ᠬᠥᠬᠡᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠤᠷᠢᠨᠭᠡᠷ ᠰᠢᠶᠠᠨ ᠤ ᠬᠤᠪᠢᠶᠠᠷᠢ ᠲᠣᠪᠴᠢᠶ᠎ᠠ 5 · 22 ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/24
     ᠬᠥᠬᠡᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠤᠷᠢᠨᠭᠡᠷ ᠰᠢᠶᠠᠨ ᠤ ᠬᠤᠪᠢᠶᠠᠷᠢ ᠲᠣᠪᠴᠢᠶ᠎ᠠ ᠶᠢᠨ ᠺᠠᠳ᠋ᠷ ᠠᠵᠢᠯᠲᠠᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠠᠩᠬᠠᠷᠬᠤ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠨᠡᠶᠢᠲᠡ ᠪᠠᠷ ᠢᠶᠠᠨ ᠥᠷᠭᠡᠨ ᠢᠶᠠᠷ ᠣᠷᠣᠯᠴᠠᠬᠤ ᠠᠭᠤᠷ ᠠᠮᠢᠰᠬᠤᠯ ᠢ ᠪᠤᠢ ᠪᠣᠯᠭᠠᠬᠤ ᠶᠢᠨ ᠲᠤᠰᠠᠳᠠ᠂ 5 ᠰᠠᠷ᠎ᠠ ᠶᠢᠨ 22 ᠤᠨ ᠡᠳᠦᠷ᠂ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠤᠷᠢᠨᠭᠡᠷ ᠰᠢᠶᠠᠨ ᠤ ᠬᠤᠪᠢᠶᠠᠷᠢ ᠲᠣᠪᠴᠢᠶ᠎ᠠ ᠶᠢᠨ ᠬᠢᠨ ᠺᠠᠳ᠋ᠷ ᠠᠵᠢᠯᠲᠠᠳ ᠢᠶᠠᠨ ᠵᠣᠬᠢᠶᠠᠨ ᠪᠠᠶᠢᠭᠤᠯᠵᠤ ᠮᠧᠩ ᠼᠤᠤ ᠪᠦᠯᠦᠭᠯᠡᠯ · ᠲᠠᠷᠢᠮᠠᠯ ᠤᠨ ᠦᠢᠯᠡᠰ ᠤᠨ ᠲᠥᠪ ᠲᠤ ᠬᠦᠷᠴᠦ ᠲᠣᠭᠤᠷᠢᠨ ᠦᠵᠡᠵᠦ ᠰᠤᠷᠤᠯᠴᠠᠭᠤᠯᠬᠤ ᠶᠢᠨ ᠬᠠᠮᠲᠤ 5 · 22 ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠡᠳᠦᠷ — ︽ᠵᠥᠪᠯᠡᠯᠴᠡᠭᠡᠷ ᠠᠴᠠ ᠠᠪᠤᠭᠠᠳ ᠬᠦᠴᠦ ᠪᠠᠨ ᠬᠠᠮᠲᠤᠳᠬᠠᠬᠤ ᠬᠦᠷᠲᠡᠯ᠎ᠡ᠄ ᠤᠯᠠᠨ ᠡᠰᠢᠲᠦ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
     ᠪᠦᠬᠦ ᠺᠠᠳ᠋ᠷ ᠠᠵᠢᠯᠳᠠᠨ ᠮᠧᠩ ᠼᠤᠤ ᠪᠦᠯᠦᠭᠯᠡᠯ ᠤᠨ ᠦᠷ᠎ᠡ ᠶᠢᠨ ᠦᠢᠯᠡᠰ ᠤᠨ ᠲᠥᠪ᠂ ᠡᠪᠡᠰᠦ ᠪᠣᠷᠳᠣᠭᠠᠨ ᠤ ᠬᠦᠷᠢᠶᠡᠯᠡᠩ᠂ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠵᠡᠷᠭᠡ ᠶᠢ ᠲᠣᠭᠤᠷᠢᠨ ᠦᠵᠡᠵᠦ ᠰᠤᠷᠤᠯᠴᠠᠪᠠ᠃ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠪᠠ ᠠᠵᠢᠯᠲᠠᠨ ᠤ ᠲᠠᠨᠢᠯᠴᠠᠭᠤᠯᠭ᠎ᠠ ᠪᠠᠷ ᠳᠡᠮᠵᠢᠨ᠂ ᠣᠯᠠᠨ ᠢᠶᠠᠷ ᠢᠶᠠᠨ ᠮᠧᠩ ᠼᠤᠤ ᠪᠦᠯᠦᠭᠯᠡᠯ ᠤᠨ ᠲᠡᠷᠢᠭᠦᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠣᠶᠢᠯᠠᠭᠠᠭᠳᠠᠬᠤᠨ ᠪᠠ ᠮᠧᠩ ᠼᠤᠤ ᠪᠦᠯᠦᠭᠯᠡᠯ ᠤᠨ ᠠᠮᠢ ᠠᠬᠤᠶ ᠶᠢᠨ ᠰᠡᠷᠭᠦᠭᠡᠯᠲᠡ᠂ ᠲᠠᠷᠢᠮᠠᠯ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ᠂ ᠣᠲᠣ ᠦᠶ᠎ᠡ ᠶᠢᠨ ᠡᠪᠡᠰᠦᠨ ᠤ ᠦᠢᠯᠡᠰ ᠤᠨ ᠭᠤᠷᠪᠠᠨ ᠶᠡᠭᠡ ᠲᠤᠬᠠᠶᠢᠯᠠᠭᠰᠠᠨ ᠠᠵᠢᠯ ᠤᠨ ᠬᠡᠰᠡᠭ ᠢ ᠣᠶᠢᠯᠠᠭᠠᠭᠰᠠᠨ ᠪᠥᠭᠡᠳ ᠬᠠᠷᠢᠶᠠᠲᠤ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠠᠮᠢ ᠠᠬᠤᠶ ᠶᠢᠨ ᠰᠡᠷᠭᠦᠭᠡᠯᠲᠡ ᠶᠢᠨ ᠮᠠᠰᠢ ᠣᠯᠠᠨ ᠬᠡᠷᠡᠭ ᠤᠨ ᠵᠢᠱᠢᠶ᠎ᠡ ᠶᠢ ᠣᠶᠢᠯᠠᠭᠠᠪᠠ᠃
     ᠲᠥᠷᠥᠯ ᠵᠦᠢᠯ ᠣᠯᠠᠨᠲᠠᠶ ᠡᠪᠡᠰᠦᠨ ᠤ ᠲᠥᠷᠥᠯ ᠵᠦᠢᠯ᠂ ᠬᠡᠯᠪᠡᠷᠢ ᠳᠦᠷᠰᠦ ᠨᠢ ᠶᠠᠩᠵᠤ ᠪᠦᠷᠢ ᠶᠢᠨ ᠡᠪᠡᠰᠦᠨ ᠤ ᠲᠥᠷᠥᠯ ᠤᠨ ᠬᠡᠪ ᠵᠠᠭᠪᠤᠷ ᠨᠢ ᠪᠣᠶ ᠪᠥᠬᠦᠶ ᠺᠠᠳ᠋ᠷ ᠠᠵᠢᠯᠲᠠᠳ ᠲᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠷᠢᠳᠢ ᠰᠢᠳᠢ ᠵᠢᠴᠢ ᠮᠣᠩᠭᠤᠯ ᠡᠪᠡᠰᠦᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠬᠦᠷᠢᠶᠡᠨ ᠳᠤ ᠭᠠᠷᠭᠠᠭᠰᠠᠨ ᠴᠥᠬᠦᠷᠡᠰᠢ ᠥᠬᠡᠶ ᠴᠢᠷᠮᠠᠶᠢᠯᠭ᠎ᠠ ᠶᠢ ᠪᠣᠳᠠᠲᠠᠶ ᠭᠠᠵᠠᠷ ᠲᠤᠨᠢ ᠮᠡᠳᠡᠷᠡᠭᠦᠯᠦᠭᠰᠡᠨ ᠪᠠᠶᠢᠨ᠎ᠠ᠃
     ᠥᠷᠭᠡᠨ ᠤᠯᠠᠨ ᠲᠦᠮᠡᠨ ᠤ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠤᠬᠠᠮᠰᠠᠷᠲᠤ ᠴᠢᠨᠠᠷ ᠢ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠤᠷᠢᠨᠭᠡᠷ ᠰᠢᠶᠠᠨ ᠤ ᠬᠤᠪᠢᠶᠠᠷᠢ ᠲᠣᠪᠴᠢᠶ᠎ᠠ᠂ ᠮᠧᠩ ᠼᠤᠤ ᠶᠢᠨ ᠠᠵᠢᠯᠲᠠᠳ ᠨᠠᠰᠢ ᠴᠠᠰᠢ ᠲᠣᠭᠤᠷᠢᠨ ᠵᠤᠭᠠᠴᠠᠭᠰᠠᠳ ᠲᠤ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠲᠦᠭᠡᠮᠡᠯᠵᠢᠭᠦᠯᠵᠡᠢ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠪᠠ ᠠᠮᠢ ᠠᠬᠤᠶ ᠣᠷᠴᠢᠨ ᠠᠬᠤᠶ ᠶᠢᠨ ᠬᠠᠮᠠᠭᠠᠯᠠᠯᠲᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠪᠠᠷ ᠳᠠᠮᠵᠢᠭᠤᠯᠤᠨ᠂ ᠵᠢᠭᠤᠯᠴᠢᠯᠠᠭᠴᠢᠳ ᠲᠤ ᠠᠮᠢ ᠠᠬᠤᠶ ᠣᠷᠴᠢᠨ ᠠᠬᠤᠶ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠶᠢᠨ ᠴᠢᠬᠤᠯᠠ ᠴᠢᠨᠠᠷ ᠢ ᠤᠬᠠᠭᠤᠯᠤᠭᠰᠠᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠨᠢ ᠣᠯᠠᠨ ᠤ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠬᠤ ᠤᠬᠠᠮᠰᠠᠷᠲᠤ ᠴᠢᠨᠠᠷ ᠪᠠ ᠣᠷᠣᠯᠴᠠᠬᠤ ᠴᠢᠨᠠᠷ ᠢ ᠳᠡᠭᠡᠭᠰᠢᠯᠡᠭᠦᠯᠵᠦ᠂ ᠣᠯᠠᠨ ᠲᠦᠮᠡᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠤᠬᠠᠮᠰᠠᠷ᠂ ᠨᠡᠶᠢᠭᠡᠮ ᠤᠨ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠦᠨ᠂ ᠪᠠᠶᠢᠭᠠᠯᠢ ᠶᠢ ᠬᠠᠯᠠᠮᠵᠢᠯᠠᠨ ᠬᠠᠶᠢᠷᠠᠯᠠᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠣᠶᠢᠯᠠᠭᠠᠭᠳᠠᠬᠤᠨ ᠢ ᠤᠯᠠᠮ ᠨᠢᠭᠡ ᠠᠯᠬᠤᠮ ᠴᠢᠩᠭᠠᠷᠠᠭᠤᠯᠪᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号