ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ 2024 | ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠮᠠᠨ ᠤ ᠣᠷᠣᠨ ᠠᠵᠢᠯ ᠠᠯᠳᠠᠭᠰᠠᠳ ᠤᠨ ᠳᠠᠭᠠᠳᠬᠠᠯ | ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤᠴᠢ ᠴᠢᠨᠠᠷᠲᠠᠢ ᠪᠠᠷ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠵᠢᠱᠢᠯᠲᠡ ᠪᠠᠷ ᠪᠥᠬᠦ ᠣᠷᠣᠨ ᠤ | ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠰᠦᠢᠳᠬᠡᠯ ᠲᠤᠰᠢᠶᠠᠬᠤ ᠳᠠᠷᠤᠭᠠᠰᠤ ᠶᠢ 52 ᠳ᠋ᠦᠩᠰᠢᠭᠤᠷ | ᠲᠦᠭᠦᠷᠢᠭ ᠣᠷᠴᠢᠮ ᠬᠥᠩᠭᠡᠷᠡᠭᠦᠯᠦᠨ᠎ᠡ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠭᠠᠶᠢᠯᠢ ᠶᠢᠨ ᠶᠠᠪᠤᠳᠠᠯ ᠤᠨ ᠲᠣᠪᠴᠢᠶ᠎ᠠ | ᠣᠶᠢᠷ᠎ᠠ ᠳᠤ ︽ᠠᠵᠢᠯ ᠠᠯᠳᠠᠭᠰᠠᠳ ᠤᠨ ᠲᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠰᠦᠢᠳᠬᠡᠯ ᠤᠨ ᠨᠣᠷᠮ᠎ᠠ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠠᠵᠢᠯ ᠠᠯᠳᠠᠭᠰᠠᠳ ᠤᠨ ᠲᠠᠭᠠᠳᠬᠠᠯ ᠳᠤ | ᠶᠡᠷᠦᠩᠬᠡᠢ ᠰᠦᠢᠳᠬᠡᠯ ᠤᠨ ᠨᠣᠷᠮ᠎ᠠ ᠶᠢ 1% ᠪᠠᠶᠢᠯᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠦᠨ᠎ᠡ᠂ ᠡᠭᠦᠨ ᠳᠤ ᠪᠠᠶᠢᠭᠤᠯᠭ᠎ᠠ ᠨᠢᠭᠡᠴᠢ ᠶᠢᠨ ᠰᠦᠢᠳᠬᠡᠯ ᠤᠨ ᠨᠣᠷᠮ᠎ᠠ ᠨᠢ 0.5%᠂ ᠬᠤᠪᠢ | ᠬᠥᠮᠥᠨ ᠤ ᠰᠦᠢᠳᠬᠡᠯ ᠤᠨ ᠨᠣᠷᠮ᠎ᠠ ᠨᠢ 0.5% ᠪᠣᠯᠣᠨ᠎ᠠ᠃ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠰᠦᠢᠳᠬᠡᠯ ᠤᠨ ᠨᠣᠷᠮ᠎ᠠ ᠶᠢᠨ ᠨᠠᠢᠮᠠᠨ ᠲᠥᠷᠥᠯ ᠤᠨ ᠰᠦᠢᠳᠬᠡᠯ ᠤᠨ ᠨᠣᠷᠮ᠎ᠠ ᠶᠢ ᠶᠡᠷᠦᠩᠬᠡᠢ ᠳᠤ ᠨᠢ | ᠲᠣᠭᠲᠠᠪᠤᠷᠢᠲᠠᠢ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠰᠠᠭᠤᠷᠢ ᠮᠥᠩᠭᠦᠨ ᠤ ᠨᠡᠶᠢᠲᠡ ᠦᠯᠡᠳᠡᠪᠦᠷᠢ ᠪᠠᠷ ᠲᠥᠯᠥᠵᠦ ᠪᠣᠯᠬᠤ ᠰᠠᠷ᠎ᠠ ᠶᠢᠨ ᠲᠤᠭ᠎ᠠ ᠨᠢ 24 | ᠰᠠᠷ᠎ᠠ ︵ᠪᠠᠭᠲᠠᠭᠠᠨ᠎ᠠ︶ ᠠᠴᠠ ᠳᠡᠭᠡᠭᠰᠢᠬᠢ ᠠᠶᠢᠮᠠᠭ ᠬᠤᠲᠠ ᠳᠤ ᠪᠣᠯ ᠣᠲᠣ ᠶᠢᠨ ᠬᠡᠷᠡᠭᠵᠢᠭᠦᠯᠵᠦ ᠪᠠᠶᠢᠭ᠎ᠠ | ᠰᠦᠢᠳᠬᠡᠯ ᠤᠨ ᠨᠣᠷᠮ᠎ᠠ ᠪᠠᠷ ᠰᠠᠭᠤᠷᠢ ᠪᠣᠯᠭᠠᠨ 50% ᠪᠠᠷ ᠪᠠᠭᠤᠷᠠᠭᠤᠯᠤᠨ᠎ᠠ︔ ᠨᠡᠶᠢᠲᠡ ᠦᠯᠡᠳᠡᠪᠦᠷᠢ ᠪᠠᠷ | ᠲᠥᠯᠥᠵᠦ ᠪᠣᠯᠬᠤ ᠰᠠᠷ᠎ᠠ ᠶᠢᠨ ᠲᠤᠭ᠎ᠠ ᠨᠢ 18 ᠰᠠᠷ᠎ᠠ ︵ᠪᠠᠭᠲᠠᠭᠠᠨ᠎ᠠ︶ ᠠᠴᠠ 23 ᠰᠠᠷ᠎ᠠ ᠶᠢᠨ ᠬᠤᠭᠤᠷᠤᠨᠳᠤᠬᠢ | ᠠᠶᠢᠮᠠᠭ ᠬᠤᠲᠠ ᠳᠤ ᠪᠣᠯ ᠣᠲᠣ ᠶᠢᠨ ᠬᠡᠷᠡᠭᠵᠢᠭᠦᠯᠵᠦ ᠪᠠᠶᠢᠭ᠎ᠠ ᠰᠦᠢᠳᠬᠡᠯ ᠤᠨ ᠨᠣᠷᠮ᠎ᠠ ᠪᠠᠷ ᠰᠠᠭᠤᠷᠢ ᠪᠣᠯᠭᠠᠨ | 20% ᠪᠠᠷ ᠪᠠᠭᠤᠷᠠᠭᠤᠯᠤᠨ᠎ᠠ︔ ᠨᠡᠶᠢᠲᠡ ᠦᠯᠡᠳᠡᠪᠦᠷᠢ ᠪᠠᠷ ᠲᠥᠯᠥᠵᠦ ᠪᠣᠯᠬᠤ ᠰᠠᠷ᠎ᠠ ᠶᠢᠨ ᠲᠤᠭ᠎ᠠ ᠨᠢ 18 | ᠰᠠᠷ᠎ᠠ ᠠᠴᠠ ᠳᠣᠷᠣᠭᠰᠢᠬᠢ ᠠᠶᠢᠮᠠᠭ ᠬᠤᠲᠠ ᠳᠤ ᠪᠣᠯ ᠣᠲᠣ ᠶᠢᠨ ᠬᠡᠷᠡᠭᠵᠢᠭᠦᠯᠵᠦ ᠪᠠᠶᠢᠭ᠎ᠠ ᠰᠦᠢᠳᠬᠡᠯ ᠤᠨ | ᠨᠣᠷᠮ᠎ᠠ ᠪᠠᠷ ᠭᠦᠢᠴᠡᠳᠬᠡᠵᠦ ᠪᠣᠯᠣᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠰᠦᠢᠳᠬᠡᠯ ᠤᠨ ᠨᠣᠷᠮ᠎ᠠ ᠭᠡᠳᠡᠭ ᠪᠣᠯ | 2018 ᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤᠴᠢ | ᠴᠢᠨᠠᠷᠲᠠᠢ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠴᠠ ᠡᠮᠦᠨ᠎ᠡ ᠳᠣᠬᠢᠷᠠᠭᠤᠯᠤᠨ | ᠬᠡᠷᠡᠭᠵᠢᠭᠦᠯᠵᠦ ᠪᠠᠶᠢᠭᠰᠠᠨ ᠰᠦᠢᠳᠬᠡᠯ ᠤᠨ ᠨᠤᠷᠮ᠎ᠠ ᠶᠢ ᠵᠢᠭᠠᠵᠤ ᠪᠤᠢ᠃ | ᠲᠤᠰ ᠤᠳᠠᠭ᠎ᠠ ᠠᠵᠢᠯ ᠠᠯᠳᠠᠭᠰᠠᠳ ᠤᠨ ᠲᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠤᠭᠰᠠᠨ ᠨᠢ ᠰᠦᠢᠳᠬᠡᠯ ᠤᠨ | ᠨᠣᠷᠮ᠎ᠠ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ᠋ᠢᠴᠡ ᠴᠢᠨᠠᠷ ᠢ ᠤᠯᠠᠮ ᠨᠢᠭᠡ ᠠᠯᠬᠤᠮ | ᠪᠠᠲᠤᠯᠠᠵᠤ᠂ ᠨᠡᠶᠢᠭᠡᠮ ᠤᠨ ᠵᠢᠱᠢᠯᠲᠡ ᠶᠢ ᠲᠣᠭᠲᠠᠪᠤᠷᠢᠵᠢᠭᠤᠯᠬᠤ ᠳᠤ ᠠᠰᠢᠭᠲᠠᠢ ᠮᠥᠷᠲᠡᠭᠡᠨ ᠠᠵᠤ ᠠᠬᠤᠶᠢᠯᠠᠯ ᠤᠨ | ᠳᠠᠷᠤᠭᠠᠰᠤ ᠶᠢ ᠬᠥᠩᠭᠡᠷᠡᠭᠦᠯᠬᠦ᠂ ᠠᠵᠤ ᠠᠬᠤᠶᠢᠯᠠᠯ ᠤᠨ ᠢᠲᠡᠭᠡᠯ ᠢ ᠬᠥᠭᠵᠢᠭᠡᠬᠦ᠂ ᠠᠵᠤ ᠠᠬᠤᠶᠢᠯᠠᠯ ᠤᠨ | ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠠᠵᠢᠯ ᠣᠯᠬᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠳᠤ ᠨᠡᠩ | ᠠᠰᠢᠭᠲᠠᠢ ᠪᠠᠶᠢᠳᠠᠭ᠃ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠠᠴᠠ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠰᠢᠭᠤᠳ ᠨᠠᠶᠢᠳᠠᠪᠤᠷᠢᠵᠢᠭᠤᠯᠤᠨ | ᠰᠢᠭᠤᠳ ᠬᠦᠷᠭᠡᠵᠦ᠂ ᠠᠵᠤ ᠠᠬᠤᠶᠢᠯᠠᠯ ᠳᠤ ᠥᠪᠡᠷ ᠤᠨ ᠥᠷᠲᠡᠭ ᠦᠭᠡᠢ ᠪᠠᠷ ᠲᠥᠷᠥ ᠶᠢᠨ ᠪᠣᠳᠣᠯᠭ᠎ᠠ ᠶᠢ | ᠬᠦᠷᠲᠡᠭᠡᠵᠦ᠂ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠳᠲᠡᠷ ᠲᠦᠷᠭᠡᠨ ᠨᠠᠶᠢᠳᠠᠪᠤᠷᠢᠵᠢᠭᠤᠯᠤᠨ | ᠦᠷ᠎ᠡ ᠠᠰᠢᠭ ᠣᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ | |