ᠯᠢ ᠯᠢᠦ ᠰᠢᠶᠤᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ ᠲᠤᠬᠠᠶ ᠶᠢᠨ ᠲᠠᠯᠠᠪᠤᠷ ᠲᠤ ᠠᠵᠢᠯᠯᠠᠪᠠ
ᠨᠡᠶᠢᠲᠡᠯᠡᠭᠰᠡᠨ ᠴᠠᠭ᠄
2023/5/24
     5 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ ᠲᠤᠬᠠᠶ ᠶᠢᠨ ᠲᠠᠯᠠᠪᠤᠷ ᠲᠤ ᠠᠵᠢᠯᠯᠠᠵᠤ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠰᠤᠯᠠ ᠪᠠᠶᠢᠭ᠎ᠠ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠲᠢᠩᠰᠡ ᠶᠢᠨ ᠠᠰᠢᠭᠯᠠᠯᠲᠠ᠂ ᠲᠡᠷᠭᠡᠨ ᠵᠣᠭᠰᠣᠭᠠᠯ ᠤᠨ ᠪᠠᠷᠢᠯᠭ᠎ᠠ ᠶᠢᠨ ᠠᠬᠢᠴᠠ ᠶᠢ ᠲᠥᠯᠥᠪᠵᠢᠭᠦᠯᠦᠭᠰᠡᠨ᠂ ᠬᠤᠷᠢᠶᠠᠯᠠᠯ ᠤᠨ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ᠂ ᠵᠠᠮ ᠤᠨ ᠬᠠᠵᠠᠭᠤ ᠶᠢᠨ ᠰᠥᠨᠢ ᠶᠢᠨ ᠵᠠᠬ᠎ᠠ ᠳᠡᠯᠭᠡᠭᠦᠷ ᠢ ᠲᠦᠯᠦᠪᠵᠢᠭᠦᠯᠦᠭᠰᠡᠨ ᠪᠠᠶᠢᠳᠠᠯ ᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ ᠲᠤᠬᠠᠶ ᠶᠢᠨ ᠲᠠᠯᠠᠪᠤᠷ ᠲᠤᠨᠢ ᠪᠠᠶᠢᠴᠠᠭᠠᠨ ᠦᠵᠡᠵᠦ᠂ ᠠᠵᠢᠯ ᠤᠨ ᠰᠠᠨᠠᠯ ᠢᠶᠠᠨ ᠳᠤᠷᠠᠳᠪᠠ᠃
     ᠰᠢᠶᠠᠨ ᠤ ᠪᠡᠶ᠎ᠡ ᠶᠢᠨ ᠲᠠᠮᠢᠷ ᠤᠨ ᠲᠠᠯᠠᠪᠠᠶ ᠶᠢᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠲᠤ ᠥᠷᠯᠥᠭᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠰᠤᠯᠠ ᠪᠠᠶᠢᠭ᠎ᠠ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠬᠠᠷᠠᠭᠤᠯ ᠤᠨ ᠲᠢᠩᠰᠡ ᠶᠢ ᠰᠠᠶᠢᠲᠤᠷ ᠬᠡᠷᠡᠭᠯᠡᠨ᠂ ᠰᠥᠨᠢ ᠶᠢᠨ ᠵᠠᠬ᠎ᠠ ᠳᠡᠯᠭᠡᠭᠦᠷ ᠤᠨ ᠵᠡᠭᠡᠯᠢ ᠲᠣᠭᠤᠷᠢᠭ ᠤᠨ ᠪᠠᠶᠢᠷᠢᠰᠢᠯ ᠢ ᠰᠢᠯᠢᠳᠡᠭᠵᠢᠭᠦᠯᠵᠦ᠂ ᠵᠦᠶ ᠵᠣᠬᠢᠰᠲᠠᠶ ᠲᠥᠯᠥᠪᠵᠢᠭᠦᠯᠦᠨ ᠡᠵᠡᠩᠨᠡᠵᠦ᠂ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ ᠰᠥᠨᠢ ᠶᠢᠨ ᠵᠠᠬ᠎ᠠ ᠳᠡᠯᠭᠡᠭᠦᠷ ᠤᠨ ᠵᠡᠭᠡᠯᠢ ᠲᠣᠭᠤᠷᠢᠭ ᠤᠨ ᠲᠠᠰ ᠤᠨ ᠳᠡᠭᠡᠭᠰᠢᠯᠡᠯᠲᠡ᠂ ︽ᠰᠥᠨᠢ ᠶᠢᠨ ᠠᠵᠤ ᠠᠬᠤᠶ︾ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠠᠰ ᠳᠡᠪᠰᠢᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠰᠥᠨᠢ ᠶᠢᠨ ᠵᠠᠬ᠎ᠠ ᠳᠡᠯᠭᠡᠭᠦᠷ ᠲᠤ ᠬᠥᠮᠦᠨ ᠣᠷᠣᠭᠤᠯᠵᠤ᠂ ᠰᠠᠭᠤᠭᠴᠢᠳ ᠢ ᠦᠯᠡᠳᠡᠭᠡᠵᠦ ᠳᠡᠶᠢᠯᠬᠦ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃
     ᠤᠤᠯ ᠤᠨ 3924 ᠭᠠᠵᠠᠷ ᠲᠤ᠂ ᠲᠡᠷᠭᠡᠨ ᠵᠣᠭᠰᠣᠭᠠᠯ ᠤᠨ ᠲᠥᠯᠥᠪᠵᠢᠭᠦᠯᠭᠡ ᠶᠢᠨ ᠪᠠᠷᠢᠯᠭ᠎ᠠ ᠶᠢᠨ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠡᠷᠭᠡᠨ ᠵᠣᠭᠰᠣᠭᠠᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠲᠡᠷᠭᠡᠨ ᠵᠣᠭᠰᠣᠭᠠᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠤᠯᠠᠨ ᠲᠦᠮᠡᠨ ᠤ ᠡᠳᠦᠷ ᠲᠤᠳᠤᠮ ᠤᠨ ᠶᠠᠪᠤᠵᠤ ᠰᠠᠭᠤᠬᠤ ᠳᠤ ᠥᠨᠳᠥᠷ ᠪᠦᠲᠦᠮᠵᠢᠲᠡᠢ᠂ ᠳᠥᠭᠦᠮ ᠳᠥᠲᠡ ᠦᠢᠯᠡᠴᠢᠯᠡᠭᠡ ᠬᠠᠩᠭᠠᠵᠤ᠂ ᠤᠯᠠᠨ ᠲᠦᠮᠡᠨ ᠤ ︽ᠲᠡᠷᠭᠡ ᠵᠣᠭᠰᠣᠭᠠᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠦᠨᠡᠨᠬᠦ ᠨᠠᠮᠳᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠱᠧᠩ ᠯᠢ ᠳᠤᠮᠳᠠ ᠵᠠᠮ ᠤᠨ ᠰᠢ ᠶᠤᠸᠠᠨ ᠦᠷ᠎ᠡ ᠶᠢᠨ ᠺᠣᠮᠫᠠᠨᠢ ᠶᠢᠨ ᠬᠠᠭᠤᠴᠢᠨ ᠪᠠᠭᠤᠷᠢ ᠳᠤ᠂ ᠲᠡᠷᠭᠡᠨ ᠵᠣᠭᠰᠣᠭᠠᠯ ᠤᠨ ᠪᠠᠷᠢᠯᠭ᠎ᠠ ᠶᠢᠨ ᠠᠬᠢᠴᠠ ᠶᠢ ᠨᠠᠷᠢᠨ ᠣᠶᠢᠯᠠᠭᠠᠵᠤ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠭᠦᠢᠴᠡᠳ ᠪᠣᠳᠣᠯᠬᠢᠯᠠᠵᠤ᠂ ᠤᠯᠠᠨ ᠲᠦᠮᠡᠨ ᠳᠤ ᠦᠢᠯᠡᠴᠢᠯᠡᠬᠦ ᠤᠯᠠᠨ ᠵᠦᠢᠯ ᠤᠨ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠲᠡᠷᠭᠡ ᠵᠣᠭᠰᠣᠬᠤ ᠬᠡᠷᠡᠭᠴᠡᠭᠡ ᠶᠢᠨ ᠬᠡᠮᠵᠢᠶ᠎ᠡ ᠶᠢ ᠨᠠᠷᠢᠨ ᠬᠢᠨᠠᠮᠠᠭᠠᠢ ᠲᠥᠰᠦᠭᠡᠯᠡᠨ ᠪᠤᠳᠤᠵᠤ᠂ ᠭᠠᠵᠠᠷ ᠰᠢᠷᠣᠢ ᠶᠢᠨ ᠣᠷᠣᠨ ᠵᠠᠢ ᠶᠢᠨ ᠬᠠᠮᠤᠭ ᠤᠨ ᠶᠡᠭᠡ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠡᠳ᠋ ᠪᠠᠶᠠᠯᠢᠭ ᠤᠨ ᠲᠥᠪ ᠤᠨ ᠲᠡᠷᠭᠡᠨ ᠵᠣᠭᠰᠣᠭᠠᠯ ᠤᠨ ᠣᠶᠢᠷᠠᠯᠴᠠᠭ᠎ᠠ᠂ ᠰᠠᠭᠤᠷᠢ ᠲᠥᠬᠦᠭᠡᠷᠦᠮᠵᠢ ᠶᠢᠨ ᠲᠡᠭᠦᠯᠳᠡᠷᠵᠢᠭᠰᠡᠨ ᠪᠠᠶᠢᠳᠠᠯ ᠢ ᠪᠠᠶᠢᠴᠠᠭᠠᠨ ᠦᠵᠡᠵᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠡᠭᠦᠳᠡᠨ ᠠᠴᠠ ᠡᠭᠦᠰᠦᠨ᠂ ᠠᠵᠢᠯ ᠢᠶᠠᠨ ᠨᠠᠷᠢᠨ ᠨᠢᠮᠪᠠᠶ ᠬᠢᠵᠦ᠂ ᠬᠤᠲᠠ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
     ᠰᠢᠦᠳᠠᠨ ᠬᠤᠯᠪᠣᠭᠠᠨ ᠤ ᠬᠤᠷᠢᠶᠠᠯᠠᠯ ᠳᠤ᠂ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠠᠵᠢᠯ ᠥᠷᠨᠢᠭᠦᠯᠦᠭᠰᠡᠨ ᠵᠢᠴᠢ ᠬᠤᠷᠢᠶᠠᠯᠠᠯ ᠤᠨ ᠣᠷᠴᠢᠨ ᠲᠣᠭᠤᠷᠢᠨ᠂ ᠰᠠᠭᠤᠷᠢ ᠲᠥᠬᠦᠭᠡᠷᠦᠮᠵᠢ ᠶᠢᠨ ᠲᠡᠭᠦᠯᠳᠡᠷᠵᠢᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠳᠠᠭᠠᠭᠠᠴᠢᠯᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠪᠣᠯᠪᠠᠰᠤᠨ ᠬᠤᠲᠠ ᠡᠭᠦᠳᠦᠨ ᠪᠠᠶᠢᠭᠤᠯᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠪᠣᠯᠪᠠᠰᠤᠨ ᠬᠤᠲᠠ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠪᠣᠯᠤᠨ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
     ᠲᠦᠩ ᠰᠢᠨ ᠤ ᠭᠡᠷ ᠣᠷᠣᠨ ᠤ ᠬᠤᠶᠠᠳᠤᠭᠠᠷ ᠬᠤᠭᠤᠴᠠᠭᠠᠨ ᠳᠤ᠂ ᠲᠡᠷᠭᠡ ᠵᠣᠭᠰᠣᠬᠤ ᠰᠠᠷᠠᠪᠴᠢ ᠶᠢᠨ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠭᠰᠠᠨ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠲᠥᠯᠥᠭᠡ ᠡᠭᠦᠳᠦᠨ ᠪᠠᠶᠢᠭᠤᠯᠬᠤ᠂ ᠠᠷᠠᠳ ᠲᠤ ᠠᠰᠢᠭ ᠬᠦᠷᠲᠡᠭᠡᠬᠦ᠂ ᠡᠭᠦᠳᠦᠨ ᠪᠠᠶᠢᠭᠤᠯᠬᠤ ᠨᠢ ᠠᠷᠠᠳ ᠢ ᠲᠦᠰᠢᠭᠯᠡᠬᠦ ᠶᠢ ᠪᠠᠷᠢᠮᠲᠠᠯᠠᠵᠤ ᠂ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠶᠢᠨ ᠡᡁᠧ ᠬᠡᠷ ᠣᠷᠣᠨ ᠳᠤ᠂ ᠬᠤᠷᠢᠶᠠᠯᠠᠯ ᠤᠨ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠵᠤ᠂ ᠬᠤᠷᠢᠶᠠᠯᠠᠯ ᠤᠨ ᠣᠷᠴᠢᠨ ᠲᠣᠭᠤᠷᠢᠨ᠂ ᠴᠢᠳᠠᠪᠬᠢ ᠶᠢᠨ ᠬᠤᠪᠢᠶᠠᠷᠢ ᠲᠣᠭᠤᠷᠢᠭ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠬᠤᠷᠢᠶᠠᠯᠠᠯ ᠤᠨ ᠣᠷᠴᠢᠨ ᠲᠣᠭᠤᠷᠢᠨ ᠢ ᠭᠤᠶᠤᠵᠢᠭᠤᠯᠬᠤ᠂ ᠰᠠᠭᠤᠭᠠᠯᠢ ᠠᠷᠠᠳ ᠤᠨ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠬᠦ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠬᠢ ᠶᠢ ᠴᠢᠩᠭᠠᠳᠬᠠᠬᠤ ᠵᠡᠷᠭᠡ ᠲᠠᠯ᠎ᠠ ᠪᠠᠷ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠪᠣᠯᠪᠠᠰᠤᠨ ᠬᠤᠲᠠ ᠡᠭᠦᠳᠦᠨ ᠪᠠᠶᠢᠭᠤᠯᠬᠤ ᠠᠵᠢᠯ ᠢ ᠡᠷᠴᠢᠮᠲᠡᠢ᠂ ᠡᠮᠬᠢ ᠵᠢᠷᠤᠮ ᠲᠠᠢ᠂ ᠪᠦᠲᠦᠮᠵᠢᠲᠡᠢ ᠥᠷᠨᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠲᠠᠪᠤᠳᠤᠭᠠᠷ ᠪᠠᠭ᠎ᠠ ᠰᠤᠷᠭᠠᠭᠤᠯᠢ ᠶᠢᠨ ᠣᠶᠢᠷᠠᠯᠴᠠᠭ᠎ᠠ᠂ ᠵᠠᠮ ᠤᠨ ᠬᠠᠵᠠᠭᠤ ᠳᠠᠬᠢ ᠰᠥᠨᠢ ᠶᠢᠨ ᠵᠠᠬ᠎ᠠ ᠳᠡᠯᠭᠡᠭᠦᠷ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠬᠦ ᠵᠠᠷᠴᠢᠮ ᠶᠣᠰᠣᠭᠠᠷ᠂ ᠵᠠᠮ ᠤᠨ ᠬᠠᠵᠠᠭᠤ ᠳᠠᠬᠢ ᠰᠥᠨᠢ ᠶᠢᠨ ᠵᠠᠬ᠎ᠠ ᠳᠡᠯᠭᠡᠭᠦᠷ ᠢ ᠵᠦᠶ ᠵᠣᠬᠢᠰᠲᠠᠶ ᠪᠠᠶᠢᠷᠢᠯᠠᠭᠤᠯᠵᠤ᠂ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠵᠢᠴᠢ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠵᠦ᠂ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠠᠮᠤᠷ ᠲᠦᠪᠰᠢᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
     ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠲᠣᠨᠣᠯᠵᠢᠨ ᠵᠠᠮ ᠤᠨ ᠣᠶᠢᠷᠠᠯᠴᠠᠭ᠎ᠠ᠂ ᠵᠠᠮ ᠤᠨ ᠬᠠᠵᠠᠭᠤ ᠳᠠᠬᠢ ᠳᠡᠯᠭᠡᠭᠡ ᠮᠠᠶᠢᠮᠠᠶ ᠶᠢᠨ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠳᠡᠯᠭᠡᠭᠡ ᠮᠠᠶᠢᠮᠠᠶ ᠶᠢᠨ ᠡᠵᠡᠩᠨᠡᠯᠲᠡ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠡᠯᠭᠡᠭᠡ ᠮᠠᠶᠢᠮᠠᠶ ᠶᠢᠨ ᠵᠢᠷᠤᠮᠵᠢᠯ ᠲᠠᠢ ᠡᠵᠡᠩᠨᠡᠯᠲᠡ ᠶᠢ ᠬᠥᠲᠥᠯᠦᠨ ᠵᠢᠯᠣᠭᠤᠳᠴᠤ᠂ ᠴᠡᠪᠡᠷ ᠴᠡᠮᠴᠡᠭᠡᠷ ᠪᠥᠭᠡᠳ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号