ᠬᠤᠷᠢᠨᠭᠡᠷ ᠰᠢᠶᠠᠨ ᠤ ᠴᠧᠩ ᠭᠤᠸᠠᠨ ᠪᠠᠯᠭᠠᠰᠤᠨ ᠤ ᠱᠧᠩ ᠴᠦᠨ ᠬᠤᠸᠠ ᠶᠤᠸᠠᠨ ᠨᠡᠶᠢᠭᠡᠮ ᠲᠣᠭᠤᠷᠢᠭ᠄ ︽ᠬᠠᠶᠠᠭᠳᠠᠯ ᠢᠶᠠᠷ ᠰᠢᠨ᠎ᠡ ᠶᠢ ᠰᠣᠯᠢᠬᠤ︾ ᠠᠰᠠᠷ ᠤᠨ ᠬᠤᠩᠭᠢᠯ ᠳᠤ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠶᠢ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2023/5/26
     ︽ᠠᠷᠢᠭᠤᠨ ᠴᠡᠪᠡᠷ᠂ ᠪᠣᠯᠪᠠᠰᠤᠨ᠂ ᠡᠶ᠎ᠡ ᠵᠣᠬᠢᠴᠠᠯ ᠲᠠᠢ︾ ᠰᠢᠶᠠᠨ ᠤ ᠬᠡᠪᠴᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠬᠤᠷᠢᠨᠭᠡᠷ ᠰᠢᠶᠠᠨ ᠤ ᠴᠧᠩ ᠭᠤᠸᠠᠨ ᠪᠠᠯᠭᠠᠰᠤᠨ ᠤ ᠱᠧᠩ ᠴᠦᠨ ᠬᠤᠸᠠ ᠶᠤᠸᠠᠨ ᠨᠡᠶᠢᠭᠡᠮ ᠲᠣᠭᠤᠷᠢᠭ ᠤᠨ ᠬᠢᠨ ᠰᠢᠨ᠎ᠡ ᠠᠷᠭ᠎ᠠ ᠰᠦᠪᠡᠭᠴᠢᠯᠡᠨ᠂ ᠪᠣᠳᠠᠲᠠᠶ ᠠᠵᠢᠯ ᠬᠢᠵᠦ᠂ ︽ᠠᠰᠠᠷ ᠤᠨ ᠬᠤᠩᠭᠢᠯ ᠢ ᠰᠤᠯᠠ ᠲᠠᠯᠪᠢᠵᠤ ᠣᠪᠣᠭᠠᠯᠠᠭᠰᠠᠨ ᠡᠳ᠋ ᠪᠣᠳᠠᠰ ᠢ ᠰᠣᠯᠢᠬᠤ ᠠᠵᠢᠯᠯᠠᠭ᠎ᠠ︾ ᠥᠷᠨᠢᠭᠦᠯᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠢ ᠳᠠᠶᠢᠴᠢᠯᠠᠨ ᠠᠰᠠᠷ ᠤᠨ ᠬᠤᠩᠭᠢᠯ ᠤᠨ ᠳᠣᠲᠣᠷᠠᠬᠢ ᠳᠤᠷ᠎ᠠ ᠪᠠᠷ ᠢᠶᠠᠨ ᠣᠪᠣᠭᠠᠯᠠᠭᠰᠠᠨ ᠡᠳ᠋ ᠪᠣᠳᠠᠰ ᠢ ᠤᠬᠠᠮᠰᠠᠷ ᠠᠴᠠ ᠪᠠᠨ ᠴᠡᠪᠡᠷᠯᠡᠵᠦ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠴᠣᠭᠴᠠᠯᠠᠨ ᠪᠠᠶᠢᠭᠤᠯᠤᠨ᠎ᠠ᠃
     ᠥᠷᠯᠥᠭᠡ ᠡᠷᠲᠡ ᠱᠧᠩ ᠴᠦᠨ ᠬᠤᠸᠠ ᠶᠤᠸᠠᠨ ᠤ A ᠲᠣᠭᠤᠷᠢᠭ ᠤᠨ 10 ᠳ᠋ᠤᠭᠠᠷ ᠠᠰᠠᠷ ᠤᠨ ᠬᠤᠶᠠᠳᠤᠭᠠᠷ ᠲᠠᠰᠤᠭ ᠲᠤ ᠰᠠᠭᠤᠵᠤ ᠪᠠᠶᠢᠭ᠎ᠠ ᠸᠠᠩ ᠠᠨᠢᠶ᠎ᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡᠨ ᠤ ᠪᠣᠯᠪᠠᠰᠤᠨ ᠪᠦᠯᠬᠦᠮᠳᠡᠯ ᠬᠡᠳᠦ ᠳᠡᠯᠭᠡᠭᠦᠷ ᠤᠨ ᠰᠣᠯᠢᠬᠤ ᠭᠠᠵᠠᠷ ᠲᠤ ᠬᠦᠷᠴᠦ ᠢᠷᠡᠬᠦ ᠳᠤ᠂ ᠸᠠᠩ ᠠᠨᠢᠶ᠎ᠠ᠄ ︽ᠯᠢᠦ ᠱᠦᠵᠢ ᠡ᠂ ᠰᠣᠨᠣᠰᠬᠤᠯᠠᠷ ᠮᠠᠨ ᠤ ᠠᠰᠠᠷ ᠤᠨ ᠬᠤᠩᠭᠢᠯ ᠤᠨ ᠰᠤᠯᠠ ᠪᠠᠶᠢᠭ᠎ᠠ ᠶᠠᠭᠤᠮ᠎ᠠ ᠶᠢ ᠪᠠᠭ᠎ᠠ ᠰᠠᠭ᠎ᠠ ᠰᠣᠯᠢᠵᠤ ᠪᠣᠯᠤᠨ᠎ᠠ ᠭᠡᠨ᠎ᠡ᠂ ᠪᠢ ᠴᠦ ᠭᠡᠷ ᠲᠡᠭᠡᠨ ᠲᠠᠯᠪᠢᠭ᠎ᠠ ᠦᠭᠡᠢ ᠭᠠᠵᠠᠷ ᠪᠠᠶᠢᠨ᠎ᠠ᠂ ᠬᠠᠶᠠᠵᠤ ᠲᠦᠪᠳᠡᠬᠦ ᠦᠭᠡᠢ᠂ ᠵᠥᠪᠬᠡᠨ ᠠᠰᠠᠷ ᠤᠨ ᠬᠤᠩᠭᠢᠯ ᠳᠤ ᠲᠠᠯᠪᠢᠨ᠎ᠠ᠃︾ ︽ᠠᠨᠢᠶ᠎ᠠ ᠠ᠂ ᠪᠢᠳᠡ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠨᠠᠩ ᠴᠡᠪᠡᠷ ᠴᠡᠮᠴᠡᠭᠡᠷ ᠪᠣᠯᠭᠠᠬᠤ ᠶᠢᠨ ᠲᠥᠯᠥᠭᠡ᠂ ᠡᠭᠦᠨ ᠤ ᠬᠠᠮᠲᠤ ᠪᠠᠰᠠ ᠠᠮᠤᠷ ᠲᠦᠪᠰᠢᠨ ᠤ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠲᠤᠰᠬᠠᠶᠢᠯᠠᠨ ᠡᠨᠡ ᠬᠦ ᠰᠣᠯᠢᠬᠤ ᠭᠠᠵᠠᠷ ᠢ ᠪᠠᠶᠢᠭᠤᠯᠵᠤ᠂ ᠡᠯᠳᠡᠪ ᠶᠠᠭᠤᠮ᠎ᠠ ᠣᠪᠣᠭᠠᠯᠠᠨ ᠠᠰᠠᠷ ᠲᠤ ᠭᠠᠷᠴᠤ ᠪᠠᠭᠤᠬᠤ ᠵᠠᠮ ᠢ ᠡᠵᠡᠯᠡᠨ ᠬᠡᠷᠡᠭᠯᠡᠬᠦ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠂ ᠲᠠ ᠨᠡᠶᠢᠭᠡᠮ ᠲᠣᠭᠤᠷᠢᠭ ᠲᠤ ᠠᠪᠠᠴᠢᠵᠤ ᠬᠤᠭ ᠤᠨ ᠰᠠᠪᠠ᠂ ᠬᠤᠷᠮᠦ᠋ᠢᠪᠴᠢ ᠵᠡᠷᠭᠡ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠢ ᠰᠣᠯᠢᠵᠤ ᠪᠣᠯᠤᠨ᠎ᠠ᠃ ᠸᠠᠩ ᠠᠨᠢᠶ᠎ᠠ ᠯᠢᠦ ᠱᠦᠵᠢ ᠶᠢᠨ ᠲᠠᠶᠢᠯᠪᠤᠷᠢᠯᠠᠬᠤ ᠶᠢ ᠰᠣᠨᠣᠰᠤᠭᠠᠳ᠂ ᠠᠰᠠᠷ ᠤᠨ ᠭᠤᠳᠤᠮᠵᠢᠨ ᠳᠤ ᠦᠨᠡᠰᠦ ᠬᠤᠷᠠᠵᠤ ᠪᠠᠶᠢᠭᠰᠠᠨ ᠬᠤᠸᠠᠷ ᠤᠨ ᠫᠧᠩᠰᠡ᠂ ᠬᠥᠭᠡᠰᠦᠨ ᠬᠠᠶᠢᠷᠴᠠᠭ ᠵᠡᠷᠭᠡ ᠶᠢ ᠬᠤᠷᠮᠦ᠋ᠢᠪᠴᠢ ᠪᠠ ᠬᠤᠭ ᠤᠨ ᠰᠠᠪᠠ ᠪᠠᠷ ᠰᠣᠯᠢᠭᠠᠳ ᠰᠡᠳᠬᠢᠯ ᠳᠦᠭᠦᠷᠡᠩ ᠪᠠᠶᠠᠷ ᠲᠠᠢ ᠪᠠᠷ ᠰᠠᠯᠵᠤ ᠶᠠᠪᠤᠪᠠ᠃
     5 ᠰᠠᠷ᠎ᠠ ᠶᠢᠨ ᠡᠬᠢ ᠪᠠᠷ᠂ ᠱᠧᠩ ᠴᠦᠨ ᠬᠤᠸᠠ ᠶᠤᠸᠠᠨ ᠨᠡᠶᠢᠭᠡᠮ ᠲᠣᠭᠤᠷᠢᠭ ᠤᠨ ᠬᠢᠨ ᠠᠰᠠᠷ ᠤᠨ ᠬᠤᠩᠭᠢᠯ ᠢ ᠴᠡᠪᠡᠷᠯᠡᠭᠡᠳ ᠪᠠᠷᠠᠰᠢ ᠦᠭᠡᠢ ᠡᠯᠳᠡᠪ ᠶᠠᠭᠤᠮ᠎ᠠ ᠶᠢ ᠰᠢᠢᠳᠪᠦᠷᠢᠯᠡᠬᠦ ᠠᠷᠭ᠎ᠠ ᠪᠤᠳᠤᠯᠭ᠎ᠠ ᠶᠢ ᠵᠥᠪᠳᠡᠯᠴᠡᠵᠦ ᠂ ᠤᠯᠠᠨ ᠤ ᠤᠬᠠᠭᠠᠨ ᠢ ᠲᠥᠪᠯᠡᠷᠡᠭᠦᠯᠬᠦ ᠪᠠᠷ ᠳᠠᠮᠵᠢᠭᠤᠯᠵᠤ᠂ ᠨᠡᠶᠢᠭᠡᠮ ᠲᠣᠭᠤᠷᠢᠭ ᠤᠨ ᠬᠢᠨ ᠬᠠᠶᠠᠭᠳᠠᠮᠠᠯ ᠪᠣᠳᠠᠰ ᠢᠶᠠᠷ ᠰᠢᠨ᠎ᠡ ᠶᠠᠭᠤᠮ᠎ᠠ ᠰᠣᠯᠢᠬᠤ ᠠᠷᠭ᠎ᠠ ᠬᠡᠯᠪᠡᠷᠢ ᠪᠠᠷ ᠬᠠᠷᠢᠶ᠎ᠠ ᠲᠣᠭᠤᠷᠢᠭ ᠤᠨ ᠢᠶᠠᠨ ᠰᠠᠭᠤᠭᠠᠯᠢ ᠠᠷᠠᠳ ᠤᠨ ᠰᠠᠨᠠᠭᠠᠴᠢᠯᠠᠭ᠎ᠠ ᠠᠴᠠ ᠪᠠᠨ ᠬᠠᠶᠠᠭᠳᠠᠮᠠᠯ ᠬᠠᠭᠤᠴᠢᠨ ᠶᠠᠭᠤᠮ᠎ᠠ ᠪᠠᠷ ᠠᠮᠢᠳᠤᠷᠠᠯ ᠤᠨ ᠬᠡᠷᠡᠭᠰᠡᠯ ᠢᠶᠠᠨ ᠰᠣᠯᠢᠬᠤ ᠶᠢ ᠵᠣᠷᠢᠭᠵᠢᠭᠤᠯᠬᠤ ᠪᠠᠷ ᠲᠣᠭᠲᠠᠵᠤ᠂ ᠡᠶᠢᠮᠦᠷᠬᠦ ᠳᠥᠭᠦᠮᠬᠡᠨ ᠠᠷᠭ᠎ᠠ ᠬᠡᠯᠪᠡᠷᠢ ᠪᠠᠷ ᠠᠰᠠᠷ ᠤᠨ ᠬᠤᠩᠭᠢᠯ ᠳᠠᠬᠢ ᠤᠷᠲᠤ ᠬᠤᠭᠤᠴᠠᠭ᠎ᠠ ᠪᠠᠷ ᠲᠠᠯᠪᠢᠭᠰᠠᠨ ᠲᠡᠷᠭᠡ᠂ ᠡᠯᠳᠡᠪ ᠶᠠᠭᠤᠮ᠎ᠠ ᠶᠢ ᠠᠶᠠᠨᠳᠠᠭᠠᠨ ᠦᠭᠡᠢ ᠪᠣᠯᠭᠠᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠪᠠᠷ ᠪᠣᠯᠪᠠ᠃ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠰᠣᠯᠢᠬᠤ ᠠᠵᠢᠯᠯᠠᠭ᠎ᠠ ᠨᠢ ᠰᠠᠭᠤᠭᠠᠯᠢ ᠠᠷᠠᠳ ᠤᠨ ᠳᠡᠮᠵᠢᠯᠭᠡ ᠪᠠ ᠬᠦᠷᠢᠶᠡᠯᠡᠯ ᠢ ᠣᠯᠵᠤ᠂ ᠮᠠᠰᠢ ᠣᠯᠠᠨ ᠰᠠᠭᠤᠭᠠᠯᠢ ᠠᠷᠠᠳ ᠰᠠᠶᠢᠨ ᠳᠤᠷ᠎ᠠ ᠠᠴᠠ ᠪᠠᠨ ᠠᠰᠠᠷ ᠤᠨ ᠬᠤᠩᠭᠢᠯ ᠳᠤ ᠣᠪᠣᠭᠠᠷᠠᠭᠰᠠᠨ ᠬᠠᠶᠠᠭᠳᠠᠮᠠᠯ ᠬᠠᠭᠤᠴᠢᠨ ᠡᠳ᠋ ᠪᠣᠳᠠᠰ ᠢ ᠨᠡᠶᠢᠭᠡᠮ ᠲᠣᠭᠤᠷᠢᠭ ᠲᠤ ᠠᠪᠠᠴᠢᠨ ︽ᠬᠠᠶᠠᠭᠳᠠᠯ ᠢᠶᠠᠷ ᠰᠢᠨ᠎ᠡ ᠶᠢ ᠰᠣᠯᠢᠬᠤ︾ ᠪᠣᠯᠵᠣ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠨᠠᠩ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠣᠷᠣᠯᠴᠠᠵᠤ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号