ᠬᠥᠬᠡᠬᠤᠲᠠ ᠵᠠᠰᠠᠭ ᠲᠠᠷᠬᠠᠭᠠᠭᠰᠠᠨ ﹇2023﹈ 10 ᠳ᠋ᠤᠭᠠᠷ ᠲᠣᠭᠠᠲᠤ | 2023 ᠣᠨ ᠤ 3 ᠳ᠋ᠤᠭᠠᠷ ᠰᠠᠷ᠎ᠠ ᠶᠢᠨ 27 ᠤ ᠡᠳᠦᠷ | | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ | ᠠᠵᠢᠯ ᠦᠢᠯᠡᠰ ᠤᠨ ᠨᠢᠭᠡᠴᠡ ᠳᠤ᠄ | ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠬᠥᠬᠡᠬᠤᠲᠠ ᠶᠢᠨ ᠤᠯᠤᠰ ᠤᠨ ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ ᠳᠤ ᠢᠳᠡᠪᠬᠢᠲᠡᠢ ᠠᠭᠤᠰᠤᠯᠴᠠᠬᠤ ᠶᠢ ᠠᠬᠢᠭᠤᠯᠤᠨ᠂ ᠳᠤᠮᠳᠠᠳᠤ ᠮᠣᠩᠭᠤᠯ ᠣᠷᠣᠰ ᠤᠨ ᠠᠵᠤ | ᠠᠬᠤᠢ ᠶᠢᠨ ᠬᠤᠩᠭᠢᠯ ᠤᠨ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠲᠤᠰᠠᠳᠠ᠂ ᠤᠯᠤᠰ ᠤᠨ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠥᠪᠡᠷᠲᠡᠭᠡᠨ ᠵᠠᠰᠠᠬᠤ | ᠣᠷᠣᠨ᠂ ᠬᠥᠬᠡᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ᠂ ᠡᠳᠦᠭᠡ | ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠨᠡᠶᠢᠳᠡᠮ ᠬᠡᠷᠡᠭᠯᠡᠬᠦ ᠲᠦᠷᠦ ᠶᠢᠨ ᠪᠣᠳᠣᠯᠭ᠎ᠠ | ︵ᠨᠢᠭᠡ︶ ᠠᠵᠤ ᠠᠬᠤᠶᠢᠯᠠᠯ ᠤᠨ ᠪᠠᠶᠢᠭᠠᠯᠢ ᠵᠢᠯ ᠪᠦᠷᠢ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠲᠤᠭ᠎ᠠ ᠳᠣᠣᠷᠠᠬᠢ ᠪᠠᠷᠢᠮᠵᠢᠶ᠎ᠠ ᠳᠤ ᠬᠦᠷᠦᠭᠰᠡᠨ ᠳᠤ ᠣᠨᠴᠠᠭᠠᠢ ᠬᠤᠪᠢ ᠨᠡᠮᠡᠷᠢ ᠶᠢᠨ ᠱᠠᠩᠨᠠᠯ | ᠣᠯᠭᠤᠨ᠎ᠠ︔ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 100 | ᠲᠦᠮᠡᠨ ᠳ᠋ᠣᠯᠯᠠᠷ ᠠᠴᠠ 1000 ᠲᠦᠮᠡᠨ ᠳ᠋ᠣᠯᠯᠠᠷ ︵ᠪᠠᠭᠲᠠᠨ᠎ᠠ︶ ᠠᠴᠠ ᠳᠣᠷᠣᠭᠰᠢ ᠬᠦᠷᠦᠭᠰᠡᠨ ᠪᠣᠯ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ 1 ᠳ᠋ᠣᠯᠯᠠᠷ ᠪᠦᠷᠢ ᠳᠤ 0.03 ᠲᠥᠭᠦᠷᠢᠭ | ᠠᠷᠠᠳ ᠤᠨ ᠵᠣᠭᠤᠰ ᠤᠨ ᠱᠠᠩᠨᠠᠯ ᠣᠯᠭᠤᠨ᠎ᠠ︔ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠲᠤᠭ᠎ᠠ ᠨᠡᠶᠢᠲᠡ 1000 ᠲᠦᠮᠡᠨ ᠳ᠋ᠣᠯᠯᠠᠷ ᠠᠴᠠ 5000 ᠲᠦᠮᠡᠨ ᠳ᠋ᠣᠯᠯᠠᠷ ︵ᠪᠠᠭᠲᠠᠨ᠎ᠠ︶ ᠠᠴᠠ | ᠳᠣᠷᠣᠭᠰᠢ ᠬᠦᠷᠦᠭᠰᠡᠨ ᠪᠣᠯ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ 1 ᠳ᠋ᠣᠯᠯᠠᠷ ᠪᠦᠷᠢ ᠳᠤ | 0.04 ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ︔ ᠣᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 5000 ᠲᠦᠮᠡᠨ ᠳ᠋ᠣᠯᠯᠠᠷ ᠢ ᠳᠠᠪᠠᠭᠰᠠᠨ ᠪᠣᠯ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ 1ᠳ᠋ᠣᠯᠯᠠᠷ ᠪᠦᠷᠢ ᠳᠤ 0.05 ᠲᠥᠭᠦᠷᠢᠭ ᠠᠷᠠᠳ ᠤᠨ ᠵᠣᠭᠤᠰ ᠤᠨ | ᠱᠠᠩᠨᠠᠯ ᠣᠯᠭᠤᠨ᠎ᠠ᠃ ᠳᠠᠩ ᠭᠠᠭᠴᠠ ᠠᠵᠤ ᠠᠬᠤᠶᠢᠯᠠᠯ ᠤᠨ ᠣᠨ ᠤ ᠱᠠᠩᠨᠠᠯ ᠢ ᠬᠠᠮᠤᠭ ᠤᠨ ᠥᠨᠳᠥᠷ ᠲᠡᠭᠡᠨ | 500 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ︔ | ︵ᠬᠤᠶᠠᠷ︶ ᠡᠯ᠎ᠡ ᠲᠥᠷᠥᠯ ᠤᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ | ᠰᠠᠭᠤᠷᠢᠰᠢᠨ ᠬᠥᠭᠵᠢᠬᠦ ᠶᠢ ᠵᠣᠷᠢᠭᠵᠢᠭᠤᠯᠤᠨ᠂ ᠭᠠᠶᠢᠯᠢ ᠪᠠᠲᠤᠯᠠᠬᠤ ᠣᠷᠣᠨ ᠤ ᠦᠢᠯᠡᠳᠪᠦᠷᠢ ᠶᠢᠨ ᠭᠡᠷ ᠪᠠᠶᠢᠰᠢᠩ ᠢ | ᠲᠦᠷᠢᠶᠡᠰᠦᠯᠡᠨ ᠬᠡᠷᠡᠭᠯᠡᠭᠰᠡᠨ ᠠᠵᠤ ᠠᠬᠤᠶᠢᠯᠠᠯ ᠤᠨ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠲᠤᠭ᠎ᠠ ᠨᠡᠶᠢᠲᠡ 5000 ᠲᠦᠮᠡᠨ ᠳ᠋ᠣᠯᠯᠠᠷ ︵ᠪᠠᠭᠲᠠᠨ᠎ᠠ︶ ᠠᠴᠠ 1 ᠳ᠋ᠦᠩᠰᠢᠭᠤᠷ ᠳ᠋ᠣᠯᠯᠠᠷ ᠲᠤ | ᠬᠦᠷᠦᠭᠰᠡᠨ ᠪᠣᠯ᠂ ᠲᠡᠭᠦᠨ ᠤ ᠲᠤᠬᠠᠢ ᠶᠢᠨ ᠵᠢᠯ ᠤᠨ ᠪᠣᠳᠠᠲᠠᠢ ᠲᠤᠰᠢᠶᠠᠭᠰᠠᠨ ᠲᠦᠷᠢᠶᠡᠰᠦᠨ ᠮᠥᠩᠭᠦ ᠶᠢᠨ | 50% ᠪᠠᠷ ᠨᠥᠬᠦᠪᠦᠷᠢ ᠣᠯᠭᠤᠨ᠎ᠠ︔ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠲᠤᠭ᠎ᠠ ᠨᠡᠶᠢᠲᠡ 1 ᠳ᠋ᠦᠩᠰᠢᠭᠤᠷ ︵ᠪᠠᠭᠲᠠᠨ᠎ᠠ︶ ᠳ᠋ᠣᠯᠯᠠᠷ ᠠᠴᠠ ᠳᠠᠪᠠᠭᠰᠠᠨ ᠪᠣᠯ᠂ ᠲᠡᠭᠦᠨ ᠤ ᠲᠤᠬᠠᠢ ᠶᠢᠨ | ᠵᠢᠯ ᠤᠨ ᠪᠣᠳᠠᠲᠠᠢ ᠲᠤᠰᠢᠶᠠᠭᠰᠠᠨ ᠲᠦᠷᠢᠶᠡᠰᠦᠨ ᠮᠥᠩᠭᠦ ᠶᠢᠨ ᠪᠥᠬᠦ ᠲᠤᠭ᠎ᠠ ᠪᠠᠷ ᠨᠥᠬᠦᠪᠦᠷᠢ ᠣᠯᠭᠤᠨ᠎ᠠ᠃ ᠠᠵᠤ | ᠠᠬᠤᠶᠢᠯᠠᠯ ᠨᠢᠭᠡᠪᠦᠷᠢ ᠶᠢᠨ ᠲᠦᠷᠢᠶᠡᠰᠦᠨ ᠮᠥᠩᠭᠦ ᠶᠢᠨ ᠨᠥᠬᠦᠪᠦᠷᠢ ᠶᠢ ᠠᠷᠠᠳ ᠤᠨ ᠵᠣᠭᠤᠰ ᠢᠶᠠᠷ 500 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ᠃ | ︵ᠭᠤᠷᠪᠠ︶ ᠬᠠᠮᠢᠶ᠎ᠠ ᠪᠦᠬᠦᠢ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ | ᠪᠡᠯᠡ ᠣᠷᠣᠭᠤᠯᠬᠤ ᠶᠢ ᠳᠡᠮᠵᠢᠨ᠎ᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠣᠲᠣᠷᠠᠬᠢ ᠮᠠᠰᠢᠨ | ᠲᠥᠬᠦᠭᠡᠷᠦᠮᠵᠢ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ︵ᠭᠠᠵᠠᠷ ᠰᠢᠷᠣᠢ ᠬᠤᠳᠠᠯᠳᠤᠨ ᠠᠪᠬᠤ ᠶᠢ ᠪᠠᠭᠲᠠᠭᠠᠬᠤ ᠦᠭᠡᠢ︶ | ᠶᠢᠨ ᠲᠥᠷᠥᠯ ᠵᠦᠢᠯ ᠳᠤ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠲᠡᠭᠦᠨ ᠤ | ᠪᠣᠳᠠᠲᠠᠢ ᠪᠡᠶᠡᠯᠡᠭᠦᠯᠦᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠤᠭ᠎ᠠ ᠶᠢᠨ 5% ᠪᠠᠷ ᠨᠢᠭᠡ | ᠤᠳᠠᠭ᠎ᠠ ᠶᠢᠨ ᠴᠢᠨᠠᠷᠲᠠᠢ ᠪᠡᠯᠡ ᠣᠷᠤᠭᠤᠯᠤᠯᠲᠠ ᠶᠢᠨ ᠱᠠᠩᠨᠠᠯ ᠨᠥᠬᠦᠪᠦᠷᠢ ᠣᠯᠭᠤᠵᠤ᠂ ᠨᠥᠬᠦᠪᠦᠷᠢ ᠶᠢᠨ ᠪᠦᠬᠦ | ᠲᠤᠭ᠎ᠠ ᠶᠢ 1000 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ ᠬᠥᠬᠡᠬᠤᠲᠠ ᠶᠢᠨ ︽ | ᠠᠵᠤ ᠦᠢᠯᠡᠳᠪᠦᠷᠢ ᠶᠢᠨ ᠠᠷᠪᠠᠨ ᠵᠤᠷᠪᠤᠰ︾ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠲᠥᠷᠥᠯ ᠵᠦᠢᠯ ᠳᠤ ᠠᠵᠤ | ᠠᠬᠤᠶᠢᠯᠠᠯ ᠤᠳ ᠬᠤᠲᠠ ᠶᠢᠨ ᠱᠠᠲᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠬᠤᠶᠠᠷ ᠱᠠᠲᠤᠨ ᠤ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠳᠠᠪᠬᠤᠴᠠᠭᠤᠯᠤᠨ ᠭᠥᠷᠳᠡᠵᠦ ᠪᠣᠯᠣᠨ᠎ᠠ᠃ | ︵ᠳᠥᠷᠪᠡ︶ ᠬᠦᠷᠢᠶᠡᠯᠡᠩ ᠲᠣᠭᠤᠷᠢᠭ ᠤᠨ ᠳᠣᠲᠣᠷ᠎ᠠ ᠪᠠᠷᠠᠭ᠎ᠠ ᠬᠠᠳᠠᠭᠠᠯᠠᠭᠰᠠᠨ᠂ ᠴᠤᠭᠯᠠᠭᠤᠯᠤᠭᠰᠠᠨ᠂ | ᠬᠤᠪᠢᠶᠠᠨ ᠰᠠᠯᠭᠠᠵᠤ ︵ᠪᠣᠭᠤᠮᠲᠠ ᠶᠢᠨ ᠪᠦᠷᠢᠳᠬᠡᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ︶᠂ ᠣᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 50 ᠪᠠᠷᠢᠮᠵᠢᠶ᠎ᠠ ᠬᠠᠶᠢᠷᠴᠠᠭ ᠠᠴᠠ ᠳᠣᠣᠷ᠎ᠠ | ᠦᠭᠡᠢ ᠪᠣᠯ 20 ᠲᠣᠬᠤᠢ ᠪᠠᠷᠢᠮᠵᠢᠶ᠎ᠠ ᠬᠠᠶᠢᠷᠴᠠᠭ ᠪᠦᠷᠢ ᠳᠤ 1000 ᠲᠥᠭᠦᠷᠢᠭ ᠠᠷᠠᠳ ᠤᠨ ᠵᠣᠭᠤᠰ ᠤᠨ | ᠱᠠᠩᠨᠠᠯ ᠣᠯᠭᠤᠵᠤ᠂ 40 ᠲᠣᠬᠤᠢ ᠪᠠᠷᠢᠮᠵᠢᠶ᠎ᠠ ᠬᠠᠶᠢᠷᠴᠠᠭ ᠪᠦᠷᠢ ᠳᠤ 2000 ᠲᠥᠭᠦᠷᠢᠭ ᠠᠷᠠᠳ ᠤᠨ | ᠵᠣᠭᠤᠰ ᠤᠨ ᠱᠠᠩᠨᠠᠯ ᠣᠯᠭᠤᠨ᠎ᠠ᠃ ᠳᠠᠩ ᠭᠠᠭᠴᠠ ᠠᠵᠤ ᠠᠬᠤᠶᠢᠯᠠᠯ ᠤᠨ ᠵᠢᠯ ᠪᠦᠷᠢ ᠶᠢᠨ ᠱᠠᠩᠨᠠᠯ ᠤᠨ ᠶᠡᠷᠦᠩᠬᠡᠢ | ᠲᠤᠭ᠎ᠠ ᠶᠢ 200 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ | ᠬᠤᠶᠠᠷ᠂ ᠲᠤᠰᠬᠠᠢ ᠵᠦᠢᠯ ᠤᠨ ᠲᠥᠷᠥ ᠶᠢᠨ ᠪᠣᠳᠣᠯᠭ᠎ᠠ | ︵ᠲᠠᠪᠤ︶ ᠥᠩᠭᠡᠲᠦ ᠲᠡᠮᠦᠷᠯᠢᠭ ᠵᠢᠴᠢ ᠰᠤᠪᠤᠳ ᠡᠷᠳᠡᠨᠢ ᠵᠠᠰᠠᠯ ᠴᠢᠮᠡᠭᠯᠡᠯ ᠤᠨ ᠡᠳ᠋ᠰᠢᠭᠦᠯᠬᠦ ᠠᠵᠢᠯ ᠢ | ᠥᠷᠨᠢᠭᠦᠯᠦᠭᠰᠡᠨ ᠠᠵᠤ ᠠᠬᠤᠶᠢᠯᠠᠯ ᠤᠨ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠣᠨ ᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠪᠣᠳᠠᠲᠠᠢ ᠲᠤᠭ᠎ᠠ ᠨᠢ 10 ᠳ᠋ᠦᠩᠰᠢᠭᠤᠷ ᠳ᠋ᠣᠯᠯᠠᠷ ︵ᠪᠠᠭᠲᠠᠬᠤ ᠦᠭᠡᠢ︶ | ᠂ 20 ᠳ᠋ᠦᠩᠰᠢᠭᠤᠷ ᠳ᠋ᠣᠯᠯᠠᠷ ︵ᠪᠠᠭᠲᠠᠬᠤ ᠦᠭᠡᠢ︶᠂ 30 ᠳ᠋ᠦᠩᠰᠢᠭᠤᠷ ᠳ᠋ᠣᠯᠯᠠᠷ ︵ᠪᠠᠭᠲᠠᠬᠤ ᠦᠭᠡᠢ︶ ᠠᠴᠠ | ᠳᠠᠪᠠᠭᠰᠠᠨ ᠪᠣᠯ᠂ ᠣᠨ ᠢᠶᠠᠷ ᠲᠣᠰ ᠲᠣᠰ 100 ᠲᠦᠮᠡᠨ ᠲᠥᠭᠦᠷᠢᠭ ᠠᠷᠠᠳ ᠤᠨ ᠵᠣᠭᠤᠰ᠂ 200 ᠲᠦᠮᠡᠨ | ᠲᠥᠭᠦᠷᠢᠭ ᠠᠷᠠᠳ ᠤᠨ ᠵᠣᠭᠤᠰ᠂ 300 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠨᠢᠭᠡ ᠤᠳᠠᠭ᠎ᠠ ᠶᠢᠨ | ᠴᠢᠨᠠᠷᠲᠠᠢ ᠱᠠᠩᠨᠠᠯ ᠣᠯᠭᠤᠨ᠎ᠠ᠃ | ︵ᠵᠢᠷᠭᠤᠭ᠎ᠠ︶ ᠤᠯᠤᠰ ᠤᠨ 3A᠂ 4A᠂ 5A ᠲᠠᠰ ᠢᠶᠠᠷ ᠦᠨᠡᠯᠡᠭᠳᠡᠭᠰᠡᠨ ᠪᠠᠷᠠᠭᠠᠨ ᠤ ᠭᠦᠢᠯᠭᠡᠭᠡᠨ ᠤ | ᠠᠵᠤ ᠠᠬᠤᠶᠢᠯᠠᠯ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠢ ᠪᠠᠷ 10 ᠲᠦᠮᠡᠨ ᠲᠥᠭᠦᠷᠢᠭ᠂ 30 ᠲᠦᠮᠡᠨ | ᠲᠥᠭᠦᠷᠢᠭ᠂ 50 ᠲᠦᠮᠡᠨ ᠲᠥᠭᠦᠷᠢᠭ ᠤᠨ ᠠᠷᠠᠳ ᠤᠨ ᠵᠣᠭᠤᠰ ᠤᠨ ᠱᠠᠩᠨᠠᠯ ᠣᠯᠭᠤᠨ᠎ᠠ᠃ | ︵ᠳᠣᠯᠤᠭ᠎ᠠ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠲᠡᠳᠡᠨ ᠠᠪᠴᠢᠷᠠᠵᠤ᠂ | ᠲᠤᠬᠠᠢ ᠶᠢᠨ ᠵᠢᠯ ᠳᠤ ᠰᠢᠨ᠎ᠡ ᠪᠠᠷ ᠳᠠᠩᠰᠠᠯᠠᠭᠤᠯᠤᠭᠰᠠᠨ ᠪᠤᠶᠤ ᠪᠡᠯᠡ ᠮᠥᠩᠭᠦ ᠨᠡᠮᠡᠭᠰᠡᠨ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠤ ᠬᠢᠷᠢ ᠬᠡᠮ ᠲᠠᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ ᠪᠠ ᠭᠠᠳᠠᠭᠠᠳᠤ ᠪᠡᠯᠡ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠱᠠᠩᠨᠠᠯ ᠣᠯᠭᠤᠵᠤ᠂ ᠠᠷᠠᠳ ᠤᠨ | ᠵᠣᠭᠤᠰ ᠢᠶᠠᠷ ᠱᠠᠩᠨᠠᠬᠤ ᠪᠠᠷᠢᠮᠵᠢᠶ᠎ᠠ ᠶᠢ ᠲᠤᠬᠠᠢ ᠶᠢᠨ ᠵᠢᠯ ᠤᠨ ᠪᠣᠳᠠᠲᠠᠢ ᠠᠰᠢᠭᠯᠠᠭᠰᠠᠨ ᠭᠠᠳᠠᠭᠠᠳᠤ ᠪᠡᠯᠡ ᠶᠢᠨ | ᠵᠣᠭᠤᠰ ᠤᠨ ᠲᠤᠭ᠎ᠠ ᠶᠢᠨ 1% ︵ᠭᠠᠳᠠᠭᠠᠳᠤ ᠶᠢᠨ ᠲᠠᠯ᠎ᠠ ᠶᠢᠨ ᠬᠤᠪᠢ ᠣᠷᠣᠭᠤᠯᠤᠭᠴᠢ ᠶᠢᠨ ᠵᠢᠭᠡᠯᠡᠯᠭᠡ ᠶᠢ | ᠪᠠᠭᠲᠠᠭᠠᠬᠤ ᠦᠭᠡᠢ︶ ᠪᠠᠷ ᠲᠣᠭᠲᠠᠭᠠᠵᠤ᠂ ᠳᠠᠩ ᠭᠠᠭᠴᠠ ᠠᠵᠤ ᠠᠬᠤᠶᠢᠯᠠᠯ ᠤᠨ ᠱᠠᠩᠨᠠᠯ ᠤᠨ ᠶᠡᠷᠦᠩᠬᠡᠢ | ᠲᠤᠭ᠎ᠠ ᠶᠢ ᠠᠷᠠᠳ ᠤᠨ ᠵᠣᠭᠤᠰ ᠢᠶᠠᠷ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠨᠠᠢᠮᠠ︶ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ | ᠪᠣᠶᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠦᠨᠡᠯᠡᠨ ᠲᠤᠭᠲᠠᠭᠠᠭᠰᠠᠨ ᠭᠠᠳᠠᠭᠠᠳᠤ | ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 100 | ᠲᠦᠮᠡᠨ ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ᠃ | ︵ᠶᠢᠰᠦ︶ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢ ᠳᠡᠮᠵᠢᠨ᠎ᠡ᠃ ᠦᠢᠯᠡᠴᠢᠯᠡᠭᠡ ᠶᠢ ᠭᠠᠳᠠᠭᠰᠢ | ᠳᠠᠭᠠᠭᠠᠴᠢᠯᠠᠭᠤᠯᠬᠤ ᠲᠤᠬᠠᠶᠢᠯᠠᠭᠰᠠᠨ ᠠᠵᠢᠯ ᠡᠷᠭᠢᠯᠡᠵᠦ ᠪᠠᠶᠢᠭ᠎ᠠ ᠠᠵᠤ ᠠᠬᠤᠶᠢᠯᠠᠯ ᠳᠤ᠂ ᠲᠤᠬᠠᠢ ᠶᠢᠨ ᠵᠢᠯ ᠤᠨ | ᠬᠢᠯᠢ ᠶᠢᠨ ᠭᠠᠳᠠᠨᠠᠬᠢ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠤᠭᠰᠠᠨ ᠠᠷᠠᠯᠵᠢᠶᠠᠨ ᠤ ᠪᠥᠬᠦ ᠲᠤᠭ᠎ᠠ ᠨᠢ | 100 ᠲᠦᠮᠡᠨ ᠳ᠋ᠣᠯᠯᠠᠷ ᠠᠴᠠ ᠳᠠᠪᠠᠭᠰᠠᠨ ᠪᠣᠯ᠂ 1 ᠳ᠋ᠣᠯᠯᠠᠷ ᠪᠦᠷᠢ ᠳᠤ ᠠᠷᠠᠳ ᠤᠨ ᠵᠣᠭᠤᠰ ᠢᠶᠠᠷ 0.01 | ᠲᠥᠭᠦᠷᠢᠭ ᠱᠠᠩᠨᠠᠵᠤ᠂ ᠠᠷᠠᠳ ᠤᠨ ᠵᠣᠭᠤᠰ ᠢᠶᠠᠷ ᠬᠠᠮᠤᠭ ᠥᠨᠳᠥᠷ ᠲᠡᠭᠡᠨ 10 ᠲᠦᠮᠡᠨ ᠲᠥᠭᠦᠷᠢᠭ ᠱᠠᠩᠨᠠᠨ᠎ᠠ᠃ | ︵ᠠᠷᠪᠠ︶ ᠪᠠᠶᠢᠴᠠᠭᠠᠨ ᠰᠢᠯᠭᠠᠵᠤ ᠭᠡᠷᠡᠴᠢᠯᠡᠬᠦ᠂ ᠪᠥᠬᠦ ᠪᠥᠮᠪᠥᠷᠴᠡᠭ ᠤᠨ ᠭᠠᠶᠢᠯᠢ ᠪᠠᠲᠤᠯᠠᠬᠤ ᠰᠡᠯᠪᠢᠨ | ᠵᠠᠰᠠᠬᠤ ᠦᠢᠯᠡᠴᠢᠯᠡᠭᠡᠨ ᠤ ᠠᠵᠤ ᠠᠬᠤᠶᠢᠯᠠᠯ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠡᠵᠡᠩᠨᠡᠬᠦ ᠪᠠᠷ | ᠳᠠᠩᠰᠠᠯᠠᠭᠤᠯᠤᠭᠰᠠᠨ ᠪᠦᠭᠡᠳ ᠲᠤᠬᠠᠶᠢᠯᠠᠭᠰᠠᠨ ᠠᠵᠢᠯ ᠢᠶᠠᠨ ᠪᠣᠳᠠᠲᠠᠢ ᠥᠷᠨᠢᠭᠦᠯᠦᠭᠰᠡᠨ ᠤ ᠳᠠᠷᠠᠭ᠎ᠠ᠂ ᠨᠢᠭᠡ | ᠤᠳᠠᠭ᠎ᠠ ᠶᠢᠨ ᠴᠢᠨᠠᠷᠲᠠᠢ 10 ᠲᠦᠮᠡᠨ ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ᠃ | ︵ᠠᠷᠪᠠᠨ ᠨᠢᠭᠡ︶ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ | ᠠᠵᠢᠯ ᠤᠨ ᠬᠥᠭᠵᠢᠯᠲᠡ ᠶᠢ ᠳᠡᠮᠵᠢᠨ᠎ᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠭᠠᠷ ᠳᠠᠮᠵᠢᠭᠰᠠᠨ | ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠥᠷᠨᠢᠭᠦᠯᠵᠦ ᠪᠠᠶᠢᠭ᠎ᠠ ᠠᠵᠤ | ᠠᠬᠤᠶᠢᠯᠠᠯ ᠳᠤ 2000 ᠲᠥᠭᠦᠷᠢᠭ ᠤᠨ ᠠᠷᠠᠳ ᠤᠨ ᠵᠣᠭᠤᠰ / ᠲᠡᠷᠭᠡ ᠪᠠᠷ ᠪᠠᠷᠢᠮᠵᠢᠶ᠎ᠠ ᠪᠣᠯᠭᠠᠵᠤ᠂ ᠳᠠᠩ | ᠭᠠᠭᠴᠠ ᠠᠵᠤ ᠠᠬᠤᠶᠢᠯᠠᠯ ᠳᠤ ᠵᠢᠯ ᠤᠨ 200 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠳᠦᠷᠡᠭᠦᠯᠬᠦ | ᠦᠭᠡᠢ ᠪᠠᠷ ᠱᠠᠩᠨᠠᠯ ᠣᠯᠭᠤᠨ᠎ᠠ᠃ | ︵ᠠᠷᠪᠠᠨ ᠬᠤᠶᠠᠷ︶ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ ᠬᠤᠪᠢ ᠬᠥᠮᠥᠨ ᠤ ᠬᠥᠬᠡᠬᠤᠲᠠ ᠶᠢᠨ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠪᠠ ᠲᠥᠯᠦᠪᠵᠢᠭᠦᠯᠭᠡ ᠳᠤ ᠨᠡᠶᠢᠴᠡᠬᠦ ᠠᠵᠤ | ᠠᠬᠤᠶᠢᠯᠠᠯ᠂ ᠲᠥᠷᠥᠯ ᠵᠦᠢᠯ ᠢ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ | ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠵᠣᠷᠢᠭᠵᠢᠭᠤᠯᠤᠨ᠎ᠠ᠃ ᠰᠢᠨ᠎ᠡ ᠪᠠᠷ ᠤᠷᠢᠵᠤ ᠢᠷᠡᠭᠰᠡᠨ ᠠᠵᠤ | ᠠᠬᠤᠶᠢᠯᠠᠯ ᠨᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠣᠷᠣᠵᠤ ᠰᠠᠭᠤᠭᠠᠳ ᠲᠤᠬᠠᠶᠢᠯᠠᠭᠰᠠᠨ | ᠠᠵᠢᠯ ᠢᠶᠠᠨ ᠥᠷᠨᠢᠭᠦᠯᠦᠭᠰᠡᠨ ᠤ ᠳᠠᠷᠠᠭ᠎ᠠ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠭᠰᠠᠨ᠂ ᠠᠵᠤ | ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠭᠰᠠᠨ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ ᠬᠤᠪᠢ | ᠬᠥᠮᠥᠨ ᠢ ᠱᠠᠩᠨᠠᠨ ᠬᠥᠬᠢᠭᠦᠯᠵᠦ᠂ ᠤᠷᠢᠵᠤ ᠢᠷᠡᠭᠰᠡᠨ ᠠᠵᠤ ᠠᠬᠤᠶᠢᠯᠠᠯ ᠤᠨ ᠵᠢᠯ ᠤᠨ ᠪᠣᠳᠠᠲᠠᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 5000 ᠲᠦᠮᠡᠨ ᠲᠥᠭᠦᠷᠢᠭ ᠠᠷᠠᠳ ᠤᠨ ᠵᠣᠭᠤᠰ ︵ | ᠪᠠᠭᠲᠠᠨ᠎ᠠ︶ ᠠᠴᠠ 1 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠬᠤ ᠦᠭᠡᠢ︶ ᠬᠦᠷᠦᠭᠰᠡᠨ ᠪᠣᠯ᠂ | ᠨᠢᠭᠡ ᠤᠳᠠᠭ᠎ᠠ ᠶᠢᠨ ᠴᠢᠨᠠᠷᠲᠠᠢ 5 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ︔ ᠤᠷᠢᠵᠤ ᠢᠷᠡᠭᠰᠡᠨ | ᠠᠵᠤ ᠠᠬᠤᠶᠢᠯᠠᠯ ᠤᠨ ᠪᠣᠳᠠᠲᠠᠢ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ | 1 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠨ᠎ᠠ︶ ᠠᠴᠠ 5 ᠳ᠋ᠦᠩᠰᠢᠭᠤᠷ ᠲᠥᠭᠦᠷᠢᠭ ᠠᠷᠠᠳ ᠤᠨ | ᠵᠣᠭᠤᠰ ︵ᠪᠠᠭᠲᠠᠬᠤ ᠦᠭᠡᠢ︶ ᠬᠦᠷᠦᠭᠰᠡᠨ ᠪᠣᠯ᠂ ᠨᠢᠭᠡ ᠤᠳᠠᠭ᠎ᠠ ᠶᠢᠨ ᠴᠢᠨᠠᠷᠲᠠᠢ 10 ᠲᠦᠮᠡᠨ ᠲᠥᠭᠦᠷᠢᠭ | ᠠᠷᠠᠳ ᠤᠨ ᠵᠣᠭᠤᠰ ᠢᠶᠠᠷ ᠱᠠᠩᠨᠠᠨ᠎ᠠ︔ ᠤᠷᠢᠵᠤ ᠢᠷᠡᠭᠰᠡᠨ ᠠᠵᠤ ᠠᠬᠤᠶᠢᠯᠠᠯ ᠤᠨ ᠪᠣᠳᠠᠲᠠᠢ ᠵᠢᠯ ᠤᠨ ᠭᠠᠳᠠᠭᠠᠳᠤ | ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 5 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ | ᠪᠠᠭᠲᠠᠨ᠎ᠠ︶ ᠠᠴᠠ 20 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠬᠤ ᠦᠭᠡᠢ︶ ᠬᠦᠷᠦᠭᠰᠡᠨ ᠪᠣᠯ᠂ | ᠨᠢᠭᠡ ᠤᠳᠠᠭ᠎ᠠ ᠶᠢᠨ ᠴᠢᠨᠠᠷᠲᠠᠢ 20 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ︔ ᠤᠷᠢᠵᠤ | ᠢᠷᠡᠭᠰᠡᠨ ᠠᠵᠤ ᠠᠬᠤᠶᠢᠯᠠᠯ ᠤᠨ ᠪᠣᠳᠠᠲᠠᠢ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠲᠤᠭ᠎ᠠ ᠨᠢ 20 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠨ᠎ᠠ︶ ᠠᠴᠠ 50 ᠳ᠋ᠦᠩᠰᠢᠭᠤᠷ | ᠲᠥᠭᠦᠷᠢᠭ ᠠᠷᠠᠳ ᠤᠨ ᠵᠣᠭᠤᠰ ᠬᠦᠷᠦᠭᠰᠡᠨ ᠪᠣᠯ᠂ ᠨᠢᠭᠡ ᠤᠳᠠᠭ᠎ᠠ ᠶᠢᠨ ᠴᠢᠨᠠᠷᠲᠠᠢ 30 ᠲᠦᠮᠡᠨ ᠲᠥᠭᠦᠷᠢᠭ | ᠠᠷᠠᠳ ᠤᠨ ᠵᠣᠭᠤᠰ ᠢᠶᠠᠷ ᠱᠠᠩᠨᠠᠨ᠎ᠠ᠃ ᠳᠠᠩ ᠭᠠᠭᠴᠠ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ ᠬᠤᠪᠢ | ᠬᠥᠮᠥᠨ ᠤ ᠣᠨ ᠤ ᠱᠠᠩᠨᠠᠯ ᠢ ᠠᠷᠠᠳ ᠤᠨ ᠵᠣᠭᠤᠰ ᠢᠶᠠᠷ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ᠴᠢᠬᠤᠯᠠ ᠣᠨᠴᠠ ᠶᠡᠭᠡ ᠭᠠᠳᠠᠭᠠᠳᠤ ᠳᠤ ᠬᠠᠨᠳᠤᠭᠤᠯᠤᠭᠰᠠᠨ ᠲᠥᠷᠥᠯ ᠵᠦᠢᠯ ᠢ ᠤᠷᠢᠵᠤ ᠢᠷᠡᠬᠦ ᠵᠢᠴᠢ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠣᠨᠴᠠᠭᠠᠢ | ᠬᠤᠪᠢ ᠨᠡᠮᠡᠷᠢ ᠦᠵᠡᠭᠦᠯᠦᠭᠰᠡᠨ ᠲᠠᠪᠴᠠᠩ᠂ ᠬᠤᠳᠠᠯᠳᠤᠭᠠᠴᠢᠨ ᠤ ᠨᠡᠶᠢᠭᠡᠮᠯᠢᠭ ︵ᠡᠪᠯᠡᠯ︶ ᠂ ᠠᠵᠤ ᠠᠬᠤᠶᠢᠯᠠᠯ | ᠵᠢᠴᠢ ᠬᠤᠪᠢ ᠬᠥᠮᠥᠨ ᠢ ᠨᠢᠭᠡ ᠤᠴᠢᠷ ᠢ ᠨᠢᠭᠡ ᠵᠥᠪᠯᠡᠬᠦ ᠠᠷᠭ᠎ᠠ ᠮᠠᠶ᠋ᠢᠭ ᠢᠶᠠᠷ ᠱᠠᠩᠨᠠᠨ ᠬᠥᠬᠢᠭᠦᠯᠦᠨ᠎ᠡ᠃ | ᠭᠤᠷᠪᠠ᠂ ᠴᠢᠳᠠᠪᠤᠷᠢᠲᠠᠨ ᠤ ᠲᠦᠷᠦ ᠶᠢᠨ ᠪᠣᠳᠣᠯᠭ᠎ᠠ | ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠲᠥᠷᠥ ᠶᠢᠨ ᠪᠣᠳᠣᠯᠭ᠎ᠠ ᠶᠢ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭ᠎ᠠ10 | ᠵᠤᠷᠪᠤᠰ ᠤᠨ ᠴᠢᠳᠠᠪᠤᠷᠢᠲᠠᠨ ᠤ ᠠᠵᠢᠯ ᠣᠯᠵᠤ ᠦᠢᠯᠡᠰ ᠴᠣᠭᠴᠠᠯᠠᠬᠤ ᠶᠢ ᠳᠡᠮᠵᠢᠬᠦ ᠢᠵᠢ ᠪᠦᠷᠢᠳᠦᠭᠦᠯᠬᠦ | ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ | ᠪᠣᠳᠣᠯᠭ᠎ᠠ 10 ᠵᠤᠷᠪᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶ᠎ᠡ ᠴᠠᠷᠠᠭ᠎ᠠ ᠶᠢᠨ | ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ︵ᠬᠥᠬᠡᠬᠤᠲᠠ ᠵᠠᠰᠠᠭ | ᠲᠠᠷᠬᠠᠭᠠᠭᠰᠠᠨ ﹇2022﹈ 26 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢᠶᠠᠷ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ | ᠳᠥᠷᠪᠡ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠭᠤᠮᠲᠠ ᠶᠢᠨ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠤ ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ᠂ | ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠶᠢ ᠭᠠᠷᠭᠠᠪᠠᠯ᠂ ᠳᠣᠣᠷ᠎ᠠ ᠵᠢᠭᠰᠠᠭᠠᠭᠰᠠᠨ | ᠪᠠᠷᠠᠭ᠎ᠠ ᠶᠢ ᠬᠢᠯᠢ ᠶᠢᠨ ᠭᠠᠳᠠᠨ᠎ᠠ ᠠᠴᠠ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠣᠷᠣᠭᠤᠯᠪᠠᠯ᠂ | ᠪᠣᠭᠤᠮᠲᠠ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠪᠠ ᠭᠠᠳᠠᠭᠠᠳᠤ ᠠᠴᠠ ᠣᠷᠣᠭᠤᠯᠬᠤ | ᠭᠤᠭᠴᠤᠭ᠎ᠠ ᠶᠢᠨ ᠭᠠᠶᠢᠯᠢ ᠶᠢ ᠬᠡᠯᠲᠦᠷᠢᠭᠦᠯᠦᠨ᠎ᠡ᠄ | ︵ᠨᠢᠭᠡ︶ ᠣᠷᠣᠨ ᠳᠣᠲᠣᠷᠠᠬᠢ ᠦᠢᠯᠡᠳᠪᠦᠷᠢᠯᠡᠯ ᠤᠨ ᠴᠢᠨᠠᠷᠲᠠᠢ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠮᠠᠰᠢᠨ᠂ ᠲᠥᠬᠦᠭᠡᠷᠦᠮᠵᠢ ᠪᠠ ᠪᠦᠲᠦᠭᠡᠨ ᠪᠠᠶᠢᠭᠤᠯᠤᠯᠲᠠ | ᠦᠢᠯᠡᠳᠪᠦᠷᠢᠯᠡᠯ ᠤᠨ ᠦᠢᠯᠡᠳᠪᠦᠷᠢ ᠶᠢᠨ ᠭᠡᠷ ᠪᠠᠶᠢᠰᠢᠩ᠂ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠶᠢ ᠪᠦᠲᠦᠭᠡᠨ | ᠪᠠᠶᠢᠭᠤᠯᠬᠤ ᠳᠤ ᠬᠡᠷᠡᠭᠰᠡᠬᠦ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠪᠣᠳᠠᠰ︔ | ︵ᠬᠤᠶᠠᠷ︶ ᠣᠷᠣᠨ ᠳᠣᠲᠣᠷᠠᠬᠢ ᠠᠵᠤ ᠠᠬᠤᠶᠢᠯᠠᠯ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠪᠣᠭᠤᠮᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠠᠷᠭ᠎ᠠ︾ ᠶᠢᠨ | ᠲᠠᠪᠤᠳᠤᠭᠠᠷ ᠵᠦᠢᠯ ᠳᠤ ᠵᠢᠭᠰᠠᠭᠠᠭᠰᠠᠨ ᠲᠤᠬᠠᠶᠢᠯᠠᠭᠰᠠᠨ ᠠᠵᠢᠯ ᠢ ᠥᠷᠨᠢᠭᠦᠯᠬᠦ ᠳᠤ ᠬᠡᠷᠡᠭᠰᠡᠬᠦ ᠮᠠᠰᠢᠨ᠂ | ᠲᠥᠬᠦᠭᠡᠷᠦᠮᠵᠢ᠂ ᠬᠡᠪ ᠵᠢᠴᠢ ᠰᠡᠯᠪᠢᠨ ᠵᠠᠰᠠᠬᠤ ᠳᠤ ᠬᠡᠷᠡᠭᠯᠡᠬᠦ ᠰᠡᠯᠪᠢᠭ ᠲᠣᠨᠤᠭ︔ | ︵ᠭᠤᠷᠪᠠ︶ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠪᠠᠶᠢᠭᠤᠯᠤᠮᠵᠢ ᠪᠣᠯᠣᠨ ᠣᠷᠣᠨ ᠳᠣᠲᠣᠷᠠᠬᠢ ᠠᠵᠤ ᠠᠬᠤᠶᠢᠯᠠᠯ ᠤᠨ ᠥᠪᠡᠷᠲᠡᠭᠡᠨ ᠬᠡᠷᠡᠭᠯᠡᠬᠦ ᠵᠦᠢ ᠵᠣᠬᠢᠰᠲᠠᠢ ᠲᠤᠭ᠎ᠠ | ᠬᠡᠮᠵᠢᠶᠡᠨ ᠤ ᠠᠯᠪᠠᠨ ᠠᠵᠢᠯ ᠤᠨ ᠬᠡᠷᠡᠭᠰᠡᠯ᠃ | ᠲᠠᠪᠤ᠂ ᠪᠤᠰᠤᠳ ᠵᠦᠢᠯ | ︵ᠨᠢᠭᠡ︶ ᠲᠣᠰ ᠰᠠᠨᠠᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠳᠠᠩᠰᠠᠯᠠᠭᠤᠯᠤᠨ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠣᠷᠣᠵᠤ ᠰᠠᠭᠤᠭᠰᠠᠨ ᠪᠣᠶ | ᠪᠦᠬᠦᠢ ᠠᠵᠤ ᠠᠬᠤᠶᠢᠯᠠᠯ ᠳᠤ ᠬᠡᠷᠡᠭᠯᠡᠨ᠎ᠡ᠃ ᠡᠭᠦᠨ ᠤ ᠬᠠᠮᠲᠤ ᠤᠯᠤᠰ᠂ ᠥᠪᠡᠷᠲᠡᠭᠡᠨ ᠵᠠᠰᠠᠬᠤ ᠣᠷᠣᠨ ᠤ | ᠨᠡᠶᠢᠲᠡᠯᠡᠭᠰᠡᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠷᠢᠶ᠎ᠠ ᠭᠠᠵᠠᠷ ᠲᠤ ᠲᠣᠬᠢᠷᠠᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠶᠣᠰᠣᠭᠠᠷ ᠨᠢ | ᠬᠡᠷᠡᠭᠵᠢᠭᠦᠯᠦᠨ᠎ᠡ᠃ ᠨᠡᠶᠢᠳᠡᠮ ᠬᠡᠷᠡᠭᠯᠡᠬᠦ ᠲᠥᠷᠥ ᠶᠢᠨ ᠪᠣᠳᠣᠯᠭ᠎ᠠ ᠬᠢᠭᠡᠳ ᠪᠤᠰᠤᠳ ᠲᠥᠷᠥᠯ ᠢᠯᠭᠠᠯ ᠤᠨ | ᠲᠥᠷᠥ ᠶᠢᠨ ᠪᠣᠳᠣᠯᠭ᠎ᠠ ᠶᠢ ᠳᠠᠪᠬᠤᠴᠠᠭᠤᠯᠤᠨ ᠬᠡᠷᠡᠭᠯᠡᠵᠦ ᠪᠣᠯᠤᠨ᠎ᠠ᠂ ᠠᠳᠠᠯᠢ ᠱᠠᠲᠤᠨ ᠤ ᠲᠥᠷᠥ ᠶᠢᠨ | ᠪᠣᠳᠣᠯᠭ᠎ᠠ ᠶᠢᠨ ᠳᠣᠲᠣᠷᠠᠬᠢ ᠡᠯ᠎ᠡ ᠵᠦᠢᠯ ᠵᠤᠷᠪᠤᠰ ᠤᠨ ᠰᠢᠯᠢᠳᠡᠭ ᠢ ᠨᠢ ᠰᠣᠩᠭᠤᠨ ᠬᠡᠷᠡᠭᠯᠡᠨ᠎ᠡ᠃ | ︵ᠬᠤᠶᠠᠷ︶ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠳᠠᠩᠰᠠᠯᠠᠭᠤᠯᠤᠭᠰᠠᠨ ᠪᠡᠶ᠎ᠡ ᠪᠠᠨ | ᠳᠠᠭᠠᠭᠠᠭᠰᠠᠨ ᠬᠠᠤᠯᠢ ᠶᠢᠨ ᠡᠷᠬᠡᠲᠡᠨ ᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ | ᠥᠷᠨᠢᠭᠦᠯᠬᠦ ᠶᠢ ᠵᠣᠷᠢᠭᠵᠢᠭᠤᠯᠬᠤ ᠪᠠ ᠳᠡᠮᠵᠢᠨ᠎ᠡ᠃ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠨᠡᠶᠢᠲᠡᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠬᠤ | ᠲᠥᠷᠥ ᠶᠢᠨ ᠪᠣᠳᠣᠯᠭ᠎ᠠ ᠶᠣᠰᠣᠭᠠᠷ᠂ ᠱᠠᠩᠨᠠᠯ ᠪᠠ ᠨᠥᠬᠦᠪᠦᠷᠢ ᠣᠯᠭᠤᠨ᠎ᠠ᠃ | ︵ᠭᠤᠷᠪᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠪᠡᠯᠡ ᠭᠠᠷᠭᠠᠨ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠲᠤᠰᠬᠠᠢ ᠪᠡᠯᠡ | ᠮᠥᠩᠭᠦ ︵ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ︶ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢ | ᠠᠬᠢᠭᠤᠯᠤᠨ᠎ᠠ᠃ | ︵ᠳᠥᠷᠪᠡ︶ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠪᠠᠶᠢᠭ᠎ᠠ ᠠᠵᠤ | ᠠᠬᠤᠶᠢᠯᠠᠯ ᠪᠥᠬᠦᠨ ︽ᠴᠠᠭᠠᠵᠠᠯᠠᠬᠤ ᠦᠭᠡᠢ ᠪᠣᠯ ᠵᠥᠪᠰᠢᠶᠡᠷᠡᠬᠦ᠂ ᠬᠢᠵᠠᠭᠠᠷᠯᠠᠬᠤ ᠦᠭᠡᠢ ᠪᠣᠯ ᠵᠥᠪᠰᠢᠶᠡᠷᠡᠬᠦ︾ | ᠵᠠᠷᠴᠢᠮ ᠶᠣᠰᠣᠭᠠᠷ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠠᠨ ᠨᠡᠮᠡᠭᠳᠡᠭᠦᠯᠬᠦ ᠪᠤᠶᠤ ᠥᠷᠭᠡᠳᠬᠡᠬᠦ ᠶᠢ | ᠵᠥᠪᠰᠢᠶᠡᠷᠡᠨ᠎ᠡ᠃ | ︵ᠲᠠᠪᠤ︶ ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠤᠴᠢᠷ ᠶᠠᠪᠤᠳᠠᠯ ᠤᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠲᠣᠭᠲᠠᠭᠠᠨ᠎ᠠ᠃ | ︵ᠵᠢᠷᠭᠤᠭ᠎ᠠ︶ ᠲᠣᠰ ᠰᠠᠨᠠᠯ ᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ | ᠲᠠᠶᠢᠯᠪᠤᠷᠢᠯᠠᠵᠤ᠂ ᠬᠡᠷᠡᠭᠵᠢᠭᠦᠯᠬᠦ ᠶᠠᠪᠤᠴᠠ ᠳᠠᠬᠢ ᠪᠣᠳᠠᠲᠠᠢ ᠲᠠᠶᠢᠯᠪᠤᠷᠢᠯᠠᠬᠤ ᠠᠵᠢᠯ ᠢ ᠬᠥᠬᠡᠬᠤᠲᠠ ᠶᠢᠨ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠡᠭᠦᠷᠭᠡᠯᠡᠨ᠎ᠡ᠃ | ︵ᠳᠣᠯᠤᠭ᠎ᠠ︶ ᠲᠣᠰ ᠰᠠᠨᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠠᠴᠠ | ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ | ᠪᠣᠯᠲᠠᠯ᠎ᠠ᠃ ︽ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠶᠢ ᠳᠡᠮᠵᠢᠬᠦ | ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠬᠥᠬᠡᠬᠤᠲᠠ ᠵᠠᠰᠠᠭ ᠲᠠᠷᠬᠠᠭᠠᠭᠰᠠᠨ ﹇ | 2019﹈ 30 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ | | |