ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ ᠪᠥᠳᠤᠭᠡᠨ ᠪᠠᠶᠢᠭᠤᠯᠬᠤ ᠲᠦᠷᠢᠮ ᠤᠨ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/5/26
     ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 6 ᠳ᠋ᠤᠭᠠᠷ ᠲᠤᠭᠠᠲᠤᠡᠯ᠎ᠡ ᠬᠤᠰᠢᠭᠤ᠂ ᠰᠢᠶᠠᠨ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠤᠨ ᠲᠤᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ︽ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ ᠪᠥᠳᠤᠭᠡᠨ ᠪᠠᠶᠢᠭᠤᠯᠬᠤ ᠲᠦᠷᠢᠮ ᠤᠨ ᠬᠡᠷᠡᠭᠵᠢᠭᠦᠯᠬᠦ ᠠᠷᠭ᠎ᠠ︾ ᠶᠢ ᠡᠲᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                          ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                   2023 ᠣᠨ ᠤ 2 ᠳ᠋ᠤᠭᠠᠷ ᠰᠠᠷ᠎ᠠ ᠶᠢᠨ 10 ᠤ ᠡᠳᠦᠷ         ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ         ᠲᠥᠯᠥᠪᠵᠢᠭᠦᠯᠦᠨ ᠪᠥᠳᠤᠭᠡᠨ ᠪᠠᠶᠢᠭᠤᠯᠬᠤ ᠲᠦᠷᠢᠮ ᠤᠨ ᠬᠡᠷᠡᠭᠵᠢᠭᠦᠯᠬᠦ ᠠᠷᠭ᠎ᠠ      ᠨᠢᠭᠡᠳᠦᠭᠡᠷ ᠵᠦᠢᠯ ︽ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠢ ᠲᠥᠯᠥᠪᠵᠢᠭᠦᠯᠦᠨ ᠪᠠᠶᠢᠭᠤᠯᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠲᠤᠭᠤᠰᠢᠯᠠᠭᠤᠯᠤᠨ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ  ᠪᠦᠷᠢᠨᠰᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢ ᠬᠤᠲᠠ ᠶᠢᠨ ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠤ ᠪᠠᠶᠢᠳᠠᠯ ᠳᠤ ᠨᠡᠶᠢᠴᠡᠭᠦᠯᠦᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢ ᠬᠤᠳᠠ ᠶᠢᠨ ᠬᠥᠭᠵᠢᠯᠲᠡ ᠪᠠ ᠬᠥᠮᠦᠨ ᠠᠮᠠ ᠶᠢᠨ ᠥᠰᠥᠯᠲᠡ ᠲᠠᠢ ᠬᠠᠷᠢᠯᠴᠠᠨ ᠵᠣᠬᠢᠴᠠᠭᠤᠯᠵᠤ᠂ ᠨᠢᠭᠡᠳᠦᠯᠲᠡᠶ ᠲᠥᠯᠥᠪᠵᠢᠭᠦᠯᠬᠦ᠂ ᠵᠦᠶ ᠵᠣᠬᠢᠰᠲᠠᠶ ᠪᠠᠶᠢᠷᠢᠯᠠᠭᠤᠯᠬᠤ᠂ ᠤᠷᠢᠳᠠᠪᠠᠷ ᠲᠣᠬᠢᠷᠠᠭᠤᠯᠬᠤ᠂ ᠲᠥᠬᠦᠮ ᠠᠮᠤᠷ ᠲᠦᠪᠰᠢᠨ ᠪᠠᠶᠢᠯᠭᠠᠬᠤ ᠶᠢ ᠪᠠᠷᠢᠮᠲᠠᠯᠠᠵᠤ᠂ ︽ᠬᠤᠲᠠ ᠶᠢᠨ ᠣᠷᠣᠨ ᠰᠠᠭᠤᠴᠠ ᠶᠢᠨ ᠲᠣᠭᠤᠷᠢᠭ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵GB 50180 — 2018︶ ᠪᠠ ︽ᠳᠦᠷᠢᠮ︾ ᠤᠨ ᠲᠣᠭᠲᠠᠭᠠᠯ ᠶᠣᠰᠤᠭᠠᠷ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠢᠵᠢ ᠪᠦᠷᠢᠳᠦᠭᠦᠯᠦᠨ ᠪᠠᠶᠢᠭᠤᠯᠵᠤ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠶᠢ ᠦᠨᠡᠨᠬᠦ ᠪᠠᠲᠤᠯᠠᠨ᠎ᠠ᠃      ᠭᠤᠷᠪᠠᠳᠤᠭᠠᠷ ᠵᠦᠢᠯ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠰᠤᠷᠭᠠᠨ ᠬᠥᠮᠦᠵᠢᠯ ᠤᠨ ᠦᠢᠯᠡᠰ ᠤᠨ ᠬᠦᠭᠵᠢᠯᠲᠡ ᠪᠠ ᠣᠷᠣᠨ ᠪᠦᠰᠡ ᠶᠢᠨ ᠳᠣᠲᠣᠷᠠᠬᠢ ᠳᠤᠮᠳᠠ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠨᠠᠷᠢᠨ ᠲᠥᠯᠥᠪᠵᠢᠭᠦᠯᠭᠡ ᠳᠤ ᠤᠷᠤᠭᠤᠯᠬᠤ ᠬᠡᠷᠡᠭᠲᠡᠢ ︵ᠳᠣᠷᠣᠭᠰᠢ ︽ᠨᠠᠷᠢᠨ ᠲᠥᠯᠥᠪᠵᠢᠭᠦᠯᠭᠡ︾ ᠭᠡᠵᠦ ᠲᠣᠪᠴᠢᠯᠠᠨ᠎ᠠ︶᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠱᠠᠳᠤ ᠬᠤᠪᠢᠶᠠᠨ ᠬᠠᠮᠢᠶᠠᠷᠴᠤ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠤᠰᠤᠭᠠᠷ ᠬᠤᠳᠠ ᠪᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠤᠰ ᠲᠤᠰ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠳᠥᠷᠪᠡᠳᠦᠭᠡᠷ ᠵᠦᠢᠯ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ︽ᠤᠷᠢᠳ ᠢᠶᠠᠷ ᠲᠥᠯᠥᠪᠵᠢᠭᠦᠯᠵᠦ᠂ ᠳᠠᠷᠠᠭ᠎ᠠ ᠨᠢ ᠨᠡᠭᠡᠭᠡᠨ ᠠᠰᠢᠭᠯᠠᠬᠤ︾ ᠵᠠᠷᠴᠢᠮ ᠤᠨ ᠶᠣᠰᠣᠭᠠᠷ᠂ ︽ᠨᠠᠷᠢᠨ ᠲᠥᠯᠥᠪᠵᠢᠭᠦᠯᠭᠡ︾ ᠪᠣᠯᠤᠨ ᠭᠠᠵᠠᠷ ᠰᠢᠷᠣᠶ ᠶᠢᠨ ᠨᠥᠭᠡᠴᠡᠯᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ ᠳᠤᠮᠳᠠᠳᠤ ᠪᠠᠭ᠎ᠠ ᠰᠤᠷᠭᠠᠭᠤᠯᠢ ᠬᠡᠥᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳᠴᠢᠯᠠᠨ ᠦᠯᠡᠳᠡᠭᠡᠵᠦ᠂ ᠵᠠᠷᠴᠢᠮ ᠳᠡᠭᠡᠷ᠎ᠡ ᠪᠠᠨ ᠳᠣᠭᠢᠷᠠᠭᠤᠯᠬᠤ ᠪᠠ ᠬᠤᠪᠢᠷᠠᠭᠤᠯᠵᠤ ᠪᠣᠯᠬᠤ ᠥᠬᠡᠶ︔ ᠦᠨᠡᠬᠡᠷ ᠲᠣᠬᠢᠷᠠᠭᠤᠯᠤᠨ ᠬᠤᠪᠢᠷᠠᠭᠤᠯᠬᠤ ᠴᠢᠬᠤᠯᠠᠲᠠᠶ ᠪᠠᠶᠢᠪᠠᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠪᠠᠶᠢᠭᠠᠯᠢ ᠶᠢᠨ ᠡᠬᠢ ᠪᠠᠶᠠᠯᠢᠭ ᠢ ᠭᠤᠣᠯᠯᠠᠨ ᠬᠠᠮᠢᠶᠠᠷᠴᠣ ᠪᠠᠶᠢᠭ᠎ᠠ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠬᠤᠲᠠ ᠶᠢᠨ ᠰᠤᠷᠭᠠᠨ ᠬᠥᠮᠦᠵᠢᠯ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠠᠤᠯᠢ ᠳᠤ ᠲᠣᠭᠲᠠᠭᠠᠭᠰᠠᠨ ᠶᠠᠪᠤᠴᠠ ᠪᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃      ᠤᠷᠢᠳᠴᠢᠯᠠᠨ ᠦᠯᠡᠳᠡᠭᠡᠬᠦ ᠪᠠᠷ ᠲᠥᠯᠥᠪᠵᠢᠭᠦᠯᠦᠭᠰᠡᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠦᠴᠢᠷ ᠠᠴᠠ ᠬᠡᠷᠡᠭᠯᠡᠬᠦ ᠣᠷᠣᠨ ᠪᠠᠶᠢᠷᠢ ᠪᠠ ᠳᠥᠷᠪᠡᠨ ᠵᠠᠬ᠎ᠠ ᠶᠢᠨ ᠵᠠᠭᠠᠭ ᠢ ᠲᠤᠭᠲᠠᠭᠠᠵᠤ᠂ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠭᠠᠵᠠᠷ ᠰᠢᠷᠣᠶ ᠶᠢᠨ ᠨᠥᠭᠡᠴᠡᠯᠡᠯ ᠤᠨ ᠣᠨ ᠪᠠ ᠤᠷᠲᠤᠪᠲᠤᠷ ᠪᠣᠶᠤ ᠣᠷᠳᠣ ᠬᠤᠭᠤᠴᠠᠭᠠᠨ ᠤ ᠲᠥᠯᠥᠪᠯᠡᠭᠡ ᠳᠤ ᠣᠷᠣᠭᠤᠯᠤᠨ ᠬᠠᠮᠢᠶᠠᠷᠬᠤ ᠶᠢᠨ ᠬᠠᠮᠲᠤ ᠣᠨ ᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠦᠨᠳᠦᠰᠦᠯᠡᠨ ᠠᠯᠪᠠᠨ ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠪᠢᠶᠠᠨ᠎ᠠ᠃      ᠲᠠᠪᠤᠳᠤᠭᠠᠷ ᠵᠦᠢᠯ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠣᠷᠣᠨ ᠰᠠᠭᠤᠴᠠ ᠶᠢᠨ ᠬᠤᠷᠢᠶᠠᠯᠠᠯ ᠤᠨ ᠪᠦᠲᠦᠭᠡᠨ ᠪᠠᠶᠢᠭᠤᠯᠤᠯᠲᠠ ᠶᠢᠨ ᠲᠦᠷᠥᠯ ᠵᠦᠢᠯ ᠢ ᠲᠦᠯᠦᠪᠵᠢᠭᠦᠯᠦᠨ ᠵᠥᠪᠰᠢᠶᠡᠷᠡᠬᠦ  ᠳᠤ᠂ ︽ᠨᠠᠷᠢᠨ ᠲᠥᠯᠥᠪᠵᠢᠭᠦᠯᠭᠡ︾ ᠶᠣᠰᠣᠭᠠᠷ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠬᠡᠷᠡᠭᠯᠡᠬᠦ ᠭᠠᠵᠠᠷ ᠢ ᠵᠡᠷᠭᠡ ᠳᠤᠨᠢ ᠢᠵᠢ ᠪᠥᠷᠢᠳᠦᠭᠦᠯᠦᠨ ᠲᠥᠯᠥᠪᠵᠢᠭᠦᠯᠵᠦ᠂ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠰᠤᠳᠤᠯᠤᠨ ᠲᠣᠭᠲᠠᠭᠠᠵᠤ᠂ ᠰᠢᠨ᠎ᠡ ᠪᠠᠷ ᠨᠡᠮᠡᠭᠳᠡᠭᠰᠡᠨ ᠣᠷᠣᠨ ᠰᠠᠭᠤᠴᠠ ᠶᠢᠨ ᠬᠤᠷᠢᠶᠠᠯᠠᠯ ᠤᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠤᠳ ᠶᠢᠨ ᠬᠡᠷ ᠣᠶᠢᠷᠠᠯᠴᠠᠭ᠎ᠠ ᠰᠤᠷᠭᠠᠭᠤᠯᠢ ︵ᠴᠡᠴᠡᠷᠯᠢᠭ︶ ᠳᠤ ᠣᠷᠣᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ᠬᠠᠭᠤᠴᠢᠨ ᠬᠤᠷᠢᠶᠠᠯᠠᠯ ᠢ ᠨᠤᠷᠠᠭᠠᠨ ᠨᠡᠭᠦᠯᠭᠡᠵᠦ ᠥᠭᠡᠷᠡᠴᠢᠯᠡᠭᠰᠡᠨ᠂ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠤᠯᠠᠯᠠᠨ ᠪᠤᠴᠠᠭᠠᠭᠰᠠᠨ ᠬᠡᠷᠡᠭᠯᠡᠬᠦ ᠭᠠᠵᠠᠷ ᠲᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠬᠡᠷᠡᠭᠯᠡᠬᠦ ᠭᠠᠵᠠᠷ ᠢ ᠤᠷᠢᠳᠴᠢᠯᠠᠨ ᠦᠯᠡᠳᠡᠭᠡᠬᠦ ᠶᠢ ᠨᠢᠭᠡᠲᠦᠯᠲᠡᠢ ᠲᠦᠯᠦᠪᠵᠢᠭᠦᠯᠦᠨ ᠪᠣᠳᠣᠯᠬᠢᠯᠠᠬᠤ ᠬᠡᠷᠡᠭᠲᠡᠢ᠃ ᠨᠢᠭᠡᠨᠲᠡ ᠪᠠᠶᠢᠭᠤᠯᠤᠭᠰᠠᠨ ᠣᠷᠣᠨ ᠰᠠᠭᠤᠴᠠ ᠶᠢᠨ ᠬᠤᠷᠢᠶᠠᠯᠠᠯ ᠳᠤ᠂ ᠬᠠᠷᠢᠶᠠᠲᠤ ᠣᠷᠣᠨ ᠤ ᠠᠷᠠᠳ ᠤᠨ ᠵᠠᠰᠠᠭ ᠤᠨ ᠣᠷᠳᠣᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠢ ᠨᠢᠭᠡᠳᠦᠯᠲᠡᠶ ᠲᠥᠯᠥᠪᠯᠡᠨ ᠳᠣᠭᠢᠷᠠᠭᠤᠯᠤᠨ ᠪᠠᠶᠢᠭᠤᠯᠵᠤ᠂ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠤᠨ ᠬᠡᠷ ᠣᠶᠢᠷᠠᠯᠴᠠᠭ᠎ᠠ ᠰᠤᠷᠭᠠᠭᠤᠯᠢ ︵ᠴᠡᠴᠡᠷᠯᠢᠭ︶ ᠳᠤ ᠣᠷᠣᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ᠵᠢᠷᠭᠤᠳᠤᠭᠠᠷ ᠵᠦᠢᠯ ᠬᠡᠰᠡᠭ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠷᠥᠯ ᠵᠦᠢᠯ ᠪᠠ ᠣᠨ ᠤ ᠨᠥᠭᠡᠴᠡᠯᠡᠬᠦ ᠲᠥᠯᠥᠪᠯᠡᠭᠡ ᠶᠢᠨ ᠬᠡᠷᠡᠭᠵᠢᠭᠦᠯᠦᠯᠲᠡ ᠳᠤ ᠣᠷᠣᠭᠤᠯᠤᠭᠰᠠᠨ ᠭᠠᠵᠠᠷ ᠰᠢᠷᠣᠶ ᠬᠤᠳᠠᠯᠳᠤᠨ ᠠᠪᠴᠤ ᠬᠠᠳᠠᠭᠠᠯᠠᠬᠤ ᠲᠦᠷᠥᠯ ᠵᠦᠢᠯ ᠳᠤ ᠬᠤᠳᠠ ᠶᠢᠨ ᠲᠥᠯᠥᠪᠵᠢᠭᠦᠯᠭᠡ ᠶᠢᠨ ᠶᠣᠰᠣᠭᠠᠷ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠡᠷᠡᠭᠯᠡᠬᠦ ᠭᠠᠵᠠᠷ ᠢ ᠤᠷᠢᠳᠠᠪᠠᠷ ᠲᠠᠲᠠᠪᠤᠷᠢᠯᠠᠬᠤ᠂ ᠰᠢᠯᠵᠢᠭᠦᠯᠦᠨ ᠬᠡᠷᠡᠭᠯᠡᠬᠦ ᠪᠠ ᠨᠢᠭᠡᠳᠦᠭᠡᠷ ᠳᠡᠰ ᠤᠨ ᠨᠡᠭᠡᠭᠡᠨ ᠠᠰᠢᠭᠯᠠᠯᠲᠠ ᠬᠢᠬᠦ ᠶᠢ ᠤᠷᠢᠳᠴᠢᠯᠠᠨ ᠬᠡᠷᠡᠭᠵᠢᠭᠦᠯᠵᠦ᠂ ᠲᠦᠷᠦᠯ ᠵᠦᠢᠯ  ᠳᠤ ᠬᠡᠷᠡᠭᠯᠡᠬᠦ ᠭᠠᠵᠠᠷ ᠢ ᠴᠠᠭ ᠲᠤᠬᠠᠶ ᠳᠤᠨᠢ ᠬᠠᠩᠭᠠᠬᠤ ᠳᠤ ᠨᠥᠬᠦᠴᠡᠯ ᠪᠦᠷᠢᠯᠳᠦᠭᠦᠯᠦᠨ ᠥᠭᠴᠦ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠲᠤ ᠬᠡᠷᠡᠭᠯᠡᠬᠦ ᠭᠠᠵᠠᠷ ᠢ ᠡᠮᠬᠢᠯᠡᠬᠦ ᠥᠬᠡᠶ᠂ ᠨᠡᠭᠡᠭᠡᠨ ᠠᠰᠢᠭᠯᠠᠬᠤ ᠳᠤ ᠬᠡᠷᠡᠭᠯᠡᠬᠦ ᠭᠠᠵᠠᠷ ᠢ ᠬᠠᠩᠭᠠᠬᠤ ᠥᠬᠡᠶ ᠪᠠᠶᠢᠵᠤ᠂ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠲᠥᠯᠥᠪᠵᠢᠭᠦᠯᠦᠨ ᠪᠥᠲᠥᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠢ ᠠᠩᠬᠠᠨ ᠤ ᠬᠤᠭᠤᠴᠠᠭᠠᠨ ᠤ ᠣᠷᠣᠨ ᠰᠠᠭᠤᠴᠠ ᠳᠤ ᠬᠡᠷᠡᠭᠯᠡᠬᠦ ᠭᠠᠵᠠᠷ ᠲᠠᠢ ᠵᠡᠷᠭᠡ ᠳᠤᠨᠢ ᠭᠠᠵᠠᠷ ᠬᠠᠩᠭᠠᠵᠤ᠂ ᠵᠡᠷᠭᠡ ᠳᠤᠨᠢ ᠪᠥᠲᠥᠭᠡᠨ ᠪᠠᠶᠢᠭᠤᠯᠬᠤ ᠨᠥᠬᠦᠴᠡᠯ ᠳᠤ ᠬᠦᠷᠦᠭᠦᠯᠦᠨ᠎ᠡ᠃      ᠳᠣᠯᠣᠳᠤᠭᠠᠷ ᠵᠦᠢᠯ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠱᠠᠲᠤᠨ ᠳᠤ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠰᠠᠨᠠᠯ ᠵᠥᠪᠯᠡᠯᠭᠡ ᠶᠢ ᠭᠦᠢᠴᠡᠳ ᠬᠤᠷᠢᠶᠠᠬᠤ ᠬᠡᠷᠡᠭᠲᠡᠶ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠪᠣᠶᠣ ᠣᠷᠣᠨ ᠰᠠᠭᠤᠴᠠ ᠨᠡᠭᠡᠭᠡᠨ ᠬᠦᠭᠵᠢᠭᠦᠯᠬᠦ ︵ᠬᠤᠳᠠᠯᠳᠤᠭᠠᠨ ᠤ ᠣᠷᠣᠨ ᠰᠠᠭᠤᠴᠠ ᠪᠠᠭᠲᠠᠨ᠎ᠠ︶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ  ᠲᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠬᠡᠪᠴᠢᠶ᠎ᠡ᠂ ᠲᠦᠯᠦᠪᠵᠢᠭᠦᠯᠭᠡ ᠶᠢᠨ ᠮᠡᠷᠭᠡᠵᠢᠯ ᠤᠨ ᠭᠦᠢᠴᠡᠳᠬᠡᠬᠦ ᠲᠤᠭ᠎ᠠ ᠵᠡᠷᠭᠡ ᠶᠢ ᠲᠣᠳᠣᠷᠬᠠᠢ ᠬᠤᠪᠢᠶᠠᠷᠢᠯᠠᠨ᠎ᠠ᠃ ᠬᠤᠲᠠ ᠶᠢᠨ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠪᠠᠶᠢᠭᠤᠯᠤᠮᠵᠢ ᠨᠢ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠬᠡᠷᠡᠭᠯᠡᠬᠦ ᠭᠠᠵᠠᠷ ᠤᠨ ᠭᠠᠵᠠᠷ ᠰᠣᠩᠭᠤᠬᠤ ᠰᠠᠨᠠᠯ ᠤᠨ ᠪᠢᠴᠢᠭ ᠪᠤᠶᠤ ᠨᠡᠭᠡᠭᠡᠨ ᠠᠰᠢᠭᠯᠠᠬᠤ ᠲᠦᠷᠥᠯ ᠵᠦᠢᠯ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠨᠥᠬᠦᠴᠡᠯ ᠢ ᠦᠨᠳᠦᠰᠦᠯᠡᠨ᠂ ᠨᠥᠭᠡᠴᠡᠯᠡᠬᠦ ᠭᠠᠵᠠᠷ ᠰᠢᠷᠣᠶ ᠶᠢ ᠬᠤᠪᠢᠶᠠᠷᠢᠯᠠᠨ ᠥᠭᠴᠦ ᠬᠠᠩᠭᠠᠬᠤ ᠶᠢ ᠭᠦᠢᠴᠡᠳᠬᠡᠬᠦ ᠪᠤᠶᠤ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠬᠤᠳᠠᠯᠳᠤᠨ ᠠᠪᠴᠤ ᠦᠨ᠎ᠡ ᠬᠠᠶᠠᠨ ᠥᠭᠴᠦ ᠦᠨ᠎ᠡ ᠬᠠᠶᠠᠨ ᠬᠤᠳᠠᠯᠳᠤᠬᠤ ᠶᠢ ᠵᠣᠬᠢᠶᠠᠨ ᠪᠠᠶᠢᠭᠤᠯᠤᠨ᠎ᠠ᠃      ᠨᠠᠢᠮᠠᠳᠤᠭᠠᠷ ᠵᠦᠢᠯ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠯᠬᠤ ᠵᠠᠷᠤᠳᠠᠯ ᠪᠠ ᠡᠮᠦᠨᠡᠬᠢ ᠬᠤᠭᠤᠴᠠᠭᠠᠨ ᠤ ᠨᠡᠭᠡᠭᠡᠨ ᠠᠰᠢᠭᠯᠠᠯᠲᠠ ᠶᠢᠨ ᠵᠠᠷᠤᠳᠠᠯ ᠢ ᠲᠦᠯᠦᠪᠵᠢᠭᠦᠯᠬᠦ ᠳᠤ᠂ ᠭᠠᠵᠠᠷ ᠰᠢᠷᠣᠶ ᠶᠢᠨ ᠨᠥᠭᠡᠴᠡᠯᠡᠯ ᠤᠨ ᠲᠥᠷᠥᠯ ᠵᠦᠢᠯ ᠪᠤᠶᠤ ᠨᠥᠭᠡᠴᠡᠯᠡᠯ ᠤᠨ ᠣᠷᠣᠨ ᠪᠦᠰᠡ ᠶᠢᠨ ᠰᠢᠯᠵᠢᠭᠦᠯᠦᠨ ᠬᠤᠳᠠᠯᠳᠤᠵᠤ ᠪᠣᠯᠬᠤ ᠭᠠᠵᠠᠷ ᠰᠢᠷᠣᠶ ᠶᠢᠨ ᠥᠪᠡᠷ ᠤᠨ ᠥᠷᠲᠡᠭ ᠲᠤ ᠪᠣᠳᠣᠨ ᠣᠷᠣᠭᠤᠯᠵᠤ᠂ ᠬᠠᠷᠢᠶᠠᠲᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠪᠢᠶᠠᠷᠢᠯᠠᠨ ᠥᠭᠴᠦ ᠬᠠᠩᠭᠠᠭᠰᠠᠨ ᠤ ᠲᠠᠷᠠᠭ᠎ᠠ ᠵᠣᠬᠢᠶᠠᠨ ᠪᠠᠶᠢᠭᠤᠯᠵᠤ ᠪᠦᠳᠦᠭᠡᠨ ᠪᠠᠶᠢᠭᠤᠯᠬᠤ ᠶᠢ ᠬᠠᠷᠢᠭᠤᠴᠠᠨ᠎ᠠ᠃      ᠰᠢᠯᠵᠢᠭᠦᠯᠦᠨ ᠬᠤᠳᠠᠯᠳᠤᠬᠤ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠲᠠᠯᠠᠪᠠᠶ ᠨᠢ ᠨᠡᠯᠢᠶᠡᠳ ᠪᠠᠭ᠎ᠠ᠂ ᠬᠠᠭᠤᠴᠢᠨ ᠬᠤᠷᠢᠶᠠᠯᠠᠯ ᠢ ᠨᠤᠷᠠᠭᠠᠨ ᠨᠡᠭᠦᠯᠭᠡᠵᠦ ᠥᠭᠡᠷᠡᠴᠢᠯᠡᠬᠦ ᠪᠤᠶᠤ ᠪᠤᠰᠤᠳ ᠵᠦᠢᠯ ᠳᠤ ᠬᠡᠷᠡᠭᠯᠡᠬᠦ ᠭᠠᠵᠠᠷ ᠨᠡᠭᠡᠭᠡᠨ ᠬᠥᠭᠵᠢᠭᠦᠯᠬᠦ ᠲᠥᠷᠥᠯ ᠵᠦᠢᠯ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠳᠣᠭᠢᠷᠠᠭᠤᠯᠤᠨ ᠪᠠᠶᠢᠭᠤᠯᠬᠤ ᠭᠠᠵᠠᠷ ᠪᠠᠶᠢᠬᠤ ᠥᠬᠡᠶ ᠪᠣᠯ ︽ᠲᠦᠷᠢᠮ︾ ᠳᠤ ᠲᠣᠭᠲᠠᠭᠠᠭᠰᠠᠨ ᠶᠣᠰᠣᠭᠠᠷ ᠰᠣᠷᠣᠭᠴᠢ ᠶᠢᠨ ᠳᠤᠮᠳᠠᠴᠢ ᠬᠡᠷᠡᠭᠯᠡᠬᠦ ᠭᠠᠵᠠᠷ ᠤᠨ ᠪᠠᠷᠢᠮᠵᠢᠶ᠎ᠠ ᠶᠢ ᠡᠷᠬᠢᠨ ᠲᠣᠭᠤᠷᠢᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠥᠷᠭᠡᠳᠬᠡᠨ ᠪᠠᠶᠢᠭᠤᠯᠬᠤ ᠳᠤ ᠬᠤᠪᠢᠶᠠᠷᠢᠯᠠᠨ ᠬᠡᠷᠡᠭᠯᠡᠨ᠎ᠡ᠃      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠬᠤ ᠲᠦᠷᠥᠯ ᠵᠦᠢᠯ ᠤᠨ ᠪᠡᠯᠡ ᠮᠥᠩᠭᠦ ᠶᠢ ᠬᠤᠳᠠ ᠶᠢᠨ ᠡᠳ᠋ ᠤᠨ ᠵᠠᠰᠠᠭ ᠠᠴᠠ ᠬᠤᠷᠢᠶᠠᠭᠰᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠢᠵᠢ ᠪᠦᠷᠢᠳᠦᠭᠦᠯᠬᠦ ᠵᠠᠷᠤᠳᠠᠯ ᠠᠴᠠ ᠰᠠᠯᠭᠠᠨ ᠥᠭᠴᠦ᠂ ᠬᠦᠷᠦᠯᠴᠡᠬᠦ ᠥᠬᠡᠶ ᠬᠡᠰᠡᠭ ᠢ ᠬᠠᠷᠢᠶᠠᠲᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠵᠠᠰᠠᠭ ᠤᠨ ᠣᠷᠳᠣᠨ ᠤ ᠠᠰᠢᠭ ᠬᠤᠪᠢᠳᠠᠭᠰᠠᠨ ᠠᠴᠠ ᠰᠢᠢᠳᠪᠦᠷᠢᠯᠡᠬᠦ ᠪᠤᠶᠤ ᠥᠪᠡᠷ ᠢᠶᠠᠨ ᠴᠤᠭᠯᠠᠭᠤᠯᠤᠨ᠎ᠠ᠃      ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠣᠷᠣᠯᠠᠨ ᠪᠠᠶᠢᠭᠤᠯᠬᠤ ᠪᠤᠶᠤ ᠲᠤᠰᠠᠯᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠨᠡᠭᠡᠭᠡᠨ ᠬᠥᠭᠵᠢᠭᠦᠯᠬᠦ ᠣᠷᠣᠨ ᠰᠠᠭᠤᠴᠠ ᠶᠢᠨ ᠬᠤᠷᠢᠶᠠᠯᠠᠯ ᠯᠤᠭ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠢᠵᠢ ᠪᠦᠷᠢᠳᠦᠭᠦᠯᠦᠨ ᠪᠠᠶᠢᠭᠤᠯᠬᠤ ᠶᠢ ᠵᠣᠷᠢᠭᠵᠢᠭᠤᠯᠤᠨ᠎ᠠ  ᠃      ᠶᠢᠰᠦᠳᠦᠭᠡᠷ ᠵᠦᠢᠯ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠥᠯᠥᠪᠵᠢᠭᠦᠯᠭᠡ ᠶᠢᠨ ᠨᠥᠬᠦᠴᠡᠯ ᠪᠠ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠣᠰᠣᠭᠠᠷ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠠᠯᠪᠠᠨ ᠵᠠᠷ ᠵᠡᠷᠭᠡ ᠪᠢᠴᠢᠭ ᠮᠠᠲ᠋ᠧᠷᠢᠶᠠᠯ  ᠤᠨ ᠱᠠᠭᠠᠷᠳᠠᠯᠭ᠎ᠠ ᠶᠣᠰᠤᠭᠠᠷ᠂ ︽ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ︾ ᠳᠤᠮᠳᠠᠬᠢ ᠭᠠᠵᠠᠷ ᠰᠢᠷᠣᠶ ᠶᠢ ᠥᠷᠢᠰᠥᠯᠳᠦᠨ ᠣᠯᠤᠭᠰᠠᠨ ᠬᠥᠮᠦᠨ ᠪᠤᠶᠤ ᠨᠢᠭᠡᠴᠡ ︵ᠠᠵᠤ ᠠᠬᠤᠶᠢᠯᠠᠯ︶ ᠲᠠᠢ ᠢᠵᠢ ᠪᠥᠷᠢᠳᠦᠭᠦᠯᠦᠨ ᠪᠠᠶᠢᠭᠤᠯᠬᠤ ᠬᠡᠤᠬᠡᠳ ᠤᠨ ᠴᠡᠴᠡᠷᠯᠢᠭ ᠤᠨ ᠥᠮᠴᠢᠯᠡᠯ ᠤᠨ ᠡᠷᠬᠡ ᠶᠢ ᠰᠢᠯᠵᠢᠭᠦᠯᠦᠨ ᠲᠣᠰᠢᠶᠠᠬᠤ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠪᠣᠯᠵᠣᠨ ᠲᠣᠭᠲᠠᠵᠤ᠂ ᠣᠷᠣᠨ ᠰᠠᠭᠤᠴᠠ ᠶᠢᠨ ᠬᠤᠷᠢᠶᠠᠯᠠᠯ ᠯᠤᠭ᠎ᠠ ᠵᠡᠷᠭᠡᠪᠡᠷ ᠲᠦᠯᠦᠪᠵᠢᠭᠦᠯᠵᠦ᠂ ᠵᠡᠷᠭᠡᠪᠡᠷ ᠵᠢᠷᠤᠵᠤ ᠲᠦᠯᠦᠪᠯᠡᠨ᠂ ᠵᠡᠷᠭᠡᠪᠡᠷ ᠪᠦᠲᠦᠭᠡᠨ ᠪᠠᠶᠢᠭᠤᠯᠵᠤ᠂ ᠵᠡᠷᠭᠡᠪᠡᠷ ᠰᠢᠯᠭᠠᠨ ᠬᠤᠷᠢᠶᠠᠵᠤ᠂ ᠵᠡᠷᠭᠡᠪᠡᠷ ᠰᠢᠯᠵᠢᠭᠦᠯᠦᠨ ᠲᠤᠰᠢᠶᠠᠬᠤ ᠶᠢ ᠪᠠᠲᠤᠯᠠᠨ᠎ᠠ᠃      ᠣᠷᠣᠨ ᠰᠠᠭᠤᠴᠠ ᠶᠢᠨ ᠬᠤᠷᠢᠶᠠᠯᠠᠯ ᠤᠨ ᠢᠵᠢ ᠪᠥᠷᠢᠳᠦᠭᠰᠡᠨ ᠬᠡᠤᠬᠡᠳ ᠤᠨ ᠴᠡᠴᠡᠷᠯᠢᠭ ᠨᠢ ᠣᠯᠠᠨ ᠨᠡᠶᠢᠲᠡ ᠶᠢᠨ ᠰᠤᠷᠭᠠᠨ ᠬᠦᠮᠦᠵᠢᠯ ᠤᠨ ᠡᠬᠢ ᠪᠠᠶᠠᠯᠢᠭ ᠮᠦᠨ᠃ ᠨᠡᠭᠡᠭᠡᠨ ᠬᠦᠭᠵᠢᠭᠦᠯᠵᠦ ᠪᠦᠲᠦᠭᠡᠨ ᠪᠠᠶᠢᠭᠤᠯᠬᠤ  ᠨᠢᠭᠡᠴᠡ ᠪᠣᠯᠵᠤᠭ᠎ᠠ ᠶᠣᠰᠣᠭᠠᠷ ᠢᠵᠢ ᠪᠦᠷᠢᠳᠦᠭᠦᠯᠦᠨ ᠪᠠᠶᠢᠭᠤᠯᠬᠤ ᠬᠡᠦᠬᠡᠳ ᠤᠨ ᠴᠡᠴᠡᠷᠯᠢᠭ ᠵᠢᠴᠢ ᠬᠠᠮᠢᠶ᠎ᠠ ᠪᠦᠬᠦᠢ ᠭᠠᠷ ᠭᠦᠢᠴᠡᠳᠬᠡᠯ᠂ ᠪᠠᠷᠢᠯᠭ᠎ᠠ ᠳᠠᠭᠤᠰᠤᠭᠰᠠᠨ ᠵᠢᠷᠤᠭ ᠵᠡᠷᠭᠡ ᠪᠦᠬᠦ ᠳᠠᠩᠰᠠ ᠡᠪᠬᠡᠮᠡᠯ ᠤᠨ ᠮᠠᠲ᠋ᠧᠷᠢᠶᠠᠯ ᠢ  ᠬᠠᠷᠢᠶᠠᠲᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠦᠨ᠎ᠡ ᠲᠥᠯᠥᠪᠦᠷᠢ ᠦᠭᠡᠢ ᠪᠠᠷ ᠰᠢᠯᠵᠢᠭᠦᠯᠦᠨ ᠥᠭᠴᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠡᠷᠬᠢᠯᠡᠬᠦ ᠪᠣᠶᠣ ᠴᠢᠨᠠᠷ ᠰᠠᠶᠢᠲᠠᠶ ᠡᠬᠢ ᠪᠠᠶᠠᠯᠢᠭ ᠢ ᠣᠷᠣᠭᠤᠯᠵᠤ ᠨᠠᠶᠢᠳᠠᠯᠭ᠎ᠠ ᠪᠠᠷ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠡᠷᠭᠢᠯᠡᠬᠦ ᠳᠤ ᠬᠡᠷᠡᠭᠯᠡᠵᠦ᠂ ᠬᠤᠳᠠᠯᠳᠤᠵᠤ ᠪᠣᠯᠬᠤ ᠦᠭᠡᠶ᠂ ᠰᠢᠯᠵᠢᠭᠦᠯᠦᠨ ᠥᠭᠴᠦ ᠪᠣᠯᠬᠤ ᠦᠭᠡᠶ᠂ ᠲᠦᠷᠢᠶᠡᠰᠦᠯᠡᠭᠦᠯᠵᠦ ᠪᠣᠯᠬᠤ ᠦᠭᠡᠢ᠃      ᠠᠷᠪᠠᠳᠤᠭᠠᠷ ᠵᠦᠢᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠵᠦ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号