2023 ᠣᠨ ᠤ ᠬᠤᠷᠢᠨᠭᠡᠷ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠪᠥᠬᠦ ᠰᠢᠶᠠᠨ ᠤ ᠬᠤᠷᠢᠨ ᠨᠠᠢᠮᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠡᠬᠢᠯᠡᠪᠡ
ᠨᠡᠶᠢᠲᠡᠯᠡᠭᠰᠡᠨ ᠴᠠᠭ᠄
2023/5/24
     5 ᠰᠠᠷ᠎ᠠ ᠶᠢᠨ 22 ᠤᠨ ᠡᠳᠦᠷ᠂ 2023 ᠣᠨ ᠤ ᠬᠤᠷᠢᠨᠭᠡᠷ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠪᠥᠬᠦ ᠰᠢᠶᠠᠨ ᠤ ᠬᠤᠷᠢᠨ ᠨᠠᠢᠮᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠱᠧᠩ ᠯᠧ ᠲᠠᠯᠠᠪᠠᠶ ᠳᠤ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠶᠢ ᠬᠤᠷᠢᠨᠭᠡᠷ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠬᠠᠮᠲᠤᠷᠠᠨ ᠡᠷᠭᠢᠯᠡᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ᠂ ᠤᠶᠤᠨᠲᠤ ᠲᠠᠷᠢᠶᠠᠯᠠᠩ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠡᠷᠡᠭᠦᠯ ᠮᠡᠨᠳᠦ ᠶᠢ ᠲᠦᠭᠡᠮᠡᠯᠵᠢᠭᠦᠯᠬᠦ᠂ ᠮᠡᠬᠡᠯᠡᠨ ᠬᠢᠬᠠᠬᠤ ᠶᠢ ᠡᠰᠡᠷᠭᠦᠴᠡᠬᠦ ᠮᠡᠬᠡᠯᠡᠨ ᠬᠢᠬᠠᠬᠤ ᠶᠢ ᠰᠡᠷᠭᠡᠶᠢᠯᠡᠬᠦ ᠵᠡᠷᠭᠡ ᠤᠯᠠᠨ ᠳᠡᠯᠭᠡᠨ ᠦᠵᠡᠭᠦᠯᠬᠦ ᠤᠬᠠᠭᠤᠯᠭ᠎ᠠ ᠶᠢᠨ ᠲᠣᠭᠤᠷᠢᠭ ᠢ ᠲᠤᠬᠢᠷᠠᠭᠤᠯᠵᠠᠢ᠃ ᠳᠡᠯᠭᠡᠨ ᠦᠵᠡᠭᠦᠯᠬᠦ ᠰᠠᠮᠪᠠᠷ᠎ᠠ ᠶᠢ ᠳᠡᠯᠭᠡᠨ ᠦᠵᠡᠭᠦᠯᠬᠦ᠂ ᠪᠣᠳᠠᠲᠤ ᠶᠠᠭᠤᠮ᠎ᠠ ᠶᠢ ᠳᠡᠯᠭᠡᠨ ᠦᠵᠡᠭᠦᠯᠬᠦ ᠵᠡᠷᠭᠡ ᠬᠡᠯᠪᠡᠷᠢ ᠶᠢ ᠪᠠᠭᠲᠠᠭᠠᠭᠰᠠᠨ ᠮᠠᠰᠢ ᠤᠯᠠᠨ ᠬᠤᠳᠠ ᠶᠢᠨ ᠠᠷᠠᠳ ᠤᠨ ᠠᠩᠬᠠᠷᠤᠯ ᠢ ᠲᠠᠲᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠶᠢ ᠭᠦᠢᠴᠡᠳ ᠳᠡᠯᠭᠡᠨ ᠦᠵᠡᠭᠦᠯᠵᠦ᠂ ᠡᠯ᠎ᠡ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠤᠳᠤᠯᠭ᠎ᠠ ᠶᠢ ᠥᠷᠭᠡᠨ ᠢᠶᠠᠷ ᠤᠬᠠᠭᠤᠯᠵᠤ᠂ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠶᠢᠨ ᠲᠤᠬᠠᠢ ᠲᠠᠨᠢᠯᠲᠠ ᠪᠠ ᠣᠶᠢᠯᠠᠭᠠᠯᠲᠠ ᠶᠢ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ ᠮᠠᠨ ᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠤᠨ ᠬᠥᠭᠵᠢᠯᠲᠡ ᠶᠢ ᠬᠠᠮᠲᠤᠪᠠᠷ ᠠᠬᠢᠭᠤᠯᠵᠠᠢ᠃
     ᠲᠤᠰ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠲᠤ ︽ᠰᠢᠨᠵᠢᠯᠡᠬᠦ ᠤᠬᠠᠭᠠᠨ ᠢ ᠬᠠᠶᠢᠷᠠᠯᠠᠵᠤ ᠰᠢᠨᠵᠢᠯᠡᠬᠦ ᠤᠬᠠᠭᠠᠨ ᠢ ᠡᠷᠬᠢᠮᠯᠡᠬᠦ︾ ᠪᠠᠷ ᠭᠤᠣᠯ ᠰᠡᠳᠦᠪ ᠪᠣᠯᠭᠠᠵᠤ᠂ ᠪᠦᠬᠦ ᠰᠢᠶᠠᠨ ᠤ ᠬᠡᠪᠴᠢᠶᠡᠨ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠰᠠᠭᠤᠨ ᠯᠠᠪᠯᠠᠬᠤ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠲᠣᠰᠬᠤᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠦ ᠶᠢᠨ ᠪᠤᠳᠤᠯᠭ᠎ᠠ ᠶᠢ ᠴᠡᠴᠡᠷᠯᠢᠭ ᠲᠤ ᠣᠷᠣᠭᠤᠯᠵᠤ ᠠᠵᠤ ᠠᠬᠤᠶᠢᠯᠠᠯ ᠳᠤ ᠣᠷᠣᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠡᠯ᠎ᠡ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠤᠯᠠᠨ ᠨᠡᠶᠢᠲᠡ ᠶᠢᠨ ᠬᠠᠮᠤᠭ ᠤᠨ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ᠂ ᠰᠢᠨᠵᠢᠯᠡᠬᠦ ᠤᠬᠠᠭᠠᠨ ᠤ ᠮᠡᠳᠡᠯᠭᠡ ᠶᠢᠨ ᠲᠤᠬᠠᠢ ᠣᠶᠢᠯᠠᠭᠠᠯᠲᠠ ᠶᠢ ᠨᠡᠮᠡᠭᠳᠡᠭᠦᠯᠵᠦ᠂ ᠪᠦᠬᠦ ᠨᠡᠶᠢᠭᠡᠮ ᠳᠤ ᠬᠥᠮᠦᠨ ᠪᠦᠬᠦᠨ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠭᠦᠷ ᠪᠣᠯᠭᠠᠬᠤ ᠬᠡᠷᠡᠭᠲᠡᠢ᠃
ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号