ᠥᠪᠥᠷ ᠮᠣᠩᠭᠤᠯ 2023 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠴᠠᠭ ᠢ ᠨᠡᠶᠢᠲᠡᠯᠡᠪᠡ
ᠨᠡᠶᠢᠲᠡᠯᠡᠭᠰᠡᠨ ᠴᠠᠭ᠄
2023/5/19
     5 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠲᠣᠭᠲᠠᠭᠠᠯ︾ ᠢ ᠨᠡᠶᠢᠲᠡᠯᠡᠵᠦ᠂  ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ 6 ᠳ᠋ᠤᠭᠠᠷ ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ᠶᠠᠪᠤᠭᠳᠠᠭᠤᠯᠤᠨ᠎ᠠ᠂ ᠡᠯ᠎ᠡ ᠬᠢᠴᠢᠶᠡᠯ ᠲᠥᠷᠥᠯ ᠤᠨ ᠰᠢᠯᠭᠠᠯᠲᠠ ᠶᠢᠨ ᠴᠠᠭ ᠤᠨ ᠲᠤᠬᠢᠷᠠᠭᠤᠯᠤᠯᠳᠠ ᠪᠤᠯ᠄ 6 ᠳ᠋ᠤᠭᠠᠷ ᠰᠠᠷ᠎ᠠ ᠶᠢᠨ 7 ᠤ ᠡᠳᠦᠷ ᠤᠨ 9᠄ 00 ᠴᠠᠭ ᠠᠴᠠ 11᠄ 30 ᠮᠢᠨᠦ᠋ᠲ ᠪᠣᠯᠲᠠᠯ᠎ᠠ ᠬᠡᠯᠡ ᠪᠢᠴᠢᠭ ᠰᠢᠯᠭᠠᠵᠦ᠂ 15᠄ 00 ᠴᠠᠭ ᠠᠴᠠ 17᠄ 00 ᠪᠣᠯᠲᠠᠯ᠎ᠠ ᠲᠣᠭᠠᠨ ᠤ ᠤᠬᠠᠭᠠᠨ ᠰᠢᠯᠭᠠᠨ᠎ᠠ︔ 6 ᠰᠠᠷ᠎ᠠ ᠶᠢᠨ 8 ᠤ ᠡᠳᠦᠷ ᠤᠨ 9᠄ 00  ᠴᠠᠭ ᠠᠴᠠ 11᠄ 30 ᠮᠢᠨᠦ᠋ᠲ ᠪᠣᠯᠲᠠᠯ᠎ᠠ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ / ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠢ ᠰᠢᠯᠭᠠᠵᠤ᠂ 15᠄  00 ᠴᠠᠭ ᠠᠴᠠ 17᠄ 00 ᠴᠠᠭ ᠪᠤᠯᠳᠠᠯ᠎ᠠ ᠭᠠᠳᠠᠭᠠᠳᠤ ᠬᠡᠯᠡ ᠰᠢᠯᠭᠠᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠡᠯ᠎ᠡ ᠲᠥᠷᠥᠯ ᠤᠨ ᠰᠢᠯᠭᠠᠯᠲᠠ ᠶᠢ 6 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ᠶᠠᠪᠤᠭᠳᠠᠭᠤᠯᠤᠨ᠎ᠠ᠃ ᠮᠣᠩᠭᠤᠯ ᠬᠡᠯᠡ ᠪᠢᠴᠢᠭ ︵ᠬᠥᠬᠡ︶ ᠤᠨ ᠰᠢᠯᠭᠠᠯᠲᠠ ᠶᠢᠨ ᠴᠠᠭ ᠢ 6 ᠳ᠋ᠤᠭᠠᠷ ᠰᠠᠷ᠎ᠠ ᠶᠢᠨ 7 ᠤ ᠡᠳᠦᠷ ᠤᠨ 9᠄ 00 ᠴᠠᠭ ᠠᠴᠠ 11᠄ 30 ᠮᠢᠨᠦ᠋ᠲ ᠲᠤ ᠲᠤᠬᠢᠷᠠᠭᠤᠯᠵᠤ᠂ ᠮᠣᠩᠭᠤᠯ  ᠬᠡᠯᠡ ᠪᠢᠴᠢᠭ ︵ᠬᠥᠬᠡᠭᠴᠢᠨ︶ ᠤᠨ ᠰᠢᠯᠭᠠᠯᠲᠠ ᠶᠢᠨ ᠴᠠᠭ ᠢ 6 ᠳ᠋ᠤᠭᠠᠷ ᠰᠠᠷ᠎ᠠ ᠶᠢᠨ 9 ᠤ ᠡᠳᠦᠷ ᠤᠨ 9᠄ 00 ᠴᠠᠭ  ᠠᠴᠠ 11᠄ 30 ᠮᠢᠨᠦ᠋ᠲ ᠲᠤ ᠲᠣᠬᠢᠷᠠᠭᠤᠯᠪᠠ᠃        ᠲᠣᠭᠲᠠᠭᠠᠯ ᠶᠣᠰᠣᠭᠠᠷ᠂ ᠡᠩ ᠤᠨ ᠲᠥᠷᠥᠯ᠂ ᠤᠷᠠᠯᠢᠭ ᠤᠨ ᠲᠥᠷᠥᠯ ᠪᠠ ᠪᠡᠶ᠎ᠡ ᠶᠢᠨ ᠲᠠᠮᠢᠷ ᠤᠨ  ᠲᠥᠷᠥᠯ  ᠤᠨ ᠰᠢᠯᠭᠠᠭᠤᠯᠤᠭᠴᠢ ᠨᠢ ᠰᠣᠶᠣᠯ ᠤᠨ ᠬᠢᠴᠢᠶᠡᠯ ᠤᠨ ᠪᠥᠬᠦ  ᠤᠯᠤᠰ ᠤᠨ ᠨᠢᠭᠡᠳᠦᠯᠲᠡᠶ ᠰᠢᠯᠭᠠᠯᠲᠠ ᠳᠤ  ᠣᠷᠣᠯᠴᠠᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠡᠯ᠎ᠡ ᠲᠥᠷᠥᠯ ᠤᠨ ᠰᠢᠯᠭᠠᠭᠤᠯᠤᠭᠴᠢ ᠨᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠰᠣᠶᠣᠯ ᠤᠨ ᠬᠢᠴᠢᠶᠡᠯ ᠤᠨ ᠰᠢᠯᠭᠠᠯᠲᠠ ᠳᠤ ᠤᠷᠤᠨ᠎ᠠ᠃ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠥᠷᠥᠯ᠂ ᠤᠷᠠᠯᠢᠭ ᠤᠨ ᠲᠥᠷᠥᠯ ᠪᠣᠯᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠤᠷᠠᠨ ᠵᠢᠷᠤᠭ ᠵᠢᠷᠤᠭ ᠲᠥᠯᠥᠪᠯᠡᠭᠡ ᠶᠢᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠳᠤ  ᠰᠢᠯᠭᠠᠭᠤᠯᠤᠭᠴᠢ ᠨᠢ ᠰᠣᠶᠣᠯ ᠤᠨ ᠬᠢᠴᠢᠶᠡᠯ ᠤᠨ ᠰᠢᠯᠭᠠᠯᠲᠠ ᠳᠤ ᠤᠷᠤᠬᠤ ᠠᠴᠠ ᠭᠠᠳᠠᠨ᠎ᠠ᠂ ᠪᠠᠰᠠ ᠬᠠᠷᠠᠭᠠᠯᠵᠠᠬᠰᠠᠨ ᠲᠤᠰᠬᠠᠶ ᠮᠡᠷᠭᠡᠵᠢᠯ ᠤᠨ ᠰᠢᠯᠭᠠᠯᠲᠠ ᠳᠤ ᠤᠷᠤᠨ᠎ᠠ ᠬᠡᠪᠡ᠃  
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号