︵ᠰᠤᠷᠪᠤᠯᠵᠢᠯᠠᠭᠴᠢ ᠮᠢᠶᠣᠣ ᠴᠢᠩ︶ ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 4 ᠳ᠋ᠤᠭᠡᠷ ᠰᠠᠷ᠎ᠠ ᠶᠢᠨ | ᠡᠴᠦᠰ ᠪᠣᠯᠲᠠᠯ᠎ᠠ᠂ ᠬᠤᠲᠠ ᠶᠢᠨ ᠲᠣᠰ ᠱᠠᠲᠤᠨ ᠤ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠲᠤ | ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠣᠯᠭᠤᠭᠰᠠᠨ ᠬᠥᠮᠥᠨ ᠤ ᠲᠤᠭ᠎ᠠ 13.54 ᠲᠦᠮᠡ ᠳᠤ ᠬᠦᠷᠴᠦ᠂ | ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠣᠯᠭᠤᠭᠰᠠᠨ ᠨᠣᠷᠮ᠎ᠠ 53.46% ᠬᠦᠷᠴᠡᠢ᠃ ᠤᠯᠤᠰ ᠪᠠ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠨᠠᠰᠤᠵᠢᠯ ᠤᠨ ᠠᠰᠠᠷᠠᠮᠵᠢ ᠶᠢᠨ ᠮᠥᠩᠭᠦ | ᠣᠯᠭᠤᠬᠤ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠮᠠᠨ ᠤ ᠬᠤᠲᠠ 9ᠳ᠋ᠤᠭᠡᠷ | ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠵᠤ ᠠᠬᠤᠶᠢᠯᠠᠯ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠣᠯᠭᠤᠬᠤ ᠶᠢ ᠪᠥᠬᠦ ᠲᠠᠯ᠎ᠠ ᠪᠠᠷ ᠬᠡᠷᠡᠭᠵᠢᠬᠦᠯᠦᠨ᠎ᠡ᠃ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ | ᠨᠡᠶᠢᠭᠡᠮ ᠤᠨ ᠲᠠᠭᠠᠳᠬᠠᠯ ᠤᠨ ᠠᠵᠢᠯ ᠦᠢᠯᠡᠰ ᠤᠨ ᠦᠢᠯᠡᠴᠢᠯᠡᠭᠡᠨ ᠤ ᠲᠥᠪ ᠤᠨ ᠬᠤᠯᠪᠤᠭᠳᠠᠯ ᠪᠦᠬᠦᠢ | ᠬᠠᠷᠢᠭᠤᠴᠠᠯᠭᠠᠳᠠᠨ ᠤ ᠲᠠᠨᠢᠯᠴᠠᠭᠤᠯᠬᠤ ᠪᠠᠷ᠂ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠲᠣᠭᠠᠴᠢᠯᠠᠭᠰᠠᠨ | ᠬᠠᠮᠢᠶᠠᠷᠤᠯᠲᠠ ᠶᠢᠨ ᠦᠢᠯᠡᠴᠢᠯᠡᠭᠡᠨ ᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ᠂ | ᠮᠠᠨ ᠤ ᠬᠤᠲᠠ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠲᠤᠯᠭᠠᠭᠤᠷᠢᠯᠠᠭᠰᠠᠨ ︽ ᠪᠦᠷᠢᠨ ᠴᠢᠳᠠᠮᠵᠢᠲᠦ ᠺᠠᠷᠲ︾ | ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠵᠠᠭᠪᠤᠷ ᠢ ᠲᠦᠷᠭᠡᠪᠴᠢᠯᠡᠨ ᠪᠠᠶᠢᠭᠤᠯᠵᠤ᠂ ᠪᠥᠬᠦ ᠬᠤᠲᠠ ᠶᠢᠨ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠵᠦ | ᠪᠠᠶᠢᠭ᠎ᠠ ᠠᠵᠢᠯ ᠠᠴᠠ ᠪᠠᠨ ᠪᠠᠭᠤᠵᠤ ᠠᠮᠠᠷᠠᠭᠰᠠᠳ᠂ ᠨᠥᠭᠴᠢᠭᠰᠡᠳ ᠤᠨ ᠭᠡᠷ ᠪᠦᠯᠢ ᠶᠢᠨ ᠬᠦᠴᠢᠷᠳᠡᠯ ᠤᠨ | ᠨᠥᠬᠦᠪᠦᠷᠢ ᠭᠥᠷᠳᠡᠵᠦ ᠪᠠᠶᠢᠭ᠎ᠠ ᠨᠥᠭᠴᠢᠭᠰᠡᠳ ᠤᠨ ᠭᠡᠷ ᠪᠦᠯᠢ ᠶᠢᠨ ᠬᠢᠨ ᠳᠤ 9 ᠳ᠋ᠤᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠠᠷᠠᠭᠠᠯᠵᠠᠯ ᠣᠯᠭᠤᠬᠤ ᠶᠢ ᠪᠦᠬᠦ ᠲᠠᠯ᠎ᠠ ᠪᠠᠷ ᠬᠡᠷᠡᠭᠵᠢᠬᠦᠯᠦᠨ᠎ᠡ᠃ ᠬᠤᠶᠠᠳᠤᠭᠠᠷ ᠦᠶ᠎ᠡ ᠶᠢᠨ | ᠨᠡᠶᠢᠭᠡᠮ ᠤᠨ ᠪᠠᠲᠤᠯᠠᠭ᠎ᠠ ᠶᠢᠨ ᠺᠠᠷᠲ᠂ ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ | ᠬᠥᠮᠥᠰ ᠭᠤᠶᠤᠴᠢᠯᠠᠨ ᠠᠪᠤᠭᠰᠠᠨ ᠪᠠᠩᠬᠢ ᠳᠤ ᠪᠠᠨ ᠣᠴᠢᠵᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠴᠢᠳᠠᠮᠵᠢ ᠶᠢ ᠨᠡᠭᠡᠭᠡᠪᠡᠯ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠠᠩᠬᠢ ᠶᠢᠨ ᠴᠢᠳᠠᠮᠵᠢ ᠶᠢ ᠬᠡᠪ ᠤᠨ ᠮᠠᠶ᠋ᠢᠭ ᠢᠶᠠᠷ | ᠬᠡᠷᠡᠭᠯᠡᠵᠦ ᠪᠣᠯᠤᠨ᠎ᠠ᠃ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠪᠣᠯᠤᠭᠰᠠᠨ | ᠳᠠᠭᠠᠳᠬᠠᠯ ᠳᠤ ᠣᠷᠣᠯᠴᠠᠭᠰᠠᠳ ᠶᠠᠮᠠᠷᠪᠠ ᠨᠢᠭᠡᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠦᠢᠯᠡᠴᠢᠯᠡᠭᠡ ᠲᠠᠢ | ᠪᠠᠩᠬᠢ ᠶᠢᠨ ᠲᠣᠣᠷ ᠴᠡᠭ ᠲᠤ ᠬᠦᠷᠴᠦ ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠰᠣᠯᠢᠵᠤ | ᠠᠪᠴᠤ ᠪᠣᠯᠣᠨ᠎ᠠ᠃ | ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠠᠷᠠᠭᠠᠯᠵᠠᠯ ᠣᠯᠭᠤᠬᠤ ᠶᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠬᠤᠲᠠ ᠶᠢᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠵᠠᠪᠰᠠᠷ ᠦᠭᠡᠢ | ᠵᠣᠯᠭᠠᠭᠤᠯᠵᠤ᠂ ᠪᠠᠩᠬᠢ ᠪᠠᠷ ᠰᠣᠯᠢᠬᠤ︾ ᠠᠷᠭ᠎ᠠ ᠮᠠᠶ᠋ᠢᠭ ᠢ ᠠᠪᠴᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ | ᠰᠣᠯᠢᠬᠤᠠᠵᠢᠯ ᠢ ᠲᠦᠯᠦᠪᠯᠡᠭᠡ ᠲᠠᠢ ᠠᠯᠬᠤᠮ ᠳᠠᠷᠠᠭ᠎ᠠ ᠲᠠᠢ ᠶᠠᠪᠤᠭᠳᠠᠭᠤᠯᠤᠨ᠎ᠠ᠃ ᠡᠭᠦᠨ ᠤ ᠬᠠᠮᠲᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠣᠷᠣᠯᠠᠨ ᠲᠠᠷᠬᠠᠭᠠᠬᠤ ᠡᠯ᠎ᠡ ᠪᠠᠩᠬᠢ ᠶᠢᠨ ᠪᠠᠶᠢᠭᠤᠯᠤᠮᠵᠢ ᠶᠢ ᠢᠳᠡᠪᠬᠢᠲᠡᠢ ᠪᠠᠷ | ᠵᠣᠬᠢᠴᠠᠭᠤᠯᠵᠤ ᠪᠠᠶᠢᠭᠠᠳ ᠣᠬᠤᠷ ᠮᠡᠳᠡᠭᠡ ᠪᠤᠶᠤ ᠤᠲᠠᠰᠤ ᠵᠡᠷᠭᠡ ᠬᠡᠯᠪᠡᠷᠢ ᠪᠠᠷ ᠬᠡᠷᠡᠭᠯᠡᠭᠴᠢ ᠨᠢᠭᠡᠪᠦᠷᠢ ᠳᠤ | ᠮᠡᠳᠡᠭᠳᠡᠵᠦ᠂ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠨᠢᠭᠡᠪᠦᠷᠢ ᠶᠢᠨ ᠨᠡᠶᠢᠭᠡᠮ ᠤᠨ | ᠪᠠᠲᠤᠯᠠᠭ᠎ᠠ ᠶᠢᠨ ᠺᠠᠷᠲ ᠢᠶᠠᠷ ᠰᠣᠯᠢᠬᠤ ᠴᠠᠭ ᠢ ᠣᠯᠵᠤ ᠮᠡᠳᠡᠬᠦ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ | ᠠᠵᠢᠯ ᠠᠴᠠ ᠪᠠᠨ ᠪᠠᠭᠤᠵᠤ ᠠᠮᠠᠷᠠᠭᠰᠠᠳ ᠴᠠᠭ ᠲᠠᠭᠠᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠠᠩᠬᠢ ᠶᠢᠨ | ᠲᠣᠣᠷ ᠴᠡᠭ ᠲᠤ ᠬᠦᠷᠴᠦ ᠨᠠᠰᠤᠵᠢᠯ ᠤᠨ ᠠᠰᠠᠷᠠᠮᠵᠢ ᠶᠢᠨ ᠮᠥᠩᠭᠦ ᠪᠠᠨ ᠣᠯᠵᠤ ᠴᠢᠳᠠᠬᠤ ᠶᠢ ᠪᠠᠲᠤᠯᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠺᠠᠷᠲ ᠰᠣᠯᠢᠭᠰᠠᠨ ᠠᠴᠠ ᠪᠣᠯᠵᠤ ᠨᠠᠰᠤᠵᠢᠯ ᠤᠨ ᠠᠰᠠᠷᠠᠮᠵᠢ ᠶᠢᠨ ᠮᠥᠩᠭᠦ ᠪᠠᠨ ᠴᠠᠭ | ᠲᠤᠬᠠᠢ ᠳᠤᠨᠢ ᠠᠪᠴᠤ ᠳᠡᠶᠢᠯᠦᠭᠰᠡᠨ ᠦᠭᠡᠢ ᠮᠥᠷᠲᠡᠭᠡᠨ ᠣᠳᠣᠬᠠᠨ ᠳᠤ ᠬᠥᠬᠡᠬᠤᠲᠠ ᠳᠤ ᠰᠠᠭᠤᠵᠤ ᠪᠠᠶᠢᠬᠤ ᠦᠭᠡᠢ | ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠲᠤ᠂ ᠬᠤᠲᠠ ᠶᠢᠨ ᠨᠡᠶᠢᠭᠡᠮ ᠤᠨ ᠳᠠᠭᠠᠳᠬᠠᠯ ᠤᠨ | ᠦᠢᠯᠡᠰ ᠤᠨ ᠦᠢᠯᠡᠴᠢᠯᠡᠭᠡᠨ ᠤ ᠲᠥᠪ ᠤᠨ ᠠᠵᠢᠯᠲᠠᠨ ᠲᠡᠷᠡ ᠳᠠᠷᠤᠢ ᠳᠤᠨᠢ ᠬᠤᠯᠪᠣᠭᠳᠠᠯ ᠪᠦᠬᠦᠢ ᠬᠥᠮᠥᠰ ᠲᠠᠢ | ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠬᠤᠯᠪᠣᠭᠳᠠᠯ ᠪᠦᠬᠦᠢ ᠬᠠᠷᠠᠭᠠᠯᠵᠠᠯ ᠤᠨ ᠮᠡᠳᠡᠭᠡ ᠵᠠᠩᠭᠢ ᠶᠢ ᠤᠲᠠᠰᠤ ᠪᠠᠷ | ᠬᠢᠨᠠᠨ ᠬᠠᠷᠭᠤᠭᠤᠯᠤᠭᠰᠠᠨ ᠤ ᠳᠠᠷᠠᠭ᠎ᠠ᠂ ᠨᠠᠰᠤᠵᠢᠯ ᠤᠨ ᠠᠰᠠᠷᠠᠮᠵᠢ ᠶᠢᠨ ᠮᠦᠩᠭᠦ ᠲᠠᠷᠬᠠᠭᠠᠬᠤ ᠶᠢ ᠬᠡᠪ ᠤᠨ ᠶᠤᠰᠤᠭᠠᠷ | ᠬᠦᠢᠴᠡᠳᠬᠡᠨ᠎ᠡ᠃ | |