᠢᠭᠯᠠᠬᠤ | ᠮᠡᠷᠭᠡᠵᠢᠯ ᠢ ᠰᠤᠳᠤᠯᠤᠨ ᠨᠡᠭᠡᠭᠡᠵᠦ᠂ ᠪᠣᠬᠢᠷ ᠰᠢᠪᠠᠷ ᠢ ᠣᠯᠠᠨ ᠡᠰᠢᠵᠢᠭᠦᠯᠦᠨ ᠠᠰᠢᠭᠯᠠᠵᠤ ᠰᠢᠢᠳᠪᠦᠷᠢᠯᠡᠬᠦ ᠠᠷᠭ᠎ᠠ | ᠵᠠᠮ ᠪᠠ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ ᠪᠣᠬᠢᠷ ᠰᠢᠪᠠᠷ ᠢ ᠠᠰᠢᠭᠯᠠᠵᠤ ᠰᠢᠢᠳᠪᠦᠷᠢᠯᠡᠬᠦ ᠨᠣᠷᠮ᠎ᠠ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶ | ︵ᠵᠢᠷᠭᠤᠭ᠎ᠠ︶ ᠪᠠᠷᠢᠯᠭ᠎ᠠ ᠶᠢᠨ ᠬᠤᠭ ᠨᠣᠪᠰᠢ ᠶᠢ ᠴᠡᠭᠴᠡᠯᠡᠨ ᠵᠠᠰᠠᠵᠤ᠂ ᠬᠤᠳᠠ ᠶᠢᠨ ᠬᠥᠭᠵᠢᠯᠲᠡ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ | 1. ᠪᠠᠷᠢᠯᠭ᠎ᠠ ᠶᠢᠨ ᠬᠤᠭ ᠨᠣᠪᠰᠢ ᠶᠢᠨ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠪᠠᠷᠢᠯᠭ᠎ᠠ ᠶᠢᠨ ᠲᠤᠬᠠᠢ ᠶᠢᠨ ᠲᠠᠯᠠᠪᠤᠷ ᠤᠨ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ | ᠵᠢᠯᠣᠭᠤᠳᠤᠯᠭ᠎ᠠ ᠶᠢᠨ ᠭᠠᠷ ᠳᠡᠪᠲᠡᠷ ᠢ ᠨᠡᠶᠢᠲᠡᠯᠡᠵᠦ᠂ ᠪᠠᠷᠢᠯᠭ᠎ᠠ ᠶᠢᠨ ᠨᠢᠭᠡᠴᠡ ᠶᠢᠨ ᠡᠭᠦᠷᠢᠳᠡ ᠶᠢᠨ ᠪᠠ ᠲᠦᠷ | ᠴᠠᠭ ᠤᠨ ᠬᠢ ᠶᠢ ᠤᠶᠠᠯᠳᠤᠭᠤᠯᠬᠤ᠂ ᠲᠦᠷ ᠴᠠᠭ ᠤᠨ ᠪᠡᠯᠡᠳᠬᠡᠮᠵᠢ ᠪᠠ ᠡᠷᠭᠢᠯᠲᠡ ᠶᠢᠨ ᠮᠠᠲ᠋ᠧᠷᠢᠶᠠᠯ ᠢ ᠳᠠᠬᠢᠨ | ᠳᠠᠪᠲᠠᠨ ᠠᠰᠢᠭᠯᠠᠬᠤ ᠵᠡᠷᠭᠡ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠠᠪᠬᠤ ᠶᠢ ᠤᠯᠠᠮ ᠨᠢᠭᠡ ᠠᠯᠬᠤᠮ | ᠵᠢᠷᠤᠮᠵᠢᠭᠤᠯᠬᠤ ᠪᠠ ᠵᠢᠯᠣᠭᠤᠳᠤᠨ᠎ᠠ᠃ ᠪᠠᠷᠢᠯᠭ᠎ᠠ ᠶᠢᠨ ᠨᠢᠭᠡᠴᠡ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ | ᠪᠠᠭᠠᠰᠬᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢᠨ | ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠵᠠᠷᠤᠳᠠᠯ ᠢ ᠪᠠᠷᠢᠯᠭ᠎ᠠ ᠶᠢᠨ ᠲᠣᠶᠢᠮᠣ ᠲᠥᠰᠥᠪ ᠲᠤ ᠣᠷᠣᠭᠤᠯᠬᠤ ᠶᠢ | ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠬᠤᠲᠠ ᠶᠢᠨ ᠶᠠᠪᠤᠳᠠᠯ ᠤᠨ | ᠰᠠᠭᠤᠷᠢ ᠪᠡᠯᠡᠳᠬᠡᠮᠵᠢ ᠶᠢ ᠣᠳᠣᠨ ᠲᠠᠰ ᠤᠨ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠣᠰᠣᠭᠠᠷ ᠵᠢᠷᠤᠭᠯᠠᠨ | ᠲᠥᠯᠥᠪᠯᠡᠬᠦ ᠪᠠ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢ | ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠳᠤ ᠬᠦᠷᠭᠡᠬᠦ ᠶᠢ ᠲᠦᠷᠭᠡᠳᠬᠡᠨ᠎ᠡ᠃ ᠤᠭᠰᠠᠷᠠᠮᠠᠯ ᠮᠠᠶ᠋ᠢᠭ ᠤᠨ | ᠪᠠᠷᠢᠯᠭ᠎ᠠ ᠶᠢ ᠶᠡᠬᠡᠪᠡᠷ ᠬᠥᠭᠵᠢᠭᠦᠯᠵᠦ᠂ ᠰᠢᠨ᠎ᠡ ᠪᠠᠷ ᠪᠠᠶᠢᠭᠤᠯᠬᠤ ᠬᠤᠳᠠ ᠪᠠᠯᠭᠠᠰᠤᠨ ᠤ ᠠᠷᠠᠳ ᠤᠨ ᠬᠡᠷᠡᠭᠯᠡᠭᠡᠨ ᠤ | ᠪᠠᠷᠢᠯᠭ᠎ᠠ ᠶᠢᠨ ᠲᠥᠯᠥᠪᠵᠢᠭᠦᠯᠬᠦ ᠨᠥᠬᠦᠴᠡᠯ᠂ ᠪᠦᠲᠦᠭᠡᠨ ᠪᠠᠶᠢᠭᠤᠯᠬᠤ ᠨᠥᠬᠦᠴᠡᠯ ᠳᠤ ᠤᠭᠰᠠᠷᠠᠮᠠᠯ ᠮᠠᠶ᠋ᠢᠭ ᠤᠨ | ᠪᠠᠷᠢᠯᠭ᠎ᠠ ᠶᠢᠨ ᠬᠠᠷᠢᠴᠠᠯ᠂ ᠤᠭᠰᠠᠷᠠᠬᠤ ᠨᠤᠷᠮ᠎ᠠ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ ᠪᠡᠯᠡ ᠣᠷᠣᠭᠤᠯᠬᠤ | ᠪᠤᠶᠤ ᠵᠠᠰᠠᠭ ᠤᠨ ᠣᠷᠳᠣᠨ ᠪᠡᠯᠡ ᠣᠷᠣᠭᠤᠯᠬᠤ ᠪᠠᠷ ᠭᠤᠣᠯ ᠪᠣᠯᠭᠠᠭᠰᠠᠨ ᠪᠠᠷᠢᠯᠭ᠎ᠠ ᠶᠢ ᠪᠦᠬᠦ ᠲᠠᠯ᠎ᠠ ᠪᠠᠷ ᠤᠭᠰᠠᠷᠠᠮᠠᠯ | ᠮᠠᠶ᠋ᠢᠭ ᠤᠨ ᠪᠠᠷᠢᠯᠭ᠎ᠠ ᠶᠢᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠪᠠᠷᠢᠯᠭ᠎ᠠ ᠶᠢᠨ ᠬᠤᠭ ᠨᠣᠪᠰᠢ ᠶᠢᠨ | ᠲᠡᠭᠡᠭᠡᠪᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠡᠭᠡᠭᠡᠪᠦᠷᠢ ᠶᠢᠨ ᠵᠠᠮ ᠱᠤᠭᠤᠮ ᠪᠠ ᠴᠠᠭ ᠬᠤᠭᠤᠴᠠᠭ᠎ᠠ ᠶᠢ | ᠲᠣᠭᠲᠠᠭᠠᠨ᠂ ︽ᠢᠨᠲ᠋ᠧᠷ ᠰᠦᠯᠵᠢᠶ᠎ᠡ + ᠬᠥᠳᠡᠯᠦᠩᠭᠦᠢ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ︾ ᠠᠷᠭ᠎ᠠ | ᠪᠠᠷᠢᠯ ᠢ ᠬᠡᠷᠡᠭᠯᠡᠨ᠂ ᠪᠥᠬᠦ ᠶᠠᠪᠤᠴᠠ ᠶᠢᠨ᠂ ᠵᠢᠷᠤᠮᠵᠢᠭᠰᠠᠨ᠂ ᠥᠨᠴᠥᠭ ᠪᠤᠯᠤᠩ ᠦᠭᠡᠢ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | 2. ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠬᠤᠭ | ᠨᠣᠪᠰᠢ ᠶᠢᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠠᠵᠢᠯ ᠤᠨ ᠲᠥᠯᠦᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠵᠤ᠂ ᠪᠠᠷᠢᠯᠭ᠎ᠠ ᠶᠢᠨ ᠬᠤᠭ ᠤᠨ ᠲᠠᠯᠠᠪᠠᠢ ᠶᠢᠨ ᠪᠡᠯᠡᠳᠬᠡᠮᠵᠢ ᠪᠠ ᠲᠠᠯᠠᠪᠤᠷ ᠭᠠᠵᠠᠷ ᠢ | ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠯᠠᠭᠤᠯᠤᠨ᠎ᠠ᠃ ᠪᠠᠷᠢᠯᠭ᠎ᠠ ᠶᠢᠨ ᠬᠤᠭ ᠤᠨ ᠲᠠᠯᠠᠪᠠᠶ ᠪᠠ | ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠷᠢᠯᠭ᠎ᠠ ᠶᠢᠨ | ᠬᠤᠭ ᠨᠣᠪᠰᠢ ᠶᠢ ᠠᠰᠢᠭᠯᠠᠵᠤ ᠰᠢᠢᠳᠪᠦᠷᠢᠯᠡᠬᠦ ᠴᠢᠳᠠᠪᠤᠷᠢ ᠶᠢᠨ ᠳᠤᠲᠠᠭᠤᠳᠠᠯ ᠢ ᠠᠯᠢ ᠬᠤᠷᠳᠤᠨ ᠢᠶᠠᠷ | ᠨᠥᠬᠦᠪᠦᠷᠢᠯᠡᠨ᠎ᠡ᠃ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠬᠥᠬᠡᠬᠤᠲᠠ ᠶᠢᠨ | ᠬᠤᠳᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ︾ ︵ᠵᠠᠰᠠᠭ ᠤᠨ ᠣᠷᠳᠣᠨ ᠤ ᠵᠠᠷᠯᠢᠭ | 2009 ᠣᠨ ᠤ 13 ᠳ᠋ᠤᠭᠠᠷ ᠲᠣᠭᠠᠲᠤ︶ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠵᠤ᠂ ᠪᠠᠷᠢᠯᠭ᠎ᠠ ᠶᠢᠨ | ᠬᠤᠭ ᠨᠣᠪᠰᠢ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠶᠢ ᠲᠠᠰᠤᠷᠠᠯᠳᠠ ᠦᠭᠡᠢ | ᠲᠡᠭᠦᠯᠳᠡᠷᠵᠢᠭᠦᠯᠦᠨ᠎ᠡ᠃ ᠪᠠᠷᠢᠯᠭ᠎ᠠ ᠶᠢᠨ ᠨᠢᠭᠡᠴᠡ ᠶᠢᠨ ᠪᠠᠷᠢᠯᠭ᠎ᠠ ᠶᠢᠨ ᠬᠤᠭ ᠨᠣᠪᠰᠢ ᠰᠢᠢᠳᠪᠦᠷᠢᠯᠡᠬᠦ ᠲᠥᠰᠥᠯ ᠢ | ᠨᠠᠶᠢᠷᠠᠭᠤᠯᠤᠨ ᠵᠣᠬᠢᠶᠠᠬᠤ ᠵᠦᠭᠯᠡᠭᠦᠷ ᠢ ᠲᠣᠭᠲᠠᠭᠠᠨ ᠨᠡᠶᠢᠲᠡᠯᠡᠵᠦ᠂ ᠪᠠᠷᠢᠯᠭ᠎ᠠ ᠶᠢᠨ ᠬᠤᠭ ᠨᠣᠪᠰᠢ ᠶᠢᠨ ᠡᠬᠢ | ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | 3. ᠪᠠᠷᠢᠯᠭ᠎ᠠ ᠶᠢᠨ ᠬᠤᠭ ᠨᠣᠪᠰᠢ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠎ᠡ᠃ | ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠪᠣᠯᠣᠨ ᠰᠢᠶᠠᠨ ᠤ ᠱᠠᠲᠤᠨ ᠤ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠢᠶᠠᠷᠤᠯᠲᠠ ᠶᠢᠨ ᠬᠤᠯᠪᠣᠯᠳᠤᠯ ᠢ ᠴᠢᠩᠭᠠᠳᠬᠠᠵᠤ᠂ | ᠬᠠᠷᠢᠯᠴᠠᠨ ᠬᠠᠮᠵᠢᠯᠴᠠᠵᠤ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠤᠨ᠎ᠠ᠃ ᠳᠠᠭᠠᠭᠤᠯᠢ ᠣᠳᠣᠨ ᠤ ᠠᠯᠤᠰ ᠰᠡᠷᠡᠯ ᠪᠠ ᠲᠤᠬᠠᠢ ᠶᠢᠨ ᠲᠠᠯᠠᠪᠤᠷ ᠲᠤ | ᠬᠠᠷᠭᠤᠭᠤᠯᠤᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠰᠢᠭᠯᠠᠨ᠂ ᠪᠥᠬᠦ ᠬᠤᠲᠠ ᠶᠢᠨ | ᠪᠠᠷᠢᠯᠭ᠎ᠠ ᠶᠢᠨ ᠬᠤᠭ ᠨᠣᠪᠰᠢ ᠶᠢᠨ ᠣᠪᠣᠭ᠎ᠠ ᠶᠢ ᠰᠢᠰᠲ᠋ᠧᠮ ᠲᠠᠢ ᠵᠢᠭᠰᠠᠭᠠᠨ ᠪᠠᠶᠢᠴᠠᠭᠠᠵᠤ᠂ ᠲᠥᠷᠥᠯ ᠬᠤᠪᠢᠶᠠᠨ | ᠬᠠᠮᠢᠶᠠᠷᠤᠨ ᠡᠵᠡᠮᠳᠡᠬᠦ ᠲᠥᠰᠥᠯ ᠢ ᠰᠤᠳᠤᠯᠤᠨ ᠲᠣᠭᠲᠠᠭᠠᠨ᠎ᠠ᠃ ︽ᠨᠢᠭᠡ ᠴᠡᠭ ᠲᠤ ᠨᠢᠭᠡ ᠠᠷᠭ᠎ᠠ ᠪᠣᠳᠣᠯᠭ᠎ᠠ︾ | ᠶᠢᠨ ᠵᠠᠷᠴᠢᠮ ᠶᠣᠰᠣᠭᠠᠷ᠂ ᠪᠠᠷᠢᠯᠭ᠎ᠠ ᠶᠢᠨ ᠬᠤᠭ ᠨᠣᠪᠰᠢ ᠶᠢᠨ ᠣᠪᠣᠭ᠎ᠠ ᠶᠢ ᠵᠠᠰᠠᠬᠤ ᠲᠥᠰᠥᠯ ᠢ ᠴᠠᠭ ᠲᠤᠬᠠᠢ | ᠳᠤᠨᠢ ᠲᠣᠭᠲᠠᠭᠠᠨ᠎ᠠ᠃ ᠬᠤᠰᠢᠭᠤ ᠰᠢᠶᠠᠨ ᠲᠣᠭᠤᠷᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠵᠣᠬᠢᠶᠠᠨ ᠪᠠᠶᠢᠭᠤᠯᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠ ︽ᠡᠷᠬᠢᠨ ᠬᠠᠷᠠᠬᠤ︾ ᠶᠢ | ᠠᠬᠢᠭᠤᠯᠵᠤ᠂ ᠵᠢᠭᠰᠠᠭᠠᠨ ᠪᠠᠶᠢᠴᠠᠭᠠᠬᠤ ᠳᠤ ᠰᠣᠬᠤᠷ ᠪᠠᠯᠠᠢ ᠭᠠᠵᠠᠷ ᠦᠯᠡᠳᠡᠭᠡᠬᠦ ᠦᠭᠡᠢ᠂ ᠴᠡᠭᠴᠡᠯᠡᠨ ᠵᠠᠰᠠᠬᠤ ᠳᠤ | ᠥᠨᠴᠥᠭ ᠪᠤᠯᠤᠩ ᠦᠯᠡᠳᠡᠭᠡᠬᠦ ᠦᠭᠡᠢ᠂ ᠠᠰᠠᠭᠤᠳᠠᠯ ᠢ ᠪᠦᠬᠦᠨ ᠢ ᠲᠣᠭᠲᠠᠭᠰᠠᠨ ᠬᠤᠭᠤᠴᠠᠭᠠᠨ ᠳᠤ | ᠰᠢᠢᠳᠪᠦᠷᠢᠯᠡᠨ᠎ᠡ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠲᠤᠯᠤᠭ᠎ᠠ︶ ᠠᠶᠤᠯᠲᠠᠢ ᠬᠠᠶᠠᠭᠳᠠᠮᠠᠯ ᠪᠣᠳᠠᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠷᠴᠢᠨ | ᠲᠣᠭᠤᠷᠢᠨ ᠤ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ᠎ᠡ | 1. ᠨᠡᠶᠢᠲᠡᠯᠢᠭ ᠠᠶᠤᠯᠲᠠᠢ ᠬᠠᠶᠠᠭᠳᠠᠮᠠᠯ ᠪᠣᠳᠠᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠲᠠᠢ | ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠠᠮᠢᠳᠤ ᠪᠣᠳᠠᠰ ᠤᠨ | ᠡᠮ ᠡᠮᠨᠡᠯᠭᠡ᠂ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ ᠬᠠᠶᠢᠯᠤᠭᠤᠯᠬᠤ | ᠠᠵᠢᠯ ᠲᠥᠷᠥᠯ ᠤᠨ ᠠᠵᠤ ᠠᠬᠤᠶᠢᠯᠠᠯ ᠢ ᠠᠯᠬᠤᠮ ᠠᠯᠬᠤᠮ ᠢᠶᠠᠷ ᠠᠯᠪᠠᠳᠠᠯᠭ᠎ᠠ ᠶᠢᠨ ᠴᠢᠨᠠᠷᠲᠠᠢ ᠠᠷᠢᠭᠤᠨ ᠴᠡᠪᠡᠷ | ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠳᠤ ᠣᠷᠣᠭᠤᠯᠵᠤ᠂ ᠬᠠᠶᠠᠭᠳᠠᠮᠠᠯ ᠪᠠᠺᠲ᠋ᠧᠷᠢ ᠶᠢᠨ ᠰᠢᠭᠠᠷᠤ᠂ | ᠬᠠᠶᠠᠭᠳᠠᠮᠠᠯ ᠬᠦᠴᠢᠯ᠂ ᠬᠥᠩᠭᠡᠨ ᠴᠠᠭᠠᠨ ᠤ ᠦᠨᠡᠰᠦ ᠵᠡᠷᠭᠡ ᠠᠶᠤᠯᠲᠠᠢ ᠬᠠᠶᠠᠭᠳᠠᠮᠠᠯ ᠪᠣᠳᠠᠰ ᠤᠨ ᠡᠭᠦᠰᠬᠦ | ᠬᠦᠴᠦᠯᠡᠴᠡ ᠶᠢ ᠪᠠᠭᠤᠷᠠᠭᠤᠯᠤᠨ᠎ᠠ᠃ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ ᠶᠢᠨ ︽︿ᠬᠥᠬᠡᠬᠤᠲᠠ ᠶᠢᠨ ᠠᠵᠤ ᠦᠢᠯᠡᠳᠪᠦᠷᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ | ᠮᠡᠳᠡᠭᠳᠡᠯ︾ ︵ᠬᠥᠬᠡᠬᠤᠲᠠ ᠠᠵᠤ ᠦᠢᠯᠡᠳᠪᠦᠷᠢ ᠮᠡᠳᠡᠭᠡ ᠲᠠᠷᠬᠠᠭᠠᠭᠰᠠᠨ ﹇2022﹈ 101 ᠳ᠋ᠦ᠋ᠭᠡᠷ ᠲᠣᠭᠠᠲᠤ︶ | ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠠᠶᠠᠭᠳᠠᠮᠠᠯ ᠪᠠᠺᠲ᠋ᠧᠷᠢ ᠶᠢᠨ | ᠰᠢᠭᠠᠷᠤ᠂ ᠬᠠᠶᠠᠭᠳᠠᠮᠠᠯ ᠬᠦᠴᠢᠯ᠂ ᠨᠠᠷᠢᠯᠢᠭ ᠨᠡᠷᠡᠯᠲᠡ ᠶᠢᠨ ᠦᠯᠡᠳᠡᠭᠳᠡᠯ ᠰᠢᠭᠠᠷᠤ ᠵᠡᠷᠭᠡ ᠠᠶᠤᠯᠲᠠᠢ ᠬᠠᠶᠠᠭᠳᠠᠮᠠᠯ | ᠪᠣᠳᠠᠰ ᠡᠭᠦᠰᠬᠦ ᠶᠢ ᠪᠠᠭᠠᠰᠬᠠᠬᠤ ᠪᠠᠷ ᠬᠠᠷᠠᠯᠲᠠ ᠪᠣᠯᠭᠠᠵᠤ᠂ ᠠᠮᠢᠳᠤ ᠪᠣᠳᠠᠰ ᠤᠨ ᠡᠮ ᠡᠮᠨᠡᠯᠭᠡ᠂ ᠴᠢᠯᠠᠭᠤᠨ | ᠲᠣᠰᠣᠨ ᠤ ᠬᠢᠮᠢ ᠶᠢᠨ ᠠᠵᠤ ᠦᠢᠯᠡᠳᠪᠦᠷᠢ᠂ ᠬᠡᠦᠷᠰᠢᠭᠦᠯᠬᠦ ᠵᠢᠴᠢ ᠼᠢᠶᠠᠨ ᠤ ᠱᠦᠯᠲᠦ ᠵᠡᠷᠭᠡ ᠬᠠᠶᠠᠭᠳᠠᠮᠠᠯ ᠪᠤᠳᠠᠰ | ᠭᠠᠷᠭᠠᠬᠤ ᠭᠤᠣᠯᠳᠠᠯᠭ᠎ᠠ ᠲᠠᠢ ᠠᠵᠢᠯ ᠲᠥᠷᠥᠯ ᠢ ᠬᠥᠲᠥᠯᠥᠨ ᠵᠢᠯᠤᠭᠤᠳᠴᠤ ᠤᠷ᠎ᠠ ᠮᠡᠷᠭᠡᠰᠢᠯ ᠤᠨ | ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠶᠢᠨ ᠬᠠᠮᠲᠤ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ | ᠴᠠᠩ ᠱᠧᠩ ᠡᠮ ᠦᠶᠯᠡᠳᠬᠦ᠂ ᠮᠧᠩ ᠯᠢᠶᠠᠨ ᠴᠢᠯᠠᠭᠤᠨ ᠲᠣᠰᠣ᠂ ᠳ᠋ᠠ ᠲᠠᠩ ᠬᠦᠩᠭᠡᠨ ᠴᠠᠭᠠᠨ ᠴᠠᠬᠢᠯᠭᠠᠨ ᠵᠡᠷᠭᠡ | ᠥᠪᠡᠷᠲᠡᠭᠡᠨ ᠠᠰᠢᠭᠯᠠᠵᠤ ᠰᠢᠢᠳᠪᠦᠷᠢᠯᠡᠬᠦ ᠪᠡᠯᠡᠳᠬᠡᠮᠵᠢ ᠶᠢ ᠢᠵᠢ ᠪᠦᠷᠢᠳᠦᠭᠦᠯᠦᠨ ᠪᠠᠶᠢᠭᠤᠯᠤᠭᠰᠠᠨ ᠬᠠᠶᠠᠭᠳᠠᠮᠠᠯ | ᠪᠤᠳᠠᠰ ᠭᠠᠷᠭᠠᠬᠤ ᠠᠵᠤ ᠠᠬᠤᠶᠢᠯᠠᠯ᠂ ᠠᠵᠤ ᠠᠬᠤᠶᠢᠯᠠᠯ ᠤᠨ ᠳᠣᠲᠣᠭᠠᠳᠤ ᠶᠢᠨ ᠠᠶᠤᠯᠲᠠᠢ ᠬᠠᠶᠠᠭᠳᠠᠮᠠᠯ ᠪᠣᠳᠠᠰ ᠤᠨ | ᠬᠠᠮᠢᠶᠠᠷᠤᠯᠲᠠ ᠪᠠᠨ ᠴᠢᠩᠭᠠᠳᠬᠠᠨ᠂ ᠠᠶᠤᠯᠲᠠᠢ ᠬᠠᠶᠠᠭᠳᠠᠮᠠᠯ ᠪᠣᠳᠠᠰ ᠢ ᠠᠰᠢᠭᠯᠠᠵᠤ ᠰᠢᠢᠳᠪᠦᠷᠢᠯᠡᠬᠦ | ᠪᠡᠯᠡᠳᠬᠡᠮᠵᠢ ᠶᠢᠨ ᠠᠵᠢᠯᠯᠠᠭᠠᠨ ᠤ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠢ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 2. ᠬᠤᠷᠢᠶᠠᠵᠤ ᠲᠡᠭᠡᠭᠡᠪᠦᠷᠢᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠶᠤᠯᠲᠠᠢ ᠬᠠᠶᠠᠭᠳᠠᠮᠠᠯ | ᠪᠣᠳᠠᠰ ᠢ ᠵᠢᠷᠤᠮᠵᠢᠭᠤᠨ ᠴᠤᠭᠯᠠᠭᠤᠯᠬᠤ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ | ᠲᠣᠭᠤᠷᠢᠨ ᠤ ᠲᠢᠩᠬᠢᠮ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ | ᠠᠬᠤᠶᠢᠯᠠᠯ ᠤᠨ ᠠᠶᠤᠯᠲᠠᠢ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠬᠤ ᠲᠤᠷᠰᠢᠯᠲᠠ ᠶᠢᠨ ᠬᠡᠷᠡᠭᠵᠢᠭᠦᠯᠬᠦ | ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠣᠷᠴᠢᠨ ᠠᠯᠪᠠᠨ ﹇2022﹈ 239 | ᠳ᠋ᠦ᠋ᠭᠡᠷ ᠲᠣᠭᠠᠲᠤ︶ ᠢ ᠨᠠᠶᠢᠳᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠨᠡᠯᠢᠶᠡᠳ ᠲᠥᠪᠯᠡᠷᠡᠭᠰᠡᠨ ᠰᠢᠨ᠎ᠡ | ᠬᠤᠲᠠ ᠲᠣᠭᠤᠷᠢᠭ᠂ ᠰᠠᠶᠢᠬᠠᠨ ᠲᠣᠭᠤᠷᠢᠭ᠂ ᠬᠤᠷᠢᠨᠭᠡᠷ ᠰᠢᠶᠠᠨ ᠪᠠ ᠲᠦᠮᠡᠳ ᠵᠡᠭᠦᠨ ᠬᠤᠰᠢᠭᠤᠨ ᠳᠤ | ᠲᠤᠷᠰᠢᠯᠲᠠ ᠶᠢᠨ ᠨᠢᠭᠡᠴᠡ ᠶᠢ ᠨᠢᠭᠡᠳᠦᠯᠲᠡᠢ ᠲᠥᠯᠥᠪᠯᠡᠨ ᠪᠠᠶᠢᠷᠢᠰᠢᠭᠤᠯᠵᠤ᠂ ᠲᠤᠷᠰᠢᠯᠲᠠ ᠶᠢᠨ ᠨᠢᠭᠡᠴᠡ ᠶᠢᠨ | ᠴᠤᠭᠯᠠᠭᠤᠯᠬᠤ ᠲᠥᠷᠥᠯ ᠵᠦᠢᠯ ᠪᠠ ᠬᠡᠪᠴᠢᠶ᠎ᠡ ᠶᠢ ᠲᠣᠳᠣᠷᠬᠠᠶᠢᠯᠠᠵᠤ᠂ ᠣᠷᠴᠢᠨ ᠲᠣᠭᠤᠷᠢᠨ ᠤ ᠦᠨᠡᠯᠡᠯᠲᠡ ᠶᠢᠨ | ᠬᠠᠮᠢᠶᠠᠷᠤᠯᠲᠠ ᠯᠤᠭ᠎ᠠ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ | ᠴᠤᠭᠯᠠᠭᠤᠯᠬᠤ ᠲᠤᠷᠰᠢᠯᠲᠠ ᠶᠢᠨ ᠨᠢᠭᠡᠴᠡ ᠨᠦᠭᠦᠳ ᠠᠶᠤᠯᠲᠠᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ | ᠲᠥᠯᠥᠪᠯᠡᠭᠡ ᠪᠠ ᠡᠬᠡ ᠲᠠᠩᠰᠠ ᠶᠢ ᠵᠢᠷᠤᠮᠵᠢᠭᠤᠯᠤᠨ ᠪᠠᠶᠢᠭᠤᠯᠬᠤ᠂ ᠠᠶᠤᠯᠲᠠᠢ ᠬᠠᠶᠠᠭᠳᠠᠮᠠᠯ ᠪᠣᠳᠠᠰ ᠤᠨ ᠮᠡᠳᠡᠭᠡ | ᠵᠠᠩᠭᠢ ᠶᠢ ᠦᠨᠡᠨ ᠮᠥᠨ ᠢᠶᠠᠷ ᠨᠢ ᠮᠡᠳᠡᠭᠦᠯᠬᠦ ᠵᠡᠷᠭᠡ ᠶᠢ ᠪᠠᠭᠲᠠᠭᠠᠭᠰᠠᠨ ᠬᠠᠶᠠᠭᠳᠠᠮᠠᠯ ᠪᠤᠳᠠᠰ ᠭᠠᠷᠭᠠᠬᠤ ᠬᠥᠮᠥᠨ ᠤ | ᠬᠠᠷᠢᠭᠤᠴᠠᠯᠭ᠎ᠠ ᠶᠢ ᠣᠷᠣᠯᠠᠨ ᠭᠦᠢᠴᠡᠳᠬᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ | ᠲᠣᠭᠤᠷᠢᠨ ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠠᠶᠠᠭᠳᠠᠮᠠᠯ ᠬᠠᠷ᠎ᠠ ᠲᠤᠭᠤᠯᠭᠠᠨ ᠳ᠋ᠢᠶᠠᠨ ᡂᠢ ᠶᠢ ᠲᠥᠪᠯᠡᠷᠡᠭᠦᠯᠦᠨ ᠴᠤᠭᠯᠠᠭᠤᠯᠬᠤ | ᠪᠠ ᠣᠷᠣᠨ ᠪᠦᠰᠡ ᠠᠯᠤᠰᠯᠠᠨ ᠳᠠᠮᠵᠢᠭᠤᠯᠤᠨ ᠲᠡᠭᠡᠭᠡᠪᠦᠷᠢᠯᠡᠬᠦ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ | ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠣᠷᠴᠢᠨ ᠠᠯᠪᠠᠨ ﹇2022﹈ 6 ᠳ᠋ᠤᠭᠠᠷ ᠲᠣᠭᠠᠲᠤ | ︶ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠲᠠᠢ ᠨᠢᠭᠡᠴᠡ ᠶᠢᠨ ᠲᠤᠷᠰᠢᠯᠲᠠ ᠶᠢᠨ ᠠᠵᠢᠯ ᠳᠤ | ᠣᠷᠤᠯᠴᠠᠬᠤ ᠶᠢ ᠵᠣᠷᠢᠭᠵᠢᠭᠤᠯᠵᠤ᠂ ᠪᠣᠷᠤᠯᠠᠭᠤᠯᠭ᠎ᠠ ᠶᠢᠨ ᠲᠣᠣᠷ ᠴᠡᠭ᠂ ᠮᠠᠰᠢᠨᠲᠤ ᠲᠡᠷᠭᠡᠨ ᠤ 4S ᠳᠡᠯᠭᠡᠭᠦᠷ ᠵᠢᠴᠢ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ ᠴᠡᠭ ︵ᠰᠡᠯᠪᠢᠨ ᠵᠠᠰᠠᠬᠤ ᠴᠡᠭ︶ ᠲᠤ ᠲᠦᠰᠢᠭᠯᠡᠨ | ᠬᠤᠷᠢᠶᠠᠨ ᠠᠪᠬᠤ ᠲᠣᠣᠷ ᠴᠡᠭ ᠪᠠᠶᠢᠭᠤᠯᠵᠤ᠂ ᠬᠤᠷᠢᠶᠠᠨ ᠴᠤᠭᠯᠠᠭᠤᠯᠬᠤ ᠲᠣᠣᠷ ᠢ ᠲᠡᠭᠦᠯᠳᠡᠷᠵᠢᠭᠦᠯᠬᠦ ᠬᠡᠷᠡᠭᠲᠡᠢ᠃ | ᠬᠠᠷ᠎ᠠ ᠲᠤᠭᠤᠯᠭᠠᠨ ᠳ᠋ᠢᠶᠠᠨ ᡂᠢ ᠶᠢᠨ ᠲᠤᠷᠰᠢᠯᠲᠠ ᠶᠢᠨ ᠨᠢᠭᠡᠴᠡ ᠠᠶᠤᠯᠲᠠᠢ ᠬᠠᠶᠠᠭᠳᠠᠮᠠᠯ ᠪᠣᠳᠠᠰ ᠢ ᠬᠤᠷᠢᠶᠠᠨ | ᠴᠤᠭᠯᠠᠭᠤᠯᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠤᠶᠤᠴᠢᠯᠠᠨ ᠠᠪᠴᠤ᠂ ᠬᠠᠷ᠎ᠠ | ᠲᠤᠭᠤᠯᠭᠠᠨ ᠳ᠋ᠢᠶᠠᠨ ᡂᠢ ᠶᠢ ᠬᠤᠷᠢᠶᠠᠨ ᠴᠤᠭᠯᠠᠭᠤᠯᠬᠤ᠂ ᠬᠠᠳᠠᠭᠠᠯᠠᠬᠤ ᠠᠵᠢᠯᠯᠠᠭ᠎ᠠ ᠶᠢ ᠵᠢᠷᠤᠮᠵᠢᠭᠤᠨ ᠥᠷᠨᠢᠭᠦᠯᠬᠦ | ᠬᠡᠷᠡᠭᠲᠡᠢ᠂ ᠨᠥᠬᠦᠴᠡᠯ ᠳᠤ ᠨᠡᠶᠢᠴᠡᠭᠰᠡᠨ ᠢ ᠠᠶᠤᠯᠲᠠᠢ ᠬᠠᠶᠠᠭᠳᠠᠮᠠᠯ ᠪᠣᠳᠠᠰ ᠢ ᠰᠢᠯᠵᠢᠭᠦᠯᠬᠦ᠂ ᠲᠡᠭᠡᠭᠡᠪᠦᠷᠢᠯᠡᠬᠦ | ᠱᠠᠭᠠᠷᠳᠠᠯᠭ᠎ᠠ ᠠᠴᠠ ᠬᠡᠯᠲᠦᠷᠢᠭᠦᠯᠵᠦ ᠪᠣᠯᠣᠨ᠎ᠠ᠃ ᠪᠣᠶᠢᠲᠠ ᠪᠦᠭᠯᠡᠭᠦᠦ ᠪᠥᠭᠡᠳ ᠬᠥᠮᠥᠨ ᠠᠮᠠ ᠴᠥᠭᠡᠨ ᠦᠴᠦᠸᠠᠨ | ᠰᠢᠶᠠᠨ ᠪᠠ ᠴᠢᠩ ᠱᠦᠢ ᠾᠧ ᠰᠢᠶᠠᠨ ᠳᠤ ᠬᠠᠨᠳᠤᠭᠤᠯᠤᠨ᠂ ︽ᠪᠠᠯᠭᠠᠰᠤᠨ ᠳᠡᠭᠡᠷ᠎ᠡ ᠴᠤᠭᠯᠠᠭᠤᠯᠵᠤ᠂ | ᠰᠢᠶᠠᠨ ᠳᠡᠭᠡᠷ᠎ᠡ ᠬᠠᠳᠠᠭᠠᠯᠠᠵᠤ᠂ ᠬᠤᠳᠠ ᠠᠴᠠ ᠳᠠᠮᠵᠢᠭᠤᠯᠤᠨ ᠲᠡᠭᠡᠭᠡᠪᠦᠷᠢᠯᠡᠬᠦ︾ ᠡᠮᠴᠢᠯᠡᠭᠡᠨ ᠤ ᠬᠠᠶᠠᠭᠳᠠᠮᠠᠯ | ᠪᠣᠳᠠᠰ ᠢ ᠬᠤᠷᠢᠶᠠᠨ ᠲᠡᠭᠡᠭᠡᠪᠦᠷᠢᠯᠡᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ 2025 ᠣᠨ ᠪᠣᠯᠬᠤ ᠳᠤ᠂ ᠪᠥᠬᠦ | ᠬᠤᠲᠠ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ ᠰᠢᠯᠵᠢᠭᠦᠯᠦᠨ ᠲᠡᠭᠡᠭᠡᠪᠦᠷᠢᠯᠡᠵᠦ | ᠰᠢᠢᠳᠪᠦᠷᠢᠯᠡᠬᠦ ᠰᠢᠰᠲ᠋ᠧᠮᠵᠢ ᠶᠢ ᠬᠥᠳᠡᠭᠡ ᠲᠣᠰᠬᠤᠨ ᠤ ᠭᠠᠵᠠᠷ ᠣᠷᠣᠨ ᠳᠤ ᠪᠦᠷᠬᠦᠭᠦᠯᠬᠦ ᠪᠠᠷ ᠴᠢᠷᠮᠠᠶᠢᠵᠤ᠂ | ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢ | 100% ᠳᠤ ᠬᠦᠷᠭᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 3. ᠠᠰᠢᠭᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ | ᠬᠠᠶᠠᠭᠳᠠᠮᠠᠯ ᠪᠣᠳᠠᠰ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠪᠥᠷ | ᠮᠣᠩᠭᠤᠯ ᠤᠨ ᠬᠤᠸᠠ ᠶᠢᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠤᠷᠢᠶᠠᠨ | ᠠᠰᠢᠭᠯᠠᠵᠤ ᠵᠢᠯ ᠳᠤ 10 ᠲᠦᠮᠡᠨ ᠲᠣᠨ ᠳᠠᠬᠢᠯᠲᠠ ᠲᠤᠭᠤᠯᠭ᠎ᠠ ᠦᠢᠯᠡᠳᠪᠦᠷᠢᠯᠡᠬᠦ ᠲᠥᠷᠥᠯ ᠵᠦᠢᠯ᠂ ᠥᠪᠥᠷ | ᠮᠣᠩᠭᠤᠯ ᠤᠨ ᠮᠧᠩ ᠨᠧᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠳᠠᠬᠢᠨ ᠠᠰᠢᠭᠯᠠᠬᠤ ᠲᠥᠷᠥᠯ | ᠵᠦᠢᠯ ᠵᠡᠷᠭᠡ ᠶᠢ ᠪᠠᠶᠢᠭᠤᠯᠵᠤ ᠳᠠᠭᠤᠰᠬᠠᠬᠤ ᠶᠢ ᠠᠬᠢᠭᠤᠯᠵᠤ᠂ ᠬᠠᠶᠠᠭᠳᠠᠮᠠᠯ ᠬᠠᠷ᠎ᠠ ᠲᠤᠭᠤᠯᠭᠠᠨ ᠳ᠋ᠢᠶᠠᠨ ᡂᠢ᠂ | ᠬᠠᠶᠠᠭᠳᠠᠮᠠᠯ ᠲᠦᠷᠭᠡᠳᠬᠡᠭᠦᠷ ᠪᠠ ᠬᠠᠶᠠᠭᠳᠠᠮᠠᠯ ᠬᠦᠬᠦᠷ ᠬᠦᠴᠢᠯ ᠵᠡᠷᠭᠡ ᠠᠶᠤᠯᠲᠠᠢ ᠬᠠᠶᠠᠭᠳᠠᠮᠠᠯ ᠪᠣᠳᠠᠰ ᠢ | ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠷᠢᠨᠭᠡᠷ ᠰᠢᠶᠠᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠡᠭᠡᠭᠦᠯᠦᠨ ᠬᠤᠷᠢᠶᠠᠨ ᠠᠪᠴᠤ ᠪᠣᠯᠬᠤ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠬᠤᠲᠠ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠰᠢᠩᠭᠡᠨ ᠶᠡᠭᠦᠯᠡᠬᠦ ᠯᠣᠩᠬᠤ ︵ᠤᠭᠤᠲᠠ︶ ᠶᠢ ᠪᠥᠬᠦ ᠬᠡᠮᠵᠢᠶ᠎ᠡ ᠪᠠᠷ | ᠠᠰᠢᠭᠯᠠᠬᠤ ᠶᠢ ᠪᠡᠶᠡᠯᠡᠭᠦᠯᠦᠨ᠎ᠡ᠃ ᠬᠥᠬᠡᠬᠤᠲᠠ ᠶᠢᠨ ᠠᠶᠤᠯᠲᠠᠢ ︵ᠡᠮᠴᠢᠯᠡᠭᠡᠨ ᠤ︶ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠡᠮ ᠡᠮᠨᠡᠯᠭᠡ ᠶᠢᠨ ᠬᠠᠶᠠᠭᠳᠠᠮᠠᠯ | ᠪᠣᠳᠠᠰ ᠢ ᠰᠢᠢᠳᠪᠦᠷᠢᠯᠡᠬᠦ ᠰᠢᠯᠵᠢᠭᠦᠯᠵᠦ ᠪᠣᠯᠬᠤ ᠪᠡᠯᠡᠳᠬᠡᠮᠵᠢ᠂ ᠠᠶᠤᠯᠲᠠᠢ ᠬᠠᠶᠠᠭᠳᠠᠮᠠᠯ ᠪᠣᠳᠠᠰ ᠢ ᠰᠢᠲᠠᠭᠠᠬᠤ | ᠪᠡᠯᠡᠳᠬᠡᠮᠵᠢ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠪᠡᠯᠡᠳᠬᠡᠮᠵᠢ᠂ ᠠᠵᠤ ᠦᠢᠯᠡᠳᠪᠦᠷᠢ ᠶᠢᠨ ᠵᠤᠤᠬ᠎ᠠ | ᠵᠡᠷᠭᠡ ᠶᠢ ᠬᠦᠨᠳᠦ ᠬᠡᠴᠡᠭᠦᠦ ᠬᠢᠵᠢᠭ ᠤᠨ ᠪᠠᠶᠢᠳᠠᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠶᠢᠨ ᠪᠠᠲᠤᠯᠠᠭ᠎ᠠ ᠶᠢᠨ ᠰᠢᠰᠲ᠋ᠧᠮ ᠳᠤ ᠣᠷᠣᠭᠤᠯᠵᠤ᠂ ᠬᠦᠨᠳᠦ ᠬᠡᠴᠡᠭᠦᠦ ᠬᠢᠵᠢᠭ ᠤᠨ | ᠪᠠᠶᠢᠳᠠᠯ ᠤᠨ ᠡᠮᠴᠢᠯᠡᠭᠡᠨ ᠤ ᠪᠣᠳᠠᠰ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠬᠢ ᠪᠠᠶᠠᠯᠢᠭ ᠤᠨ ᠨᠠᠷᠢᠨ | ᠬᠠᠭᠤᠳᠠᠰᠤ ᠶᠢ ᠪᠠᠶᠢᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠪᠡᠯᠡᠳᠬᠡᠮᠵᠢ ᠶᠢᠨ ᠪᠠᠴᠢᠮ ᠪᠠᠶᠢᠳᠠᠯ ᠢ | ᠠᠷᠭᠠᠴᠠᠬᠤ ᠪᠠᠶᠢᠳᠠᠯ ᠤᠨ ᠬᠠᠮᠢᠶᠠᠷᠤᠯᠲᠠ ᠶᠢᠨ ᠴᠤᠪᠤᠷᠠᠯ ᠪᠠ ᠳᠦᠷᠢᠮ ᠢ ᠲᠣᠳᠣᠷᠬᠠᠢ ᠲᠣᠭᠲᠠᠭᠠᠨ᠎ᠠ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ | ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶ | 4. ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠶᠤᠯᠲᠠᠢ ᠬᠠᠶᠠᠭᠳᠠᠮᠠᠯ ᠪᠣᠳᠠᠰ ᠢ ᠬᠠᠮᠢᠶᠠᠷᠬᠤ ᠬᠠᠷᠢᠭᠤᠴᠠᠯᠭ᠎ᠠ ᠶᠢᠨ | ᠨᠠᠷᠢᠨ ᠬᠠᠭᠤᠳᠠᠰᠤ ᠶᠢ ᠰᠤᠳᠤᠯᠤᠨ ᠲᠣᠭᠲᠠᠭᠠᠨ᠎ᠠ᠃ ᠠᠮᠢ ᠠᠬᠤᠢ ᠣᠷᠴᠢᠨ ᠲᠣᠭᠤᠷᠢᠨ᠂ ᠵᠠᠮ ᠬᠠᠷᠢᠯᠴᠠᠭ᠎ᠠ | ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ | ᠪᠠ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠶᠤᠯᠲᠠᠢ ᠬᠠᠶᠠᠭᠳᠠᠮᠠᠯ ᠪᠣᠳᠠᠰ ᠢ | ᠰᠢᠯᠵᠢᠭᠦᠯᠦᠨ ᠲᠡᠭᠡᠭᠡᠪᠦᠷᠢᠯᠡᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠤᠮᠠᠷᠠᠲᠤ | ᠣᠷᠣᠨ ᠤ ᠠᠶᠤᠯᠲᠠᠢ ᠬᠠᠶᠠᠭᠳᠠᠮᠠᠯ ᠪᠣᠳᠠᠰ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ | ᠵᠠᠰᠠᠬᠤ ᠬᠠᠮᠲᠤᠷᠠᠯᠴᠠᠭᠠᠨ ᠤ ᠵᠥᠪᠯᠡᠯᠴᠡᠭᠡᠷ︾ ᠤᠨ ᠪᠣᠷᠣ ᠲᠥᠯᠥᠪ ᠤᠨ ᠳᠣᠣᠷ᠎ᠠ᠂ ᠬᠥᠬᠡᠬᠤᠲᠠ ᠶᠢᠨ ᠡᠬᠢ | ᠪᠠᠶᠠᠯᠢᠭᠵᠢᠭᠤᠯᠤᠨ ᠠᠰᠢᠭᠯᠠᠵᠤ ᠪᠣᠯᠬᠤ ᠠᠶᠤᠯᠲᠠᠢ ᠬᠠᠶᠠᠭᠳᠠᠮᠠᠯ ᠪᠣᠳᠠᠰ ᠢ ︽ᠨᠡᠷᠡᠰ ᠤᠨ ᠴᠠᠭᠠᠨ ᠲᠠᠩᠰᠠ︾ ᠳᠤ | ᠣᠷᠣᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠠᠶᠤᠯᠲᠠᠢ ᠬᠠᠶᠠᠭᠳᠠᠮᠠᠯ ᠪᠣᠳᠠᠰ ᠢ ᠰᠢᠯᠵᠢᠭᠦᠯᠦᠨ ᠠᠰᠢᠭᠯᠠᠬᠤ ᠶᠢ | ᠠᠬᠢᠭᠤᠯᠤᠨ᠎ᠠ᠃ ︽ᠠᠶᠤᠯᠲᠠᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠲᠥᠯᠥᠪᠯᠡᠭᠡ ᠪᠠ ᠬᠠᠮᠢᠶᠠᠷᠤᠯᠲᠠ ᠶᠢᠨ | ᠡᠬᠡ ᠲᠠᠩᠰᠠ ᠲᠣᠭᠲᠠᠭᠠᠬᠤ ᠮᠡᠷᠭᠡᠵᠢᠯ ᠤᠨ ᠵᠢᠯᠤᠭᠤᠳᠬᠤ ᠳᠦᠷᠢᠮ︾ ︵HJ1259 ︱ 2022︶ ᠢ | ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠵᠢᠯᠣᠭᠤᠳᠤᠨ ᠠᠶᠤᠯᠲᠠᠢ ᠬᠠᠶᠠᠭᠳᠠᠮᠠᠯ | ᠪᠣᠳᠠᠰ ᠤᠨ ᠬᠠᠮᠢᠶᠠᠷᠤᠯᠲᠠ ᠶᠢᠨ ᠲᠥᠯᠥᠪᠯᠡᠭᠡ ᠪᠠ ᠡᠬᠡ ᠲᠠᠩᠰᠠ ᠶᠢ ᠵᠢᠷᠤᠮᠵᠢᠭᠤᠨ ᠲᠣᠭᠲᠠᠭᠠᠵᠤ᠂ ᠠᠶᠤᠯᠲᠠᠢ | ᠬᠠᠶᠠᠭᠳᠠᠮᠠᠯ ᠪᠣᠳᠠᠰ ᠤᠨ ᠮᠡᠳᠡᠭᠡ ᠵᠠᠩᠭᠢᠵᠢᠯᠲᠠ ᠶᠢᠨ ᠮᠡᠳᠡᠭᠦᠯᠬᠦ ᠠᠵᠢᠯ ᠢ ᠴᠠᠭ ᠲᠤᠬᠠᠢ ᠳᠤᠨᠢ ᠥᠷᠨᠢᠭᠦᠯᠵᠦ᠂ | ᠮᠡᠳᠡᠭᠦᠯᠬᠦ ᠶᠣᠰᠣᠲᠠᠢ ᠶᠢ ᠪᠦᠬᠦᠨ ᠢ ᠮᠡᠳᠡᠭᠦᠯᠬᠦ ᠬᠡᠷᠡᠭᠲᠡᠢ᠃ ᠨᠡᠶᠢᠭᠡᠮ ᠠᠴᠠ ᠢᠷᠡᠯᠲᠡ ᠲᠠᠢ ᠠᠶᠤᠯᠲᠠᠢ ᠬᠠᠶᠠᠭᠳᠠᠮᠠᠯ | ᠪᠣᠳᠠᠰ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠠᠰᠢᠨ ᠲᠡᠷᠭᠡ ᠶᠢ ᠰᠡᠯᠪᠢᠨ ᠵᠠᠰᠠᠬᠤ | ᠪᠠ ᠵᠠᠳᠠᠯᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠥᠯᠥᠪᠯᠡᠭᠡ ᠪᠠ ᠡᠬᠡ ᠲᠠᠩᠰᠠ ᠲᠣᠭᠲᠠᠭᠠᠬᠤ ᠶᠢ | ᠠᠬᠢᠭᠤᠯᠵᠤ᠂ ᠨᠡᠶᠢᠭᠡᠮ ᠠᠴᠠ ᠢᠷᠡᠯᠲᠡ ᠲᠠᠢ ᠠᠶᠤᠯᠲᠠᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠲᠠᠰᠤᠷᠠᠯᠲᠠ | ᠦᠭᠡᠢ ᠵᠢᠷᠤᠮᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 5. ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯᠲᠠᠢ ᠬᠠᠶᠠᠭᠳᠠᠮᠠᠯ | ᠪᠣᠳᠠᠰ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠲᠠᠢ ᠬᠠᠶᠠᠭᠳᠠᠮᠠᠯ ᠪᠣᠳᠠᠰ | ᠭᠠᠷᠭᠠᠬᠤ ᠬᠡᠮᠵᠢᠶ᠎ᠡ ᠨᠢ 100 ᠲᠣᠨ ᠠᠴᠠ ᠳᠡᠭᠡᠭᠰᠢ ᠠᠵᠤ ᠠᠬᠤᠶᠢᠯᠠᠯ ᠵᠢᠴᠢ ᠠᠶᠤᠯᠲᠠᠢ ᠬᠠᠶᠠᠭᠳᠠᠮᠠᠯ ᠪᠣᠳᠠᠰ ᠤᠨ | ᠡᠵᠡᠩᠨᠡᠯᠲᠡ ᠶᠢᠨ ᠨᠢᠭᠡᠴᠡ ᠳᠤ ᠡᠯᠧᠺᠲᠷᠣᠨ ᠭᠠᠵᠠᠷ ᠵᠢᠩᠯᠡᠭᠦᠷ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ | ᠡᠯᠧᠺᠲᠷᠣᠨ ᠲᠡᠮᠳᠡᠭ ᠵᠡᠷᠭᠡ ᠬᠤᠷᠠᠮᠠᠯ ᠣᠶᠤᠨᠴᠢ ᠬᠢᠨᠠᠨ ᠡᠵᠡᠮᠳᠡᠬᠦ ᠠᠷᠭ᠎ᠠ ᠪᠠᠷᠢᠯ ᠢ ᠬᠡᠷᠡᠭᠵᠢᠭᠦᠯᠬᠦ ᠶᠢᠨ ᠬᠠᠮᠲᠤ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠯᠦᠭᠡ ᠰᠦᠯᠵᠢᠶᠡᠨ ᠳᠤ ᠬᠤᠯᠪᠣᠬᠤ ᠬᠡᠷᠡᠭᠲᠡᠢ᠃ | ᠪᠥᠬᠦ ᠬᠤᠲᠠ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠭᠠᠷᠬᠤ ᠪᠠᠶᠢᠭᠤᠯᠤᠮᠵᠢ ᠶᠢ ᠬᠥᠬᠡᠬᠤᠲᠠ ᠶᠢᠨ ᠡᠮᠴᠢᠯᠡᠭᠡᠨ ᠤ | ᠬᠠᠶᠠᠭᠳᠠᠮᠠᠯ ᠪᠣᠳᠠᠰ ᠤᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠬᠤ ᠶᠢ | ᠠᠬᠢᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢᠨ ᠪᠦᠷᠢᠳᠬᠡᠬᠦ | ᠪᠠᠷᠢᠮᠵᠢᠶ᠎ᠠ ᠶᠢ ᠨᠢᠭᠡᠳᠬᠡᠵᠦ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ ᠶᠢ | ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ︔ ᠬᠤᠳᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ | ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠡᠯ᠎ᠡ ᠬᠤᠰᠢᠭᠤ | ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ | ᠪᠣᠯᠣᠨ ᠡᠯ᠎ᠡ ᠰᠠᠯᠠᠭ᠎ᠠ ᠮᠥᠴᠢᠷ ᠬᠤᠭᠤᠷᠣᠨᠳᠤ ᠪᠠᠨ ᠨᠢᠭᠡᠳᠦᠯᠲᠡᠢ ᠲᠠᠨᠢᠯᠲᠠ ᠲᠠᠢ ᠪᠣᠯᠬᠤ ᠶᠢ ᠲᠦᠯᠬᠢᠨ ᠠᠬᠢᠭᠤᠯᠵᠤ᠂ | ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠲᠦᠯᠬᠢᠨ | ᠠᠬᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠲᠠ ᠶᠢᠨ ᠤᠳᠤᠷᠢᠳᠬᠤ ᠳᠤᠭᠤᠶᠢᠯᠠᠩ ᠪᠠ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠠᠯᠪᠠᠨ ᠭᠡᠷ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠭᠦᠷᠭᠡ ᠶᠢᠨ ᠨᠠᠷᠢᠨ | ᠬᠠᠭᠤᠳᠠᠰᠤ ᠲᠠᠢ ᠬᠠᠷᠢᠴᠠᠭᠤᠯᠤᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ | ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠢ ᠦᠷ᠎ᠡ ᠪᠦᠲᠦᠮᠵᠢᠲᠡᠶ ᠲᠦᠯᠬᠢᠨ ᠠᠬᠢᠭᠤᠯᠤᠨ᠎ᠠ᠃ | ︵ᠬᠤᠶᠠᠷ︶ ᠮᠡᠷᠭᠡᠵᠢᠯ ᠤᠨ ᠳᠡᠮᠵᠢᠯᠭᠡ ᠶᠢ ᠴᠢᠩᠭᠠᠳᠬᠠᠨ᠎ᠠ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠭᠠᠵᠠᠷ᠂ ᠠᠵᠢᠯ | ᠲᠥᠷᠥᠯ ᠤᠨ ᠨᠡᠶᠢᠭᠡᠮᠯᠢᠭ᠂ ᠠᠵᠤ ᠠᠬᠤᠶᠢᠯᠠᠯ ᠵᠡᠷᠭᠡ ᠭᠠᠳᠠᠭᠠᠳᠤ ᠣᠶᠤᠨ ᠤ ᠬᠥᠮᠥᠷᠭᠡ ᠶᠢᠨ ᠬᠦᠴᠦᠨ ᠢ ᠭᠦᠢᠴᠡᠳ | ᠠᠰᠢᠭᠯᠠᠨ᠂ ᠡᠯ᠎ᠡ ᠬᠦᠷᠢᠶ᠎ᠡ ᠴᠠᠷᠠᠭ᠎ᠠ ᠶᠢᠨ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠡᠮᠵᠢᠶ᠎ᠡ ᠶᠢ | ᠪᠠᠭᠠᠰᠬᠠᠬᠤ᠂ ᠲᠠᠷᠢᠶᠠᠯᠠᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠠᠶᠤᠯᠲᠠᠢ ᠬᠠᠶᠠᠭᠳᠠᠮᠠᠯ ᠪᠣᠳᠠᠰ ᠢ ᠠᠰᠢᠭᠯᠠᠨ | ᠰᠢᠢᠳᠪᠦᠷᠢᠯᠡᠬᠦ ᠵᠡᠷᠭᠡ ᠲᠠᠯ᠎ᠠ ᠪᠠᠷ ᠰᠢᠨ᠎ᠡ ᠮᠡᠷᠭᠡᠵᠢᠯ ᠰᠢᠨ᠎ᠡ ᠤᠷ᠎ᠠ ᠮᠡᠷᠭᠡᠰᠢᠯ ᠢ ᠰᠤᠳᠤᠯᠤᠨ ᠨᠡᠭᠡᠭᠡᠬᠦ ᠡᠷᠴᠢᠮ ᠢ | ᠴᠢᠩᠭᠠᠷᠠᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠦᠷᠢᠶᠡᠨ ᠳᠠᠬᠢ ᠲᠤᠰᠬᠠᠢ ᠮᠡᠷᠭᠡᠵᠢᠯ ᠤᠨ | ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠦᠷᠢᠶᠡᠨ ᠳᠠᠬᠢ | ᠳᠡᠭᠡᠳᠦ ᠨᠠᠷᠢᠯᠢᠭ ᠣᠷᠣᠶᠢᠯᠠᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠢᠳᠡᠪᠬᠢᠲᠡᠢ ᠪᠠᠷ ᠣᠷᠣᠭᠤᠯᠤᠨ | ᠠᠪᠴᠢᠷᠠᠵᠤ᠂ ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠳᠤ ᠬᠦᠴᠦᠨ | ᠨᠡᠮᠡᠷᠢᠯᠡᠨ᠎ᠡ᠃ | ︵ᠭᠤᠷᠪᠠ︶ ᠪᠡᠯᠡ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ | ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠳᠠᠬᠢ ᠪᠡᠯᠡ ᠮᠥᠩᠭᠦ ᠶᠢᠨ | ᠳᠡᠮᠵᠢᠯᠭᠡ ᠶᠢ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠭᠠᠵᠠᠷ ᠣᠷᠣᠨ ᠤ ︽ᠬᠠᠶᠠᠭᠳᠠᠮᠠᠯ ᠪᠤᠳᠠᠰ | ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠡᠳ᠋ ᠤᠨ ᠵᠠᠰᠠᠭ ᠤᠨ | ᠲᠥᠰᠥᠪ ᠲᠤ ᠣᠷᠣᠭᠤᠯᠬᠤ ᠶᠢ ᠲᠦᠯᠬᠢᠨ ᠠᠬᠢᠭᠤᠯᠵᠤ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ᠃ ᠡᠳ᠋ ᠤᠨ | ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠬᠦ ᠡᠷᠴᠢᠮ ᠢ ᠴᠢᠩᠭᠠᠷᠠᠭᠤᠯᠵᠤ᠂ ᠨᠤᠨᠳᠠᠭ ᠨᠡᠭᠦᠷᠡᠰᠦᠨ ᠤ | ᠦᠨᠡᠰᠦ᠂ ᠮᠠᠯ ᠵᠢᠭᠦᠷᠲᠡᠨ ᠤ ᠢᠯᠭᠠᠳᠠᠰᠤ ᠶᠢ ᠶᠡᠷᠦᠩᠬᠡᠶᠢᠯᠡᠨ ᠠᠰᠢᠭᠯᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ | ᠲᠥᠪᠯᠡᠷᠡᠭᠦᠯᠦᠨ ᠳᠡᠮᠵᠢᠨ᠎ᠡ᠃ ᠭᠠᠵᠠᠷ ᠰᠢᠷᠣᠢ᠂ ᠲᠥᠯᠦᠪᠵᠢᠭᠦᠯᠭᠡ᠂ ᠮᠥᠩᠭᠦᠨ ᠭᠦᠢᠯᠭᠡᠭᠡ ᠵᠡᠷᠭᠡ ᠤᠯᠠᠨ | ᠵᠦᠢᠯ ᠤᠨ ᠲᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ | ᠥᠷᠭᠡᠳᠬᠡᠨ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ | ᠬᠥᠷᠥᠩᠭᠡ ᠶᠢᠨ ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠬᠦᠷᠢᠶᠡᠨ ᠳᠤ | ᠣᠷᠣᠬᠤ ᠶᠢ ᠵᠣᠷᠢᠭᠵᠢᠭᠤᠯᠤᠨ᠎ᠠ᠃ | ︵ᠳᠥᠷᠪᠡ︶ ᠤᠬᠠᠭᠤᠯᠵᠤ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ | ᠰᠦᠯᠵᠢᠶᠡᠨ ᠳᠡᠭᠡᠷᠡᠬᠢ ᠲᠠᠪᠴᠠᠩ ᠪᠠ ᠰᠦᠯᠵᠢᠶᠡᠨ ᠭᠠᠳᠠᠨᠠᠬᠢ ᠵᠠᠭᠤᠴᠢᠯᠠᠭᠤᠷ ᠢ ᠭᠦᠢᠴᠡᠳ ᠠᠰᠢᠭᠯᠠᠨ᠂ ᠨᠠᠮ | ᠵᠠᠰᠠᠭ ᠤᠨ ᠪᠠᠶᠢᠭᠤᠯᠭ᠎ᠠ᠂ ᠰᠤᠷᠭᠠᠭᠤᠯᠢ᠂ ᠨᠡᠶᠢᠭᠡᠮ ᠲᠣᠭᠤᠷᠢᠭ᠂ ᠠᠵᠤ ᠠᠬᠤᠶᠢᠯᠠᠯ ᠵᠡᠷᠭᠡ ᠳᠤ ᠬᠠᠨᠳᠤᠭᠤᠯᠤᠨ᠂ ︽ | ᠬᠠᠶᠠᠭᠳᠠᠮᠠᠯ ᠪᠤᠳᠠᠰ ᠦᠭᠡᠢ ᠬᠤᠲᠠ︾ ᠶᠢᠨ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠥᠬᠦ | ᠲᠠᠯ᠎ᠠ ᠪᠠᠷ ᠥᠷᠨᠢᠭᠦᠯᠵᠦ᠂ ᠪᠣᠬᠢᠷᠳᠤᠯ ᠦᠭᠡᠢ ᠠᠮᠢᠳᠤᠷᠠᠯ ᠪᠠ ᠬᠡᠷᠡᠭᠯᠡᠭᠡᠨ ᠤ ᠠᠷᠭ᠎ᠠ ᠮᠠᠶ᠋ᠢᠭ ᠵᠡᠷᠭᠡ ᠬᠠᠮᠢᠶ᠎ᠠ ᠪᠦᠬᠦᠢ | ᠠᠭᠤᠯᠭ᠎ᠠ ᠶᠢ ᠤᠳᠤᠷᠢᠳᠬᠤ ᠺᠠᠳ᠋ᠷᠴᠤᠳ ᠤᠨ ᠪᠣᠯᠪᠠᠰᠤᠷᠠᠭᠤᠯᠤᠯ ᠵᠢᠴᠢ ᠬᠤᠲᠠ ᠶᠢᠨ ᠠᠷᠠᠳ ᠤᠨ ᠬᠥᠮᠦᠵᠢᠯ ᠤᠨ | ᠰᠢᠰᠲ᠋ᠧᠮᠵᠢ ᠳᠤ ᠣᠷᠣᠭᠤᠯᠤᠨ᠎ᠠ᠃ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠬᠦ ᠡᠷᠴᠢᠮ ᠢ | ᠴᠢᠩᠭᠠᠷᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠣᠢ ᠪᠣᠯᠭᠠᠵᠤ᠂ ︽ᠬᠠᠶᠠᠭᠳᠠᠮᠠᠯ ᠪᠤᠳᠠᠰ ᠦᠭᠡᠢ ᠬᠤᠲᠠ︾ | ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ᠂ ᠲᠡᠷᠢᠭᠦᠨ ᠤ ᠨᠢᠭᠡᠴᠡ ᠪᠠ | ᠲᠡᠷᠢᠭᠦᠨ ᠤ ᠬᠤᠪᠢ ᠬᠥᠮᠥᠨ ᠢ ᠥᠷᠭᠡᠨ ᠢᠶᠠᠷ ᠤᠬᠠᠭᠤᠯᠵᠤ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ | ᠪᠦᠲᠦᠭᠡᠨ ᠪᠠᠶᠢᠭᠤᠯᠤᠯᠲᠠ ᠳᠤ ᠣᠯᠣᠭᠰᠠᠨ ᠲᠣᠪᠣᠶᠢᠮ᠎ᠠ ᠠᠮᠵᠢᠯᠲᠠ ᠪᠦᠲᠦᠮᠵᠢ ᠪᠠ ᠴᠢᠬᠤᠯᠠ ᠲᠤᠷᠰᠢᠯᠭ᠎ᠠ ᠶᠢ ᠪᠥᠬᠦ | ᠲᠠᠯ᠎ᠠ ᠪᠠᠷ ᠳᠡᠯᠭᠡᠨ ᠦᠵᠡᠭᠦᠯᠦᠨ᠎ᠡ᠃ | ᠳᠠᠭᠠᠯᠳᠤᠭᠤᠯᠤᠯ᠄ 1. ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠥᠬᠦ | ᠶᠠᠪᠤᠴᠠ ᠶᠢᠨ ᠬᠦᠳᠡᠯᠭᠡᠭᠡᠨ ᠤ ︵ᠰᠢᠯᠵᠢᠬᠦ︶ ᠬᠠᠨᠳᠤᠰᠢ ᠶᠢᠨ ᠵᠠᠳᠠᠯᠤᠯᠲᠠ ᠶᠢᠨ ᠵᠢᠷᠤᠭ | 2. ᠲᠠᠷᠢᠶᠠᠯᠠᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢᠨ ᠬᠦᠳᠡᠯᠭᠡᠭᠡᠨ ᠤ ︵ | ᠰᠢᠯᠵᠢᠬᠦ︶ ᠬᠠᠨᠳᠤᠰᠢ ᠶᠢᠨ ︵ᠴᠢᠭᠯᠡᠯ ᠤᠨ︶ ᠵᠠᠳᠠᠯᠤᠯᠲᠠ ᠶᠢᠨ ᠵᠢᠷᠤᠭ | 3. ᠠᠮᠢᠳᠤᠷᠠᠯ ᠠᠴᠠ ᠢᠷᠡᠯᠲᠡ ᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢᠨ | ᠬᠦᠳᠡᠯᠭᠡᠭᠡᠨ ᠤ ︵ᠰᠢᠯᠵᠢᠬᠦ︶ ᠬᠠᠨᠳᠤᠰᠢ ᠶᠢᠨ ︵ᠴᠢᠭᠯᠡᠯ ᠤᠨ︶ ᠵᠠᠳᠠᠯᠤᠯᠲᠠ ᠶᠢᠨ ᠵᠢᠷᠤᠭ | 4. ᠠᠶᠤᠯᠲᠠᠢ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢᠨ ᠬᠦᠳᠡᠯᠭᠡᠭᠡᠨ ᠤ ︵ᠰᠢᠯᠵᠢᠬᠦ︶ ᠬᠠᠨᠳᠤᠰᠢ ᠶᠢᠨ | ︵ᠴᠢᠭᠯᠡᠯ ᠤᠨ︶ ᠵᠠᠳᠠᠯᠤᠯᠲᠠ ᠶᠢᠨ ᠵᠢᠷᠤᠭ | 5. ᠡᠭᠦᠷᠭᠡ ᠶᠢᠨ ᠨᠠᠷᠢᠨ ᠬᠠᠭᠤᠳᠠᠰᠤ | 6. ᠲᠥᠷᠥᠯ ᠵᠦᠢᠯ ᠤᠨ ᠨᠠᠷᠢᠨ ᠬᠠᠭᠤᠳᠠᠰᠤ | |