ᠮᠧᠩ ᠨᠢᠦ ᠪᠦᠯᠦᠭᠯᠡᠯ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/5/26
     5 ᠰᠠᠷ᠎ᠠ ᠶᠢᠨ 25 ᠤ ᠡᠳᠦᠷ᠂ ᠮᠧᠩ ᠨᠢᠦ ᠪᠦᠯᠦᠭᠯᠡᠯ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠵᠤ᠂ ᠰᠡᠷᠭᠡᠶᠢᠯᠡᠯᠲᠡ ᠶᠢᠨ ᠲᠣᠭᠤᠷᠢᠭ᠂ ᠰᠢᠶᠠᠨ ᠤ ᠵᠠᠰᠠᠭ ᠤᠨ ᠣᠷᠳᠣᠨ ᠪᠣᠯᠤᠨ ᠮᠧᠩ ᠨᠢᠦ ᠪᠦᠯᠦᠭᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ ᠶᠣᠰᠣᠯᠠᠯ ᠳᠤ ᠣᠷᠣᠯᠴᠠᠵᠤ᠂ ᠮᠧᠩ ᠨᠢᠦ ᠪᠦᠯᠦᠭᠯᠡᠯ ᠤᠨ 60 ᠭᠠᠷᠤᠢ ᠰᠢᠯᠢᠳᠡᠭ ᠡᠷᠦᠭᠡ ᠶᠢᠨ ᠴᠡᠷᠢᠭ ᠠᠵᠢᠯᠯᠠᠭ᠎ᠠ ᠳᠤ ᠣᠷᠣᠯᠴᠠᠪᠠ᠃
       ᠶᠣᠰᠣᠯᠠᠯ ᠨᠢ ᠰᠦᠷ ᠵᠢᠪᠬᠤᠯᠠᠩᠲᠠᠶ ︽ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ   ᠳᠠᠭᠤᠤ︾ ᠶᠢᠨ ᠳᠤᠮᠳᠠ ᠬᠥᠰᠢᠭᠡ ᠪᠠᠨ ᠰᠡᠬᠦᠪᠡ᠃  ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠰᠧᠯᠢᠩᠶᠤᠸᠠᠨ ᠰᠧ ᠰᠢᠶᠤᠤ ᠶᠠᠩ ᠪᠣᠯᠤᠨ ᠮᠧᠩ ᠨᠢᠦ ᠪᠦᠯᠦᠭᠯᠡᠯ ᠤᠨ ᠳᠡᠳ᠋ ᠶᠡᠷᠦᠩᠬᠡᠶ ᠵᠠᠬᠢᠷᠤᠯ ᠡᠦ ᠰᠢ ᠴᠦᠨ ᠬᠠᠮᠲᠤ ᠪᠠᠷ ᠮᠧᠩ ᠨᠢᠦ ᠪᠦᠯᠦᠭᠯᠡᠯ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠫᠠᠶᠢᠰᠠ ᠶᠢ ᠰᠡᠬᠦᠪᠡ᠃ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠡᠷᠭᠡᠶᠢᠯᠡᠯᠲᠡ ᠶᠢᠨ ᠲᠣᠭᠤᠷᠢᠭ ᠤᠨ ᠬᠠᠮᠢᠶ᠎ᠠ ᠪᠦᠬᠦᠢ ᠪᠠᠶᠢᠭᠤᠯᠭ᠎ᠠ ᠳᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠠᠶᠢᠭᠤᠯᠬᠤ ᠲᠤᠬᠠᠢ ᠴᠣᠬᠤᠯᠠᠪᠤᠷᠢ ᠬᠠᠷᠢᠭᠤᠯᠲᠠ ᠪᠣᠯᠤᠨ ᠲᠤᠰᠬᠠᠢ ᠴᠡᠷᠢᠭ ᠤᠨ ᠺᠠᠳ᠋ᠷ ᠤᠨ ᠲᠤᠰᠢᠶᠠᠯ ᠡᠭᠦᠷᠭᠡᠯᠡᠬᠦ ᠵᠠᠷᠯᠢᠭ ᠢ ᠤᠩᠰᠢᠨ ᠨᠡᠶᠢᠲᠡᠯᠡᠵᠦ᠂ ᠪᠦᠬᠦ ᠰᠢᠯᠢᠳᠡᠭ ᠡᠷᠦᠬᠡ ᠶᠢᠨ ᠴᠡᠷᠢᠭ ᠲᠥᠪ ᠴᠢᠩᠭ᠎ᠠ ᠪᠠᠷ ᠲᠠᠩᠭᠠᠷᠢᠭᠯᠠᠪᠠ᠃
     ᠫᠠᠶᠢᠰᠠ ᠰᠡᠬᠦᠬᠦ ᠶᠣᠰᠣᠯᠠᠯ ᠳᠡᠭᠡᠷ᠎ᠡ᠂ ᠰᠧ ᠰᠢᠶᠤᠤ ᠶᠠᠩ ᠪᠦᠯᠦᠭᠯᠡᠯ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠠᠶᠢᠭᠤᠯᠤᠯᠲᠠ ᠶᠢᠨ ᠲᠤᠬᠠᠢ ᠰᠠᠶᠢᠨ ᠡᠬᠢᠯᠡᠯᠲᠡ ᠲᠠᠢ ᠪᠤᠯᠵᠤ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠳᠤᠷᠢᠳᠬᠤ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ︔ ᠴᠠᠭᠠᠷᠠᠭᠰᠠᠨ ᠡᠷᠳᠡᠮ ᠴᠢᠳᠠᠪᠤᠷᠢ ᠶᠢ ᠪᠣᠯᠪᠠᠰᠤᠷᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠲᠤᠰᠠᠯᠠᠨ ᠪᠠᠲᠤᠯᠠᠬᠤ ᠡᠭᠦᠷᠭᠡ ᠶᠢᠨ ᠪᠣᠳᠠᠲᠠᠢ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠦᠬᠡ ᠶᠢᠨ ᠴᠡᠷᠢᠭ ᠤᠨ ᠭᠦᠢᠴᠡᠳᠬᠡᠬᠦ ᠡᠭᠦᠷᠭᠡ ᠶᠢ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠬᠥᠮᠦᠵᠢᠯ ᠢ ᠰᠠᠶᠢᠲᠤᠷ ᠠᠳᠬᠤᠵᠤ᠂ ᠴᠡᠷᠢᠭ ᠤᠨ ᠶᠠᠪᠤᠳᠠᠯ ᠤᠨ ᠪᠣᠯᠪᠠᠰᠤᠷᠠᠯ ᠢ ᠥᠷᠨᠢᠭᠦᠯᠵᠦ᠂ ᠳᠠᠶᠢᠨ ᠤ ᠪᠡᠯᠡᠳᠬᠡᠯ ᠤᠨ ᠰᠣᠷᠢᠯᠲᠠ ᠶᠢ ᠵᠣᠬᠢᠶᠠᠨ ᠪᠠᠶᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ︔ ᠰᠢᠯᠢᠳᠡᠭ ᠰᠤᠷᠲᠠᠯ ᠢ ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠠᠵᠢᠯ ᠢ ᠠᠳᠬᠤᠬᠤ ᠶᠢ ᠠᠵᠤ ᠠᠬᠤᠶᠢᠯᠠᠯ ᠤᠨ ᠠᠵᠤ ᠠᠬᠤᠢ ᠨᠡᠶᠢᠭᠡᠮ ᠤᠨ ᠦᠷ᠎ᠡ ᠠᠰᠢᠭ ᠢ ᠳᠡᠭᠡᠭᠰᠢᠯᠡᠭᠦᠯᠬᠦ ᠲᠠᠢ ᠤᠶᠠᠯᠳᠤᠭᠤᠯᠵᠤ᠂ ᠲᠠᠶᠢᠨ ᠳᠤ ᠪᠡᠯᠡᠳᠬᠡᠬᠦ ᠦᠢᠯᠡᠴᠢᠯᠡᠭᠡᠨ ᠤ ᠪᠠᠲᠤᠯᠠᠭ᠎ᠠ ᠶᠢ ᠠᠳᠬᠤᠬᠤ ᠶᠢ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠲᠠᠢ ᠤᠶᠠᠯᠳᠤᠭᠤᠯᠵᠤ᠂ ᠢᠯᠠᠭᠤᠭᠰᠠᠨ ᠲᠠᠶᠢᠨ ᠬᠢᠵᠦ ᠳᠡᠶᠢᠯᠬᠦ ᠲᠠᠶᠢᠴᠢᠨ ᠬᠦᠴᠦᠨ ᠢ ᠳᠠᠪᠲᠠᠨ ᠪᠣᠯᠪᠠᠰᠤᠷᠠᠭᠤᠯᠵᠤ᠂ ᠡᠷᠦᠭᠡ ᠶᠢᠨ ᠴᠡᠷᠢᠭ ᠤᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠬᠥᠭᠵᠢᠯᠲᠡ ᠶᠢᠨ ᠬᠠᠮᠲᠤ ᠶᠢᠨ ᠲᠠᠪᠰᠢᠯᠳᠠ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃       ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠶᠣᠰᠣᠯᠠᠯ ᠢ ᠡᠷᠭᠢᠯᠡᠪᠡ᠃
     ᠫᠠᠶᠢᠰᠠ ᠰᠡᠬᠦᠬᠦ ᠶᠣᠰᠣᠯᠠᠯ ᠤᠨ ᠳᠠᠷᠠᠭ᠎ᠠ᠂ ᠴᠡᠷᠢᠭ ᠠᠩᠭᠢ ᠪᠠ ᠣᠷᠣᠨ ᠨᠤᠲᠤᠭ ᠤᠨ ᠤᠳᠤᠷᠢᠳᠤᠯᠭ᠎ᠠ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠵᠦ ᠠᠵᠤ ᠠᠬᠤᠶᠢᠯᠠᠯ ᠤᠨ ᠵᠡᠪᠰᠡᠭᠲᠦ ᠬᠦᠴᠦᠨ ᠤ ᠬᠡᠯᠲᠡᠰ ᠤᠨ ᠡᠳᠦᠷ ᠲᠤᠲᠤᠮ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠲᠠᠷᠠᠭᠠᠴᠢ ᠶᠢᠨ ᠠᠯᠬᠤᠮ ᠤᠨ ᠠᠵᠤ ᠠᠬᠤᠶᠢᠯᠠᠯ ᠤᠨ ᠵᠡᠪᠰᠡᠭᠲᠦ ᠬᠦᠴᠦᠨ ᠤ ᠬᠡᠯᠲᠡᠰ ᠢ ᠵᠢᠷᠤᠮᠵᠢᠭᠤᠯᠬᠤ ᠪᠠᠶᠢᠭᠤᠯᠤᠯᠲᠠ᠂ ᠠᠯᠪᠠᠨ ᠬᠡᠷ ᠤᠨ ᠪᠠᠶᠢᠷᠢᠯᠠᠭᠤᠯᠤᠯᠲᠠ ᠪᠠ ᠦᠢᠯᠡᠳᠦᠯ ᠢ ᠪᠠᠳᠠᠷᠠᠭᠤᠯᠬᠤ ᠲᠠᠯ᠎ᠠ ᠪᠠᠷ ᠴᠢᠷᠮᠠᠶᠢᠬᠤ ᠴᠢᠭᠯᠡᠯ ᠢ ᠲᠣᠳᠣᠷᠬᠠᠶ ᠵᠢᠭᠠᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号