ᠬᠤᠷᠢᠨᠭᠡᠷ ᠰᠢᠶᠠᠨ ᠤ ᠭᠤᠷᠪᠠᠳᠤᠭᠠᠷ ᠬᠤᠭᠤᠴᠠᠭᠠᠨ ᠤ ︽ᠠᠨ ᠺᠠᠩ ᠬᠤᠨᠳᠠᠭᠠᠲᠤ︾ ᠵᠢᠴᠢ ᠦᠨᠳᠦᠰᠦᠲᠡᠨ ᠤ ᠪᠦᠯᠬᠦᠮᠳᠡᠯ · ᠬᠤᠷᠢᠨᠭᠡᠷ ᠲᠠᠢ ᠰᠡᠳᠬᠢᠯ ᠨᠢᠭᠡᠲᠡᠢ ᠠᠵᠢᠯᠲᠠᠨ ᠠᠵᠢᠯᠴᠢᠨ ᠤ ᠬᠡᠶᠢᠲᠦ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/5/25
     5 ᠰᠠᠷ᠎ᠠ ᠶᠢᠨ 24 ᠤ ᠡᠳᠦᠷ᠂ ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠭᠤᠤᠯᠯᠠᠨ ᠡᠷᠭᠢᠯᠡᠭᠰᠡᠨ ᠬᠤᠷᠢᠨᠭᠡᠷ ᠰᠢᠶᠠᠨ ᠤ ᠭᠤᠷᠪᠠᠳᠤᠭᠠᠷ ᠬᠤᠭᠤᠴᠠᠭᠠᠨ ᠤ ︽ᠠᠨ ᠺᠠᠩ ᠬᠤᠨᠳᠠᠭᠠᠲᠤ︾ ᠵᠢᠴᠢ ᠦᠨᠳᠦᠰᠦᠲᠡᠨ ᠤ ᠪᠦᠯᠬᠦᠮᠳᠡᠯ · ᠬᠤᠷᠢᠨᠭᠡᠷ ᠲᠠᠢ ᠰᠡᠳᠬᠢᠯ ᠨᠢᠭᠡᠲᠡᠢ ᠠᠵᠢᠯᠲᠠᠨ ᠠᠵᠢᠯᠴᠢᠨ ᠤ ᠬᠡᠶᠢᠲᠦ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠵᠢᠩᠬᠢᠨᠢ ᠪᠠᠷ ᠡᠬᠢᠯᠡᠪᠡ᠃
     ᠲᠤᠰ ᠤᠳᠠᠭ᠎ᠠ ᠶᠢᠨ ᠤᠷᠤᠯᠳᠤᠭᠠᠨ ᠳᠤ ᠪᠦᠬᠦ ᠰᠢᠶᠠᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ 11 ᠲᠥᠯᠥᠭᠡᠯᠡᠭᠴᠢᠳ ᠤᠨ ᠠᠩᠬᠢ ᠶᠢᠨ 120 ᠭᠠᠷᠤᠢ ᠲᠠᠮᠢᠷᠴᠢᠨ᠂ ᠳᠠᠰᠬᠠᠯᠵᠢᠭᠤᠯᠤᠭᠴᠢ᠂ ᠬᠢᠨᠠᠭᠴᠢ ᠣᠷᠣᠯᠴᠠᠵᠤ᠂ 3 ᠡᠳᠦᠷ ᠤᠨ ᠤᠷᠤᠯᠳᠤᠭᠠᠨ ᠤ ᠶᠠᠪᠤᠴᠠ ᠳᠤ ᠨᠡᠷᠡᠰ ᠤᠨ ᠳᠠᠷᠠᠭᠠᠯᠠᠯ ᠢ ᠲᠣᠭᠲᠠᠭᠠᠵᠤ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠰᠢᠯᠭᠠᠷᠠᠭᠤᠯᠤᠨ᠎ᠠ᠃
     ᠤᠷᠤᠯᠳᠤᠭᠠᠨ ᠤ ᠱᠦᠭᠯᠦ ᠳᠤᠤᠭᠠᠷᠤᠮᠠᠭᠴᠠ ᠲᠠᠮᠢᠷᠴᠢᠳ ᠵᠢᠭᠰᠠᠭᠠᠯ ᠢᠶᠠᠨ ᠴᠢᠩᠭ᠎ᠠ ᠰᠠᠬᠢᠵᠤ᠂ ᠤᠷᠤᠯᠳᠤᠭᠠᠨ ᠤ ᠪᠠᠶᠢᠳᠠᠯ ᠳᠤ ᠲᠦᠷᠭᠡᠨ ᠣᠷᠣᠪᠠ᠃ ᠰᠡᠳᠬᠢᠯ ᠰᠠᠨᠠᠭ᠎ᠠ ᠪᠠᠨ ᠣᠯᠣᠯᠴᠠᠨ ᠬᠠᠮᠵᠢᠯᠴᠠᠵᠤ᠂ ᠰᠢᠷᠦᠭᠦᠨ ᠳᠠᠭᠠᠷᠢᠯᠲᠠ ᠬᠢᠵᠦ᠂ ᠪᠠᠲᠤ ᠪᠠᠬᠢ ᠬᠤᠷᠢᠭᠯᠠᠯᠲᠠ ᠬᠢᠵᠦ᠂ ᠭᠤᠶᠣ ᠰᠠᠶᠢᠬᠠᠨ ᠭᠡᠳᠡᠷᠭᠦ ᠳᠠᠭᠠᠷᠢᠯᠲᠠ ᠬᠢᠵᠦ᠂ ᠡᠯ᠎ᠡ ᠲᠥᠯᠥᠭᠡᠯᠡᠭᠴᠢᠳ ᠤᠨ ᠠᠩᠭᠢ ᠬᠤᠪᠢ ᠤᠯᠬᠤ ᠲᠣᠬᠢᠶᠠᠯ ᠪᠦᠬᠦᠨ ᠢ ᠴᠢᠷᠮᠠᠶᠢᠨ ᠠᠳᠬᠤᠵᠤ᠂ ᠪᠦᠬᠦ ᠬᠦᠴᠦᠨ ᠢᠶᠠᠷ ᠢᠶᠠᠨ ᠬᠥᠮᠥᠷᠢᠨ ᠴᠣᠬᠢᠵᠤ᠂ ᠪᠦᠬᠦ ᠪᠡᠶ᠎ᠡ ᠪᠠᠷ ᠢᠶᠠᠨ ᠪᠥᠮᠪᠦᠭᠡ ᠶᠢ ᠠᠪᠤᠷᠠᠪᠠ᠃ ᠬᠤᠷᠴᠠ ᠰᠢᠷᠦᠭᠦᠨ ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠠᠭᠤᠷ ᠠᠮᠢᠰᠬᠤᠯ ᠤᠳᠠᠭ᠎ᠠ ᠳᠠᠷᠠᠭᠠᠯᠠᠨ ᠤᠷᠬᠢᠯ ᠳᠠᠭᠠᠨ ᠲᠤᠯᠵᠤ᠂ ᠤᠷᠤᠯᠳᠤᠭᠠᠨ ᠡᠮᠬᠢ ᠵᠠᠮᠪᠠᠷᠠᠭ᠎ᠠ ᠲᠠᠢ ᠶᠠᠪᠤᠭᠳᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠰᠬᠢᠷᠤᠯ ᠪᠠ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠳᠡ ᠦᠭᠡᠢ ᠴᠤᠤᠷᠢᠶᠠᠲᠤᠵᠤ᠂ ᠲᠤᠰᠬᠠᠢ ᠮᠡᠷᠭᠡᠵᠢᠯ ᠤᠨ ᠬᠢᠨᠠᠭᠴᠢ ᠶᠢᠨ ᠡᠩᠨᠡᠭᠡ ᠤᠷᠤᠯᠳᠤᠭᠠᠨ ᠤ ᠶᠠᠪᠤᠳᠠᠯ ᠢ ᠡᠷᠬᠡ ᠲᠡᠭᠰᠢ ᠲᠥᠪ ᠭᠤᠣᠯᠴᠢ᠂ ᠡᠮᠬᠢ ᠳᠢᠭᠯᠢᠮ ᠲᠠᠢ ᠪᠣᠯᠭᠠᠵᠠᠢ᠃
     ᠲᠤᠰ ᠤᠳᠠᠭᠠᠨ ᠤ ᠬᠡᠢ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠨᠢ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠵᠢᠯᠳᠠᠨ ᠠᠵᠢᠯᠴᠢᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠠᠵᠢᠯᠳᠠᠨ ᠠᠵᠢᠯᠴᠢᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ᠂ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠬᠦ᠂ ᠰᠣᠯᠢᠯᠴᠠᠭ᠎ᠠ ᠨᠡᠪᠲᠡᠷᠡᠯᠴᠡᠭᠡ ᠶᠢ ᠨᠡᠮᠡᠭᠳᠡᠭᠦᠯᠬᠦ ᠲᠠᠪᠴᠠᠩ ᠢ ᠪᠠᠶᠢᠭᠤᠯᠵᠤ᠂ ᠪᠦᠯᠬᠦᠮᠳᠡᠨ ᠬᠠᠮᠵᠢᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号