ᠰᠢᠶᠠᠨ ᠤ ᠤᠯᠤᠰ ᠲᠥᠷᠥ ᠶᠢᠨ ᠵᠥᠪᠯᠡᠯᠭᠡᠨ ︽ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ︾ ᠪᠠᠶᠢᠴᠠᠭᠠᠨ ᠰᠤᠳᠤᠯᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/5/26
     5 ᠰᠠᠷ᠎ᠠ ᠶᠢᠨ 25 ᠤ ᠡᠳᠦᠷ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠶᠢᠨ ᠵᠥᠪᠯᠡᠯ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠪᠠ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠠᠢ ᠬᠠᠮᠲᠤᠷᠠᠨ᠂ ᠤᠷᠢᠳ ᠬᠤᠵᠢᠳ ᠶᠡᠭᠡ ᠤᠯᠠᠭᠠᠨᠬᠤᠲᠠ ᠰᠢᠶᠠᠩ᠂  ᠰᠢᠨ᠎ᠡ ᠳᠡᠯᠭᠡᠭᠦᠷ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠬᠡᠰᠡᠭ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠭᠦᠨᠵᠡᠭᠡᠶᠢᠷᠡᠵᠦ᠂ ︽ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ︾ ᠲᠣᠭᠤᠷᠢᠨ ᠳᠤ ᠬᠢᠨᠠᠯᠲᠠ ᠲᠠᠯᠪᠢᠵᠤ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠨᠡᠷ ᠰᠣᠨᠣᠰᠬᠤ ᠶᠢᠨ ᠳᠠᠭᠠᠤ ᠦᠵᠡᠵᠦ᠂ ᠬᠠᠮᠢᠶ᠎ᠠ ᠪᠥᠬᠦᠶ ᠬᠠᠷᠢᠭᠤᠴᠠᠯᠭᠠᠲᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠮᠨᠡᠯᠭᠡ ᠶᠢᠨ ᠠᠵᠢᠯᠲᠠᠳ ᠲᠠᠢ ᠶᠠᠷᠢᠯᠴᠠᠨ ᠰᠣᠯᠢᠯᠴᠠᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ᠂ ᠦᠢᠯᠡᠴᠢᠯᠡᠭᠡᠨ ᠤ ᠴᠢᠳᠠᠪᠤᠷᠢ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠮᠢᠶᠠᠷᠤᠯᠲᠠ᠂ ᠡᠮᠴᠢᠯᠡᠭᠡᠨ ᠤ ᠥᠭᠡᠷᠡᠴᠢᠯᠡᠯᠲᠡ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号