5 ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ 2023 ᠣᠨ ᠤ ᠥᠪᠥᠷ ᠮᠣᠩᠭᠤᠯ ᠤᠨ ᠬᠤᠷᠢᠨᠭᠡᠷ ᠤᠨ | ᠠᠷᠪᠠᠨ ᠳᠥᠷᠪᠡᠳᠦᠭᠡᠷ ᠬᠤᠭᠤᠴᠠᠭᠠᠨ ᠤ ᠴᠠᠨ᠎ᠠ ᠴᠡᠴᠡᠭ ᠰᠣᠶᠣᠯ ᠵᠢᠭᠤᠯᠴᠢᠯᠠᠯ ᠤᠨ ᠪᠠᠶᠠᠷ ᠤᠨ ᠰᠣᠨᠢᠨ ᠮᠡᠳᠡᠭᠡ | ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠰᠣᠶᠣᠯ ᠪᠣᠯᠤᠨ ᠵᠢᠭᠤᠯᠴᠢᠯᠠᠯ ᠵᠡᠷᠭᠡ ᠠᠵᠤ ᠦᠢᠯᠡᠰ ᠤᠨ | ᠭᠦᠨᠵᠡᠭᠡᠢ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠪᠦᠬᠦ ᠰᠢᠶᠠᠨ ᠤ ᠵᠢᠭᠤᠯᠴᠢᠯᠠᠯ ᠤᠨ ᠲᠡᠰ | ᠳᠡᠪᠰᠢᠬᠦ ᠶᠢ ᠨᠡᠩ ᠰᠠᠶᠢᠲᠤᠷ ᠠᠬᠢᠭᠤᠯᠵᠤ᠂ ᠤᠯᠤᠰ ᠤᠨ ᠳᠣᠲᠣᠭᠠᠳᠤ ᠶᠢᠨ ᠨᠡᠷᠡᠳᠦ ᠵᠢᠭᠤᠯᠴᠢᠯᠠᠯ ᠤᠨ ᠰᠦᠯᠵᠢᠶᠡᠨ | ᠤ ᠬᠠᠯᠠᠮᠰᠢᠯ ᠭᠠᠵᠠᠷ ᠢ ᠬᠦᠴᠦᠯᠡᠨ ᠪᠠᠶᠢᠭᠤᠯᠬᠤ ᠶᠢᠨ ᠲᠥᠯᠥᠭᠡ᠂ ᠬᠤᠷᠢᠨᠭᠡᠷ ᠰᠢᠶᠠᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ 2023 ᠣᠨ ᠤ 6 ᠰᠠᠷ᠎ᠠ ᠶᠢᠨ 2 ᠤᠨ | ᠡᠳᠦᠷ ᠬᠤᠷᠢᠨᠭᠡᠷ ᠰᠢᠶᠠᠨ ᠤ ᠨᠠᠨᠱᠠᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠡᠭᠦᠨ ᠲᠠᠯᠠᠪᠠᠢ ᠳᠤ ᠡᠬᠢᠯᠡᠨ᠎ᠡ᠃ | ᠲᠤᠰ ᠬᠤᠭᠤᠴᠠᠭᠠᠨ ᠤ ᠴᠠᠨ᠎ᠠ ᠴᠡᠴᠡᠭ ᠰᠣᠶᠣᠯ ᠵᠢᠭᠤᠯᠴᠢᠯᠠᠯ ᠤᠨ ᠨᠠᠶᠢᠷ ᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠢᠨᠭᠡᠷ ᠰᠢᠶᠠᠨ ᠤ ᠬᠤᠷᠢᠶ᠎ᠠ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ | ᠭᠤᠣᠯᠯᠠᠨ ᠡᠷᠬᠢᠯᠡᠵᠦ᠂ ᠬᠤᠷᠢᠨᠭᠡᠷ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ | ᠮᠣᠩᠭᠤᠯ ᠤᠨ ᠱᠧᠩ ᠯᠧ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠪᠡᠯᠡ ᠣᠷᠣᠭᠤᠯᠤᠯᠲᠠ ᠶᠢᠨ | ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠬᠢᠯᠡᠪᠡ᠃ ᠡᠨᠡ ᠪᠣᠯ ᠬᠤᠷᠢᠨᠭᠡᠷ ᠰᠢᠶᠠᠨ ᠤ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠶᠠᠪᠤᠳᠠᠯ | ᠪᠣᠯᠤᠨ᠎ᠠ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠶᠡᠷᠦᠩᠬᠡᠶ ᠱᠦᠵᠢ ᠰᠢ ᠶᠢᠨ ᠫᠢᠩ | ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢ ᠪᠡᠶᠡᠯᠡᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ | ᠪᠣᠯᠭᠠᠵᠤ᠂ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠦ ᠬᠡᠯᠪᠡᠷᠢ ᠶᠢᠨ ᠬᠥᠭᠵᠢᠯᠲᠡ ᠶᠢᠨ ᠲᠥᠯᠥᠪᠯᠡᠭᠡ | ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ | ᠲᠥᠯᠥᠪᠯᠡᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠣᠶᠣᠯ ᠬᠢᠭᠡᠳ ᠵᠢᠭᠤᠯᠴᠢᠯᠠᠯ ᠵᠡᠷᠭᠡ ᠠᠵᠤ | ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠥᠬᠦ ᠰᠢᠶᠠᠨ ᠤ ᠵᠢᠭᠤᠯᠴᠢᠯᠠᠯ ᠤᠨ ᠠᠵᠢᠯ | ᠲᠥᠷᠥᠯ ᠤᠨ ᠪᠥᠬᠦ ᠲᠠᠯ᠎ᠠ ᠪᠠᠷ ᠰᠡᠷᠭᠦᠨ ᠮᠠᠨᠳᠤᠬᠤ ᠶᠢ ᠨᠠᠩ ᠰᠠᠶᠢᠲᠤᠷ ᠠᠬᠢᠭᠤᠯᠵᠤ᠂ ᠤᠯᠤᠰ ᠤᠨ ᠳᠣᠲᠣᠭᠠᠳᠤ ᠶᠢᠨ | ᠨᠠᠷᠠᠲᠤ ᠵᠢᠭᠤᠯᠴᠢᠯᠠᠯ ᠤᠨ ᠰᠦᠯᠵᠢᠶᠡᠨ ᠤ ᠬᠠᠯᠠᠮᠰᠢᠯ ᠭᠠᠵᠠᠷ ᠢ ᠬᠦᠴᠦᠯᠡᠨ ᠪᠣᠶ ᠪᠣᠯᠭᠠᠬᠤ ᠶᠢᠨ ᠬᠠᠮᠲᠤ ᠨᠠᠷᠢᠨ | ᠨᠢᠮᠪᠠᠶ ᠤᠬᠠᠭᠠᠯᠠᠨ ᠰᠡᠳᠦᠭᠰᠡᠨ ᠨᠢᠭᠡ ᠵᠦᠢᠯ ᠤᠨ ᠴᠢᠬᠤᠯᠠ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠶᠢ | ᠬᠦᠴᠦᠯᠡᠨ ᠪᠣᠶ ᠪᠣᠯᠭᠠᠨ᠎ᠠ᠃ | ᠤᠢᠢᠷ᠎ᠠ ᠶᠢᠨ ᠵᠢᠯ ᠠᠴᠠ᠂ ᠬᠤᠷᠢᠨᠭᠡᠷ ᠰᠢᠶᠠᠨ ᠪᠦᠬᠦ ᠣᠷᠣᠨ ᠪᠦᠰᠡ᠂ ᠪᠦᠬᠦ ᠤᠯᠠᠷᠢᠯ᠂ ᠪᠦᠬᠦ ᠠᠵᠢᠯ | ᠲᠦᠷᠦᠯ ᠤᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠥᠪᠡᠷᠮᠢᠴᠡ | ᠣᠨᠴᠠᠯᠢᠭ ᠲᠠᠢ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ᠂ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ | ᠦᠵᠡᠮᠵᠢ᠂ ᠭᠦᠨ ᠵᠤᠵᠠᠭᠠᠨ ᠲᠡᠦᠬᠡ ᠰᠣᠶᠣᠯ ᠤᠨ ᠠᠭᠤᠯᠤᠭᠳᠠᠬᠤᠨ ᠪᠣᠯᠤᠨ ᠡᠯᠪᠡᠭ ᠪᠠᠶᠠᠯᠢᠭ ᠤᠯᠠᠨ ᠶᠠᠩᠵᠤ ᠶᠢᠨ | ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ | ᠬᠥᠭᠵᠢᠭᠦᠯᠵᠡᠢ᠃ ᠣᠳᠣᠬᠠᠨ ᠳᠤ᠂ ᠤᠯᠤᠰ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 7 ︵4A | ᠲᠠᠰ ᠤᠨ ᠦᠵᠡᠮᠵᠢ ᠶᠢᠨ ᠣᠷᠣᠨ 4᠂ 3A ᠲᠠᠰ ᠤᠨ ᠦᠵᠡᠮᠵᠢ ᠶᠢᠨ ᠣᠷᠣᠨ 3︶ ᠪᠠᠶᠢᠨ᠎ᠠ᠃ ᠨᠠᠨᠱᠠᠨ ᠤ | ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠣ ᠸᠧᠢ ᠠᠳᠤᠭᠤᠨ ᠰᠣᠶᠣᠯ ᠠᠮᠢ ᠠᠬᠤᠢ ᠶᠢᠨ | ᠵᠢᠭᠤᠯᠴᠢᠯᠠᠯ ᠤᠨ ᠣᠷᠣᠨ᠂ ᠮᠧᠩ ᠨᠢᠦ ᠠᠵᠤ ᠦᠢᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠮᠧᠩ | ᠼᠤᠤ ︽ᠡᠪᠡᠰᠦ ᠪᠡᠯᠴᠢᠭᠡᠷ ᠤᠨ ᠦᠵᠡᠰᠬᠦᠯᠡᠩ ᠤᠨ ᠬᠦᠷᠢᠶᠡᠯᠡᠩ︾᠂ ᠰᠠᠢ ᠸᠠᠢ ᠲᠤᠤ ᠶᠤᠸᠠᠨ ᠠᠮᠢ ᠠᠬᠤᠢ ᠶᠢᠨ | ᠵᠢᠭᠤᠯᠴᠢᠯᠠᠯ ᠤᠨ ᠣᠷᠣᠨ ᠵᠡᠷᠭᠡ ᠲᠤᠰ ᠲᠤᠰ ᠤᠨ ᠣᠨᠴᠠᠯᠢᠭ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠢ | ᠪᠤᠶᠢᠵᠢᠭᠤᠯᠪᠠ᠃ 7 ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠢ ᠴᠣᠭᠴᠠᠯᠠᠵᠤ᠂ ᠠᠮᠢ ᠠᠬᠤᠢ ᠶᠢᠨ | ᠣᠶᠢᠯᠠᠭᠠᠯᠲᠠ᠂ ᠠᠵᠤ ᠦᠢᠯᠡᠳᠪᠦᠷᠢ ᠶᠢᠨ ᠵᠢᠭᠤᠯᠴᠢᠯᠠᠯ᠂ ᠪᠡᠶ᠎ᠡ ᠶᠢᠨ ᠲᠠᠮᠢᠷ ᠡᠷᠡᠭᠦᠯ ᠴᠢᠭᠢᠷᠠᠭ᠂ ᠬᠥᠳᠡᠭᠡ | ᠲᠣᠰᠬᠤᠨ ᠤ ᠵᠢᠭᠤᠯᠴᠢᠯᠠᠯ᠂ ᠰᠡᠯᠡᠭᠦᠴᠡᠯ ᠰᠣᠳᠣᠯᠣᠨ ᠰᠤᠷᠤᠯᠴᠠᠯᠭ᠎ᠠ ᠶᠢ ᠨᠢᠭᠡ ᠴᠤᠬᠴᠠᠵᠢᠭᠤᠯᠤᠬᠰᠠᠨ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠵᠦ᠂ ᠵᠢᠭᠤᠯᠴᠢᠯᠠᠯ ᠤᠨ ᠠᠵᠤ ᠦᠢᠯᠡᠰ ᠥᠷᠨᠢᠩᠭᠦᠢ | ᠬᠥᠭᠵᠢᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ | ᠬᠥᠳᠡᠯᠭᠡᠭᠦᠷ ᠪᠣᠯᠪᠠ᠃ | | | | | ᠴᠠᠨ᠎ᠠ ᠴᠡᠴᠡᠭ ᠪᠣᠯ ᠳᠤᠮᠳᠠᠳᠤ ᠤᠯᠤᠰ ᠤᠨ ᠵᠢᠷᠭᠤᠭᠠᠨ ᠲᠣᠮᠣ ᠨᠠᠷᠠᠲᠤ ᠴᠡᠴᠡᠭ ᠤᠨ ᠨᠢᠭᠡ᠂ ᠥᠪᠥᠷ | ᠮᠣᠩᠭᠤᠯ ᠪᠣᠯ ᠴᠠᠨ᠎ᠠ ᠴᠡᠴᠡᠭ ᠤᠨ ᠤᠤᠭᠠᠯ ᠭᠠᠷᠤᠯᠲᠠ ᠶᠢᠨ ᠭᠠᠵᠠᠷ᠂ ᠬᠤᠷᠢᠨᠭᠡᠷ ᠰᠢᠶᠠᠨ ᠳᠤ ᠠᠯᠢ ᠡᠷᠲᠡ ᠠᠴᠠ | ᠴᠠᠨ᠎ᠠ ᠡᠮ ᠢᠶᠠᠷ ᠨᠡᠷᠡᠶᠢᠳᠦᠭᠰᠡᠨ ︽ᠶᠡᠭᠡ ᠪᠠᠭ᠎ᠠ ᠴᠠᠨ᠎ᠠ ᠴᠡᠴᠡᠭ ᠤᠨ ᠭᠤᠤ︾ ᠵᠡᠷᠭᠡ ᠠᠶᠢᠯ ᠲᠣᠰᠬᠤᠨ ᠪᠠᠶᠢᠳᠠᠭ᠃ | ᠬᠤᠷᠢᠨᠭᠡᠷ ᠤᠨ ᠨᠠᠨᠱᠠᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ 550 ᠮᠦ ᠰᠢᠬᠠᠮ ᠴᠠᠨ᠎ᠠ ᠴᠡᠴᠡᠭ ᠡᠮ | ᠲᠠᠷᠢᠵᠤ᠂ 120 ᠭᠠᠷᠤᠢ ᠴᠠᠨ᠎ᠠ ᠴᠡᠴᠡᠭ ᠤᠨ ᠰᠢᠨ᠎ᠡ ᠲᠦᠷᠦᠯ ᠵᠦᠢᠯ ᠢ ᠣᠷᠣᠭᠤᠯᠪᠠ᠂ ᠡᠭᠦᠨ ᠳᠤ ︽ᠠᠯᠳᠠᠨ | ᠪᠦᠰᠡᠯᠡᠭᠦᠷ︾᠂ ︽ᠡᠩᠭᠡᠰᠬᠡᠨ ᠬᠠᠰ︾᠂ ︽ᠬᠠᠰ ᠤᠨ ᠲᠠᠪᠠᠭ ᠤᠨ ᠲᠣᠰᠬᠤᠭᠤᠷ︾ ᠵᠡᠷᠭᠡ ᠬᠤᠪᠣᠷ ᠴᠤᠬᠠᠭ | ᠲᠦᠷᠦᠯ ᠵᠦᠢᠯ ᠤᠯᠠᠨ ᠪᠤᠢ᠃ ᠵᠢᠯ ᠪᠦᠷᠢ ᠶᠢᠨ 5 ᠰᠠᠷ᠎ᠠ ᠶᠢᠨ ᠰᠡᠭᠦᠯᠴᠢ ᠠᠴᠠ 6 ᠰᠠᠷ᠎ᠠ ᠶᠢᠨ ᠰᠡᠭᠦᠯᠴᠢ ᠪᠣᠯᠲᠠᠯ᠎ᠠ | ᠂ ᠴᠠᠨ᠎ᠠ ᠴᠡᠴᠡᠭ ᠥᠩᠭᠡ ᠪᠤᠯᠢᠶᠠᠯᠳᠤᠨ ᠳᠡᠯᠭᠡᠷᠡᠳᠡᠭ᠂ ᠡᠨᠡ ᠪᠣᠯ ᠬᠠᠮᠤᠭ ᠰᠠᠶᠢᠨ ᠴᠠᠨ᠎ᠠ ᠴᠡᠴᠡᠭ ᠤᠨ | ᠦᠵᠡᠮᠦᠷᠢ ᠶᠢᠨ ᠴᠠᠭ ᠶᠤᠮ᠃ ᠬᠤᠷᠢᠨᠭᠡᠷ ᠰᠢᠶᠠᠨ ᠴᠡᠴᠡᠭ ᠢᠶᠠᠷ ᠵᠠᠭᠤᠴᠢ ᠪᠣᠯᠭᠠᠵᠤ᠂ 2010 ᠣᠨ ᠠᠴᠠ ᠨᠠᠰᠢ᠂ | ᠠᠷᠪᠠᠨ ᠭᠤᠷᠪᠠᠳᠤᠭᠠᠷ ᠬᠤᠭᠤᠴᠠᠭᠠᠨ ᠤ ︽ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ︾ ᠢ | ᠠᠮᠵᠢᠯᠲᠠ ᠲᠠᠢ ᠡᠷᠬᠢᠯᠡᠵᠦ᠂ ᠨᠡᠯᠢᠶᠡᠳ ᠥᠨᠳᠥᠷ ᠠᠯᠳᠠᠷᠰᠢᠯ ᠲᠠᠢ ᠪᠥᠭᠡᠳ ᠨᠥᠯᠥᠭᠡᠯᠡᠬᠦ ᠬᠦᠴᠦᠨ ᠲᠠᠢ ︽ | ᠬᠤᠳᠠ ᠶᠢᠨ ᠲᠡᠭᠦᠷᠭᠡ ᠶᠢᠨ ᠵᠢᠭᠤᠯᠴᠢᠯᠠᠯ ᠤᠨ ᠦᠵᠡᠮᠵᠢᠲᠦ ᠣᠷᠴᠢᠨ ᠳᠠᠬᠢ ᠴᠡᠴᠡᠭ ᠤᠨ ᠳᠠᠯᠠᠢ ᠪᠠ ᠤᠢ︾ ᠭᠡᠬᠦ | ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠲᠦᠷᠦᠯ ᠲᠡᠮᠲᠡᠭᠲᠦ ᠶᠢ ᠡᠭᠦᠳᠴᠦ᠂ ᠬᠤᠷᠢᠨᠭᠡᠷ ᠤᠨ ᠠᠵᠤ | ᠠᠬᠤᠢ ᠶᠢᠨ ᠬᠥᠭᠵᠢᠯᠲᠡ ᠶᠢᠨ ᠦᠪᠡᠳᠡᠭᠰᠢ ᠨᠠᠶᠢᠷ᠂ ᠬᠤᠳᠠ ᠶᠢᠨ ᠲᠦᠷᠢ ᠲᠥᠷᠬᠦ ᠶᠢᠨ ᠴᠣᠩᠬᠤ᠂ ᠠᠮᠢ ᠠᠬᠤᠢ ᠶᠢᠨ | ᠰᠣᠶᠣᠯ ᠤᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ | ᠲᠣᠰ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠲᠤ ᠮᠥᠨ ᠯᠡ ︽ | ᠬᠤᠲᠠ ᠶᠢᠨ ᠲᠡᠭᠦᠷᠭᠡ ᠳᠤ ᠴᠡᠴᠡᠭ ᠰᠣᠨᠢᠷᠬᠠᠬᠤ ᠨᠠᠷᠠᠲᠤ ᠲᠡᠮᠲᠡᠭᠲᠦ︾ ᠶᠢ ᠭᠤᠤᠯᠯᠠᠨ ᠲᠣᠭᠯᠠᠵᠤ᠂ ᠴᠡᠴᠡᠭ | ᠰᠣᠨᠢᠷᠬᠠᠬᠤ ᠠᠵᠢᠯᠯᠠᠭ᠎ᠠ ᠪᠠᠷ ᠭᠤᠤᠯ ᠰᠢᠵᠢᠮ ᠪᠣᠯᠭᠠᠵᠤ᠂ ᠵᠤᠭᠠᠴᠠᠭᠰᠠᠳ ᠴᠠᠨ᠎ᠠ ᠴᠡᠴᠡᠭ ᠤᠨ ᠲᠡᠯᠡᠶ ᠳᠤ ᠵᠣᠭᠰᠣᠨ | ᠂ ᠡᠶᠡᠪᠡᠷᠭᠦᠤ ᠨᠡᠷᠡᠨ ᠤ ᠬᠡᠷᠡᠯ ᠳᠤ ᠡᠭᠡᠭᠡᠵᠦ᠂ ᠮᠤᠷᠤᠶ ᠵᠠᠮ ᠢᠶᠠᠷ ᠵᠠᠯᠭᠠᠯᠳᠤᠭᠰᠠᠨ ᠴᠡᠴᠡᠷᠯᠢᠭ ᠤᠨ ᠵᠥᠷᠢᠭ ᠵᠠᠮ ᠢᠶᠠᠷ | ᠠᠯᠬᠤᠯᠠᠨ᠂ ᠰᠢᠪᠠᠭᠤᠳ ᠤᠨ ᠳᠣᠩᠭᠤᠳᠬᠤ ᠴᠡᠴᠡᠭ ᠤᠨ ᠳᠤᠮᠳᠠ ᠡᠷᠭᠢᠴᠡᠵᠦ᠂ ᠡᠮᠦᠨ᠎ᠡ ᠠᠭᠤᠯᠠ ᠶᠢᠨ | ᠦᠵᠡᠰᠬᠦᠯᠡᠩᠲᠦ ᠰᠠᠶᠢᠬᠠᠨ ᠦᠵᠡᠮᠵᠢ ᠶᠢ ᠡᠳ᠋ᠯᠡᠨ᠎ᠡ᠃ ᠲᠣᠰ ᠠᠵᠢᠯᠯᠠᠭ᠎ᠠ ᠶᠢᠨ ᠠᠭᠤᠯᠭ᠎ᠠ ᠨᠢ ᠤᠷᠠᠨ ᠰᠠᠶᠢᠬᠠᠨ ᠤ | ᠬᠠᠮᠲᠤᠷᠠᠭᠰᠠᠨ ᠲᠣᠭᠯᠠᠯᠲᠠ᠂ ᠰᠣᠶᠣᠯ ᠤᠨ ᠰᠣᠯᠢᠯᠴᠠᠭ᠎ᠠ᠂ ᠬᠠᠷᠢᠯᠴᠠᠨ ᠰᠢᠭᠢᠳᠬᠡᠭᠰᠡᠨ ᠬᠥᠭᠵᠢᠯᠲᠡ᠂ ᠨᠠᠷᠠᠲᠤ | ᠲᠡᠮᠳᠡᠭᠲᠦ ᠶᠢᠨ ᠳᠡᠯᠭᠡᠷᠡᠭᠦᠯᠦᠯᠲᠡ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ᠂ ᠢᠳᠡᠵᠦ ᠤᠤᠭᠤᠬᠤ | ᠬᠤᠳᠠᠯᠳᠤᠨ ᠠᠪᠬᠤ ᠵᠤᠭ᠎ᠠ ᠴᠡᠩᠭᠡᠯ ᠵᠡᠷᠭᠡ ᠣᠯᠠᠨ ᠬᠦᠷᠢᠶ᠎ᠡ ᠶᠢ ᠬᠠᠮᠤᠷᠴᠤ᠂ ᠪᠠᠰᠠ ︽ᠬᠤᠸᠠᠷ ᠫᠤᠤᠵᠢᠩ ᠤᠨ | ᠦᠵᠡᠭᠦᠯᠭᠡ︾ ︽ᠬᠡᠷᠡᠯ ᠰᠡᠭᠦᠳᠡᠷ ᠤᠨ ᠦᠵᠡᠭᠦᠯᠭᠡ︾ ᠵᠡᠷᠭᠡ ᠶᠢ ᠴᠦ ᠭᠤᠶᠢᠳᠠ ᠰᠠᠶᠢᠬᠠᠨ ᠢᠯᠡᠷᠡᠭᠦᠯᠵᠦ᠂ | ᠦᠵᠡᠭᠴᠢᠳ ᠲᠤ ᠴᠣ᠋ ᠰᠢᠨ᠎ᠡ ᠣᠶᠢᠯᠠᠭᠠᠯᠲᠠ ᠣᠯᠭᠤᠬᠤ ᠪᠣᠯᠤᠨ᠎ᠠ᠃ | | | | | ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ | | |