ᠬᠥᠬᠡᠬᠤᠲᠠ ᠳᠤ ᠶᠡᠭᠡ ᠰᠠᠯᠬᠢ ᠰᠠᠯᠬᠢᠯᠠᠵᠤ ᠳᠤᠯᠠᠭᠠᠨ ᠤ ᠬᠡᠮᠵᠢᠶ᠎ᠡ ᠪᠠᠭᠤᠷᠠᠬᠤ ᠪᠠ ᠪᠣᠷᠤᠭᠠᠨ ᠣᠷᠣᠨ᠎ᠠ
ᠨᠡᠶᠢᠲᠡᠯᠡᠭᠰᠡᠨ ᠴᠠᠭ᠄
2023/5/19
     ᠴᠠᠭ ᠠᠭᠤᠷ ᠤᠨ ᠪᠠᠶᠢᠳᠠᠯ ᠤᠨ ᠵᠠᠳᠠᠯᠤᠯᠲᠠ ᠶᠢ ᠦᠨᠳᠦᠰᠦᠯᠡᠪᠡᠯ᠂ ᠵᠢᠱᠢᠯᠲᠡ ᠪᠠᠷ 5 ᠳ᠋ᠤᠭᠠᠷ ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠲᠠᠯ᠎ᠠ᠂ ᠮᠠᠨ ᠤ ᠬᠤᠲᠠ ᠳᠤ ᠶᠡᠭᠡ ᠰᠠᠯᠬᠢ ᠰᠠᠯᠬᠢᠯᠠᠵᠤ᠂ ᠳᠤᠯᠠᠭᠠᠨ ᠤ ᠬᠡᠮᠵᠢᠶ᠎ᠡ ᠪᠠᠭᠤᠷᠠᠵᠤ᠂ ᠲᠠᠷᠠᠬᠠᠢ ᠴᠢᠨᠠᠷᠲᠠᠢ ᠪᠠᠷ ᠪᠣᠷᠣᠭᠠᠨ ᠣᠷᠣᠨ᠎ᠠ᠃      ᠵᠢᠱᠢᠯᠲᠡ ᠪᠠᠷ 18 ᠤ ᠡᠳᠦᠷ ᠤᠨ ᠦᠳᠡ ᠶᠢᠨ ᠬᠤᠶᠢᠨ᠎ᠠ ᠠᠴᠠ ᠰᠥᠨᠢ ᠪᠣᠯᠲᠠᠯ᠎ᠠ᠂ ᠪᠥᠬᠦ ᠬᠤᠲᠠ ᠳᠤ ᠲᠠᠷᠠᠬᠠᠢ ᠴᠢᠨᠠᠷᠲᠠᠢ ᠪᠣᠷᠣᠭᠠᠨ ᠪᠤᠶᠤ ᠠᠶᠤᠩᠭᠠᠲᠤ ᠪᠣᠷᠣᠭᠠᠨ ᠣᠷᠤᠬᠤ ᠪᠥᠭᠡᠳ ᠣᠬᠤᠷᠬᠠᠨ ᠬᠤᠭᠤᠴᠠᠭᠠᠨ ᠳᠤ ᠠᠶᠤᠩᠭᠠᠲᠤ ᠪᠣᠷᠣᠭᠠᠨ ᠣᠷᠤᠵᠤ ᠶᠡᠭᠡ ᠰᠠᠯᠬᠢ ᠰᠠᠯᠬᠢᠯᠠᠬᠤ ᠵᠡᠷᠭᠡ ᠰᠣᠯᠢᠭ ᠤᠷᠤᠰᠬᠠᠯᠲᠤ ᠴᠠᠭ ᠠᠭᠤᠷ ᠢᠯᠡᠷᠡᠵᠦ ᠮᠡᠳᠡᠨ᠎ᠡ︔ 19 ᠤ ᠡᠳᠦᠷ ᠠᠴᠠ 21 ᠤ ᠡᠳᠦᠷ ᠪᠣᠯᠲᠠᠯ᠎ᠠ ᠠᠭᠠᠷ ᠤᠨ ᠳᠤᠯᠠᠭᠠᠨ ᠨᠡᠶᠢᠳᠡᠮ ᠳᠡᠭᠡᠨ 8~10℃ ᠳᠣᠷᠣᠭᠰᠢᠯᠠᠵᠤ᠂ 20 ᠤ ᠡᠳᠦᠷ ᠤᠨ ᠬᠠᠮᠤᠭ ᠤᠨ ᠥᠨᠳᠥᠷ ᠠᠭᠠᠷ ᠤᠨ ᠳᠤᠯᠠᠭᠠᠨ ᠨᠡᠶᠢᠳᠡᠮ ᠳᠡᠭᠡᠨ 20℃ ᠠᠴᠠ ᠳᠣᠷᠣᠭᠰᠢ  ᠪᠣᠯᠵᠤ᠂ ᠦᠴᠦᠸᠠᠨ ᠰᠢᠶᠠᠨ 13℃ ᠣᠷᠴᠢᠮ ᠪᠣᠯᠲᠠᠯ᠎ᠠ ᠳᠣᠷᠣᠭᠰᠢᠯᠠᠨ᠎ᠠ︔᡽20 ᠤ ᠡᠳᠦᠷ ᠤᠨ ᠥᠷᠯᠥᠭᠡ᠂ 21 ᠤ ᠡᠳᠦᠷ ᠤᠨ ᠥᠷᠯᠥᠭᠡ ᠶᠢᠨ ᠬᠠᠮᠤᠭ ᠤᠨ ᠳᠣᠣᠷ᠎ᠠ ᠠᠭᠠᠷ ᠤᠨ ᠳᠤᠯᠠᠭᠠᠨ ᠦᠴᠦᠸᠠᠨ ᠰᠢᠶᠠᠨ ᠳᠤ 0℃ ᠣᠷᠴᠢᠮ ᠪᠣᠯᠵᠤ᠂ ᠪᠤᠰᠤᠳ ᠭᠠᠵᠠᠷ ᠣᠷᠣᠨ ᠳᠤ 4℃ ᠣᠷᠴᠢᠮ ᠪᠣᠯᠤᠨ᠎ᠠ᠂ ᠦᠴᠦᠸᠠᠨ ᠰᠢᠶᠠᠨ ᠵᠢᠴᠢ ᠠᠭᠤᠯᠠ ᠳᠠᠭᠠᠤ ᠶᠢᠨ ᠭᠠᠵᠠᠷ ᠣᠷᠣᠨ ᠳᠤ ᠬᠢᠷᠠᠭᠤ ᠤᠨᠠᠬᠤ ᠪᠤᠶᠤ ᠬᠥᠩᠭᠡᠨ ᠬᠢᠷᠠᠭᠤ ᠤᠨᠠᠬᠤ ᠪᠠᠶᠢᠳᠠᠯ ᠭᠠᠷᠴᠤ ᠮᠡᠳᠡᠨ᠎ᠡ︔18 ᠤ ᠡᠳᠦᠷ ᠤᠨ ᠦᠳᠡ  ᠶᠢᠨ ᠬᠤᠶᠢᠨ᠎ᠠ ᠠᠴᠠ 21 ᠤ ᠡᠳᠦᠷ ᠪᠣᠯᠲᠠᠯ᠎ᠠ ᠪᠥᠬᠦ ᠬᠤᠲᠠ ᠶᠢᠨ ᠶᠡᠬᠡᠩᠬᠢ ᠭᠠᠵᠠᠷ ᠤᠨ ᠰᠠᠯᠬᠢᠨ ᠤ ᠬᠦᠴᠦ ᠨᠡᠯᠢᠶᠡᠳ ᠶᠡᠭᠡ ᠪᠠᠶᠢᠵᠤ᠂ ᠳᠤᠮᠳᠠᠴᠢ ᠰᠠᠯᠬᠢᠨ ᠤ ᠬᠦᠴᠦ  ᠨᠢ 4᠂ 5 ᠲᠠᠰ ᠲᠤ ᠬᠦᠷᠴᠦ᠂ ᠬᠡᠰᠡᠭ ᠲᠡᠭᠡᠨ6᠂ 7 ᠲᠠᠰ ᠲᠤ ᠬᠦᠷᠦᠨ᠎ᠡ᠃18  ᠤ ᠦᠳᠡ ᠶᠢᠨ ᠬᠤᠶᠢᠨ᠎ᠠ ᠠᠴᠠ 19  ᠤ ᠡᠳᠦᠷ ᠪᠣᠯᠲᠠᠯ᠎ᠠ ᠡᠯᠡᠰᠦᠨ ᠰᠢᠭᠤᠷᠭ᠎ᠠ ᠲᠠᠢ ᠴᠠᠭ ᠠᠭᠤᠷ ᠳᠠᠭᠠᠯᠳᠤᠨ ᠢᠯᠡᠷᠡᠬᠦ ᠪᠣᠯᠣᠯᠴᠠᠭ᠎ᠠ ᠲᠠᠢ᠃ 18 ᠤ ᠡᠳᠦᠷ ᠤᠨ ᠣᠷᠣᠢ  ᠠᠴᠠ ᠰᠥᠨᠢ ᠪᠣᠯᠲᠠᠯ᠎ᠠ ᠤᠬᠤᠷᠬᠠᠨ ᠬᠤᠭᠤᠴᠠᠭᠠᠨ ᠳᠤ ᠠᠶᠤᠩᠭᠠᠲᠤ ᠪᠣᠷᠣᠭᠠᠨ ᠣᠷᠤᠵᠤ ᠶᠡᠭᠡ ᠰᠠᠯᠬᠢᠨ ᠰᠠᠯᠬᠢᠯᠠᠵᠤ ᠮᠡᠳᠡᠨ᠎ᠡ᠃ᠢᠷᠡᠬᠦ ᠬᠡᠳᠦᠨ ᠡᠳᠦᠷ ᠲᠤ ᠮᠠᠨ ᠤ ᠬᠤᠲᠠ ᠶᠢᠨ ᠰᠠᠯᠬᠢᠨ ᠤ ᠬᠦᠴᠦ ᠨᠡᠯᠢᠶᠡᠳ ᠶᠡᠭᠡ ᠪᠣᠯᠬᠤᠷ ᠭᠡᠷ ᠤᠨ ᠭᠠᠳᠠᠨᠠᠬᠢ ᠬᠦᠷᠢᠶ᠎ᠡ ᠬᠠᠪᠲᠠᠰᠤ᠂ ᠵᠠᠷ ᠮᠡᠳᠡᠭᠡᠨ ᠤ ᠫᠠᠶᠢᠰᠠ᠂ ᠬᠦᠯᠡᠮᠵᠢ ᠶᠢᠨ ᠲᠥᠬᠦᠭᠡᠷᠦᠮᠵᠢ ᠵᠡᠷᠭᠡ ᠶᠢ  ᠪᠠᠬᠢᠯᠡᠵᠦ ᠬᠠᠮᠠᠭᠠᠯᠠᠬᠤ ᠠᠵᠢᠯ ᠢ ᠤᠷᠢᠳᠴᠢᠯᠠᠨ ᠰᠠᠶᠢᠲᠤᠷ ᠬᠢᠬᠦ ᠶᠢ ᠰᠠᠨᠠᠭᠤᠯᠤᠶ᠎ᠠ︔ ᠳᠤᠯᠠᠭᠠᠨ ᠤ ᠬᠡᠮᠵᠢᠶ᠎ᠡ ᠪᠠᠭᠤᠷᠠᠬᠤ ᠬᠤᠭᠤᠴᠠᠭᠠᠨ ᠳᠤ ᠬᠤᠲᠠ  ᠶᠢᠨ ᠠᠷᠠᠳ ᠭᠠᠳᠠᠭᠰᠢ ᠭᠠᠷᠬᠤ ᠳᠠᠭᠠᠨ ᠬᠤᠪᠴᠠᠰᠤ ᠬᠤᠨᠠᠷ ᠢᠶᠠᠨ ᠵᠤᠵᠠᠭᠠᠯᠠᠭᠠᠷᠠᠢ᠂ 20  ᠠᠴᠠ 21 ᠤ ᠡᠳᠦᠷ ᠤᠨ ᠥᠷᠯᠥᠭᠡ ᠪᠣᠯᠲᠠᠯ᠎ᠠ ᠦᠴᠦᠸᠠᠨ ᠰᠢᠶᠠᠨ ᠪᠣᠯᠣᠨ ᠠᠭᠤᠯᠠ ᠳᠠᠭᠠᠤ ᠭᠠᠵᠠᠷ ᠣᠷᠣᠨ ᠬᠢᠷᠠᠭᠤ ᠤᠨᠠᠬᠤ ᠪᠤᠶᠤ ᠬᠥᠩᠭᠡᠨ ᠬᠢᠷᠠᠭᠤ ᠤᠨᠠᠬᠤ ᠶᠢ ᠤᠷᠢᠳᠴᠢᠯᠠᠨ ᠰᠡᠷᠭᠡᠶᠢᠯᠡᠬᠦ ᠶᠢ ᠠᠩᠬᠠᠷᠤᠭᠠᠷᠠᠢ᠃    ︵ᠰᠤᠷᠪᠤᠯᠵᠢᠯᠠᠭᠴᠢ ᠮᠢᠶᠣᠣ ᠴᠢᠩ︶
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号