ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠪᠦᠲᠦᠭᠡᠯ ᠤᠨ ᠦᠵᠡᠰᠬᠦᠯᠡᠩ ᠵᠢᠴᠢ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠬᠢᠭᠡᠳ ᠣᠲᠣ ᠦᠶ᠎ᠡ ᠶᠢᠨ ᠠᠮᠢᠳᠤᠷᠠᠯ ᠤᠨ ᠰᠤᠳᠤᠯᠤᠨ ᠶᠠᠷᠢᠯᠴᠠᠬᠤ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2023/5/25
     5 ᠳ᠋ᠤᠭᠠᠷ ᠰᠠᠷ᠎ᠠ ᠶᠢᠨ 23 ᠤ ᠡᠳᠦᠷ᠂ ︽ᠴᠠᠭᠠᠰᠤᠨ ᠬᠠᠶᠢᠴᠢᠯᠠᠮᠠᠯ ᠨᠢ ᠬᠠᠪᠤᠷ ᠮᠡᠲᠦ︾ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠪᠦᠲᠦᠭᠡᠯ ᠤᠨ ᠦᠵᠡᠰᠬᠦᠯᠡᠩ ᠥᠪᠥᠷ ᠮᠣᠩᠭᠤᠯ ᠤᠨ ᠣᠯᠠᠨ ᠲᠦᠮᠡᠨ ᠤ ᠤᠷᠠᠯᠢᠭ ᠤᠨ ᠣᠷᠳᠣᠨ ︵ᠰᠢᠨ᠎ᠡ ᠣᠷᠳᠣᠨ︶ ᠤ ᠳᠥᠷᠪᠡᠳᠦᠭᠡᠷ ᠳᠠᠪᠬᠤᠷᠯᠢᠭ ᠤᠨ ᠦᠵᠡᠭᠦᠯᠭᠡ ᠶᠢᠨ ᠲᠢᠩᠬᠢᠮ ᠳᠤ ᠶᠠᠪᠤᠭᠳᠠᠪᠠ᠃ ᠲᠤᠰ ᠤᠳᠠᠭ᠎ᠠ ᠶᠢᠨ ᠳᠡᠯᠭᠡᠨ ᠦᠵᠡᠭᠦᠯᠦᠭᠰᠡᠨ 80 ᠬᠤᠪᠢ ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠥᠪᠥᠷ ᠮᠣᠩᠭᠤᠯ ᠤᠨ ᠡᠯ᠎ᠡ ᠭᠠᠵᠠᠷ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ᠂ ᠤᠷᠠᠯᠢᠭᠴᠢᠨ ᠪᠠ ᠪᠠᠭ᠋ᠠᠷᠬᠠᠭᠴᠢᠳ ᠤᠨ ᠰᠣᠩᠭᠤᠭᠤᠯᠢ ᠳᠤ ᠣᠷᠣᠯᠴᠠᠭᠰᠠᠨ ᠪᠦᠲᠦᠭᠡᠯ ᠠᠴᠠ ᠰᠣᠩᠭᠤᠨ ᠠᠪᠴᠠᠢ᠂ ᠪᠦᠲᠦᠭᠡᠯ ᠨᠢ ᠭᠠᠵᠠᠷ ᠣᠷᠣᠨ ᠤ ᠣᠨᠴᠠᠯᠢᠭ ᠪᠠ ᠦᠨᠳᠦᠰᠦᠲᠡᠨ ᠨᠦᠭᠦᠳ ᠤᠨ ᠣᠨᠴᠠᠯᠢᠭ ᠢ ᠠᠭᠤᠰᠬᠠᠵᠤ᠂ ᠬᠤᠳᠠ ᠶᠢᠨ ᠠᠷᠠᠳ ᠤᠨ ᠰᠣᠨᠢᠷᠬᠠᠯ ᠢ ᠲᠠᠲᠠᠪᠠ᠃
     ᠳᠠᠷᠠᠭᠠᠴᠢ ᠶᠢᠨ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠬᠤᠷᠢᠨᠭᠡᠷ ᠤᠨ ᠴᠠᠭᠠᠰᠤᠨ ᠬᠠᠶᠢᠴᠢᠯᠠᠮᠠᠯ ᠤᠨ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ᠂ ᠥᠪᠥᠷ ᠮᠣᠩᠭᠤᠯ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠳ᠋ᠤᠸᠠᠨ ᠵᠢᠶᠠᠨ ᠵᠢᠶᠦ᠋ᠨ ᠬᠤᠷᠠᠯ ᠢ ᠡᠷᠬᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ ᠳᠡᠳ᠋ ᠳᠠᠷᠤᠭ᠎ᠠ ᠾᠧᠦ ᠮᠢᠨ᠂ ᠷᠦᠩ ᠹᠧᠩ ᠮᠢᠨ᠂ ᠮᠠ ᠱᠤ᠋ ᠵᠧᠨ᠂ ᠶᠢᠨ ᠬᠤᠩ ᠵᠢᠶᠦ᠋ᠨ᠂ ᠯᠢ ᠮᠤᠤ ᠷᠧᠨ ᠵᠡᠷᠭᠡ ᠴᠠᠭᠠᠰᠤᠨ ᠬᠠᠶᠢᠴᠢᠯᠠᠮᠠᠯ ᠤᠨ ᠤᠷᠠᠯᠢᠭᠴᠢᠨ᠂ ᠪᠠᠭ᠋ᠠᠷᠬᠠᠭᠴᠢ ᠵᠢᠴᠢ ᠦᠵᠡᠰᠬᠦᠯᠡᠩ ᠳᠤ ᠣᠷᠣᠯᠴᠠᠭᠰᠠᠨ ᠵᠣᠬᠢᠶᠠᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠴᠠᠭᠠᠰᠤᠨ ᠬᠠᠶᠢᠴᠢᠯᠠᠮᠠᠯ ᠤᠨ ᠤᠷᠠᠯᠢᠭᠴᠢᠳ ᠰᠠᠨᠠᠯ ᠨᠢᠭᠡᠲᠡᠶ ᠢᠯᠡᠷᠬᠡᠶᠢᠯᠡᠬᠦ ᠳᠡᠭᠡᠨ ᠂ ᠲᠣᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠢᠶᠠᠷ ᠳᠡᠮᠵᠢᠨ ᠮᠠᠰᠢ ᠣᠯᠠᠨ ᠠᠮᠵᠢᠯᠲᠠ ᠣᠯᠵᠠᠶ᠂ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠠᠷᠠᠳ ᠤᠨ ᠤᠷᠠᠯᠢᠭ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢᠨ ᠲᠥᠯᠥᠭᠡ ᠦᠷᠭᠦᠯᠵᠢᠯᠡᠨ ᠴᠢᠷᠮᠠᠶᠢᠨ ᠰᠤᠷᠤᠯᠴᠠᠵᠤ᠂ ᠨᠠᠩ ᠣᠯᠠᠨ ᠨᠠᠩ ᠭᠤᠶᠣ ᠰᠠᠶᠢᠬᠠᠨ ᠪᠦᠲᠦᠭᠡᠯ ᠢ ᠵᠣᠬᠢᠶᠠᠨ ᠪᠦᠲᠦᠭᠡᠬᠦ ᠪᠠᠷ ᠴᠢᠷᠮᠠᠶᠢᠨ᠎ᠠ ᠭᠡᠵᠡᠶ᠃
     ᠴᠠᠭᠠᠰᠤᠨ ᠬᠠᠶᠢᠴᠢᠯᠠᠮᠠᠯ ᠪᠣᠯ ᠳᠤᠮᠳᠠᠳᠤ ᠤᠯᠤᠰ ᠤᠨ ᠬᠠᠮᠤᠭ ᠡᠷᠲᠡᠨ ᠤ ᠠᠷᠠᠳ ᠤᠨ ᠤᠷᠠᠯᠢᠭ ᠤᠨ ᠨᠢᠭᠡ᠂ ᠮᠥᠨ ᠴᠦ ᠮᠠᠨ ᠤ ᠣᠷᠣᠨ ᠳᠤ ᠬᠠᠮᠤᠭ ᠳᠡᠯᠭᠡᠷᠡᠭᠰᠡᠨ ᠠᠷᠠᠳ ᠤᠨ ᠤᠷᠠᠯᠢᠭ ᠤᠨ ᠨᠢᠭᠡ ᠪᠣᠯᠣᠨ᠎ᠠ᠃ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠨᠢ ᠤᠮᠠᠷᠠᠲᠤ ᠶᠢᠨ ᠴᠥᠭᠡᠨ ᠲᠣᠭᠠᠲᠤ ᠦᠨᠳᠦᠰᠦᠲᠡᠨ ᠤ ᠰᠣᠶᠣᠯ ᠬᠢᠭᠡᠳ ᠵᠦᠩᠶᠤᠸᠠᠨ ᠣᠷᠣᠨ ᠤ ᠲᠠᠷᠢᠶᠠᠯᠠᠬᠤ ᠰᠣᠶᠣᠯ ᠤᠨ ᠬᠠᠷᠢᠯᠴᠠᠨ ᠠᠭᠤᠰᠤᠯᠴᠠᠭᠰᠠᠨ ᠠᠴᠠ ᠥᠪᠡᠷᠮᠢᠴᠡ ᠣᠨᠴᠠᠯᠢᠭ ᠲᠠᠢ᠃ ᠲᠣᠰ ᠤᠳᠠᠭᠠᠨ ᠤ ᠦᠵᠡᠭᠦᠯᠭᠡ ᠶᠢᠨ ᠪᠦᠲᠦᠭᠡᠯ ᠪᠣᠯ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠪᠠ ᠤᠷᠠᠯᠢᠭᠴᠢᠳ ᠤᠨ ᠣᠷᠳᠣ ᠬᠤᠭᠤᠴᠠᠭᠠᠨ ᠤ ᠲᠤᠷᠰᠢ ᠠᠷᠠᠳ ᠤᠨ ᠳᠤᠮᠳᠠ ᠭᠦᠨᠵᠡᠭᠡᠶᠢᠷᠡᠵᠦ᠂ ᠠᠮᠢᠳᠤᠷᠠᠯ ᠳᠤ ᠭᠦᠨᠵᠡᠭᠡᠶᠢᠷᠡᠨ ᠵᠣᠬᠢᠶᠠᠨ ᠪᠦᠲᠦᠭᠡᠭᠰᠡᠨ ᠰᠢᠯᠢᠳᠡᠭ ᠴᠠᠭᠠᠰᠤᠨ ᠬᠠᠶᠢᠴᠢᠯᠠᠮᠠᠯ ᠤᠨ ᠪᠦᠲᠦᠭᠡᠯ ᠪᠣᠯᠤᠨ᠎ᠠ᠃ ᠦᠵᠡᠭᠦᠯᠭᠡ ᠳᠤ ᠣᠷᠣᠯᠴᠠᠭᠰᠠᠨ ᠵᠣᠬᠢᠶᠠᠭᠴᠢ ᠴᠠᠭᠠᠰᠤᠨ ᠬᠠᠶᠢᠴᠢᠯᠠᠮᠠᠯ ᠢᠶᠠᠷ ᠳᠠᠮᠵᠢᠭᠤᠯᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠤᠶᠠᠩᠭᠠᠯᠠᠵᠤ᠂ ᠴᠠᠭᠠᠰᠤᠨ ᠬᠠᠶᠢᠴᠢᠯᠠᠮᠠᠯ ᠢᠶᠠᠷ ᠥᠪᠥᠷ ᠮᠣᠩᠭᠤᠯ ᠤᠨ ᠭᠤᠶᠢᠳᠠ ᠰᠠᠶᠢᠬᠠᠨ ᠦᠯᠢᠭᠡᠷ ᠢ ᠶᠠᠷᠢᠪᠠ᠃ ᠴᠠᠭᠠᠰᠤᠨ ᠬᠠᠶᠢᠴᠢᠯᠠᠮᠠᠯ ᠤᠳ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠠᠬᠤᠭᠤᠯᠤᠭᠳᠠᠵᠤ ᠪᠠᠶᠢᠭ᠎ᠠ ᠥᠪᠡᠷᠮᠢᠴᠡ ᠰᠣᠶᠣᠯ ᠤᠨ ᠣᠨᠴᠠᠯᠢᠭ ᠪᠠ ᠦᠵᠡᠰᠬᠦᠯᠡᠩ ᠳᠤ ᠣᠷᠣᠯᠴᠠᠭᠰᠠᠳ ᠤᠨ ᠠᠮᠢᠳᠤᠷᠠᠯ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢᠨ ᠲᠤᠬᠠᠶ ᠭᠦᠨ ᠵᠤᠵᠠᠭᠠᠨ ᠬᠠᠶᠢᠷ᠎ᠠ ᠰᠡᠳᠬᠢᠯᠭᠡ ᠶᠢᠨ ᠮᠠᠭᠲᠠᠭᠠᠯ ᠢ ᠬᠠᠷᠠᠭᠤᠯᠵᠠᠶ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号