︵ᠰᠤᠷᠪᠤᠯᠵᠢᠯᠠᠭᠴᠢ ᠯᠢᠦᠢ ᠬᠤᠢ ᠱᠧᠩ︶ 5 ᠳ᠋ᠤᠭᠠᠷ ᠰᠠᠷ᠎ᠠ ᠶᠢᠨ 24 ᠤ ᠡᠳᠦᠷ᠂ ᠬᠤᠳᠠ ᠶᠢᠨ | ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠠᠴᠠ ᠭᠤᠣᠯᠯᠠᠨ ᠡᠷᠬᠢᠯᠡᠵᠦ᠂ ᠵᠤᠤ ᠵᠢᠶᠦ᠋ᠨ | ᠮᠦᠽᠧᠢ ᠠᠴᠠ ᠳᠠᠭᠠᠭᠠᠴᠢᠯᠠᠨ ᠡᠷᠬᠢᠯᠡᠭᠰᠡᠡ 2023 ᠣᠨ ᠤ ᠪᠦᠬᠦ ᠬᠤᠳᠠ ᠶᠢᠨ ᠬᠤᠶᠠᠳᠤᠭᠠᠷ ᠤᠯᠠᠷᠢᠯ ᠤᠨ | ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠪᠯᠡᠷᠡᠭᠦᠯᠦᠭᠰᠡᠨ ᠠᠵᠢᠯᠯᠠᠭ᠎ᠠ ᠵᠤᠤ ᠵᠢᠶᠦ᠋ᠨ ᠮᠦᠽᠧᠢ ᠳᠤ | ᠡᠬᠢᠯᠡᠪᠡ᠃ | ᠲᠣᠰ ᠤᠳᠠᠭᠠᠨ ᠤ ᠠᠵᠢᠯᠯᠠᠭ᠎ᠠ ᠨᠢ ︽︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠵᠤ᠂ ︿ᠵᠢᠱᠢᠶᠡᠴᠢ | ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ᠂ | ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠳᠤᠭᠤᠨ ᠤ ᠰᠤᠳᠤᠯᠤᠯ ᠤᠨ ᠬᠡᠯᠲᠡᠰ ᠤᠨ | ᠪᠠᠭᠰᠢ᠂ ᠬᠥᠬᠡᠬᠤᠲᠠ ᠶᠢᠨ ᠭᠦᠨ ᠤᠬᠠᠭᠠᠨ ᠤ ᠨᠡᠶᠢᠭᠡᠮᠯᠢᠭ ᠤᠨ ᠠᠯᠪᠠᠨ ᠭᠡᠷ ᠤᠨ ᠡᠷᠬᠢᠯᠡᠭᠴᠢ ᠳ᠋ᠧᠩ ᠴᠢᠩ ᠨᠠᠨ ᠢ | ᠤᠷᠢᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠰᠦᠷᠯᠢᠭ ᠰᠠᠶᠢᠬᠠᠨ ᠵᠢᠷᠤᠭ ᠢ | ᠬᠠᠮᠲᠤ ᠪᠠᠷ ᠵᠢᠷᠤᠭᠯᠠᠶ᠎ᠠ︾ ᠭᠡᠬᠦ ᠭᠤᠣᠯ ᠰᠡᠳᠦᠪᠲᠦ ᠲᠠᠶᠢᠯᠤᠮᠵᠢ ᠬᠢᠯᠭᠡᠵᠡᠢ᠃ | ᠳ᠋ᠧᠩ ᠴᠢᠩ ᠨᠠᠨ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠣᠭᠴᠠᠵᠢᠭᠰᠠᠨ ᠦᠨᠳᠦᠰᠦᠨ | ᠤᠯᠤᠰ ᠤᠨ ᠪᠠᠶᠢᠳᠠᠯ ᠢ ᠭᠦᠨᠵᠡᠭᠡᠢ ᠡᠵᠡᠮᠳᠡᠬᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ | ᠠᠭᠤᠤ ᠶᠡᠭᠡ ᠠᠮᠵᠢᠯᠲᠠ ᠶᠢ ᠪᠦᠬᠦ ᠲᠠᠯ᠎ᠠ ᠪᠠᠷ ᠲᠠᠨᠢᠬᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠲᠠᠯ᠎ᠠ ᠠᠴᠠ ᠬᠤᠷᠠᠯ ᠳᠤ ᠣᠷᠣᠯᠴᠠᠭᠰᠠᠳ ᠲᠤ | ᠲᠠᠶᠢᠯᠤᠮᠵᠢ ᠬᠢᠵᠦ᠂ ᠲᠠᠶᠢᠯᠤᠮᠵᠢ ᠶᠢᠨ ᠰᠢᠵᠢᠮ ᠨᠢ ᠲᠣᠳᠣᠷᠬᠠᠢ᠂ ᠵᠠᠳᠠᠯᠤᠯᠲᠠ ᠨᠢ ᠲᠤᠤᠱᠲᠠᠢ ᠪᠠᠶᠢᠵᠤ᠂ ᠬᠤᠷᠠᠯ ᠳᠤ | ᠣᠷᠣᠯᠴᠠᠭᠰᠠᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠲᠦᠮᠵᠢᠲᠡᠢ | ᠪᠠᠲᠤᠳᠬᠠᠬᠤ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠦᠵᠡᠭᠦᠯᠵᠡᠢ᠃ | ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ᠂ ᠵᠣᠣ ᠵᠢᠶᠦ᠋ᠨ ᠮᠦᠽᠧᠢ ᠶᠢᠨ | ᠨᠠᠮ ᠤᠨ ᠭᠡᠰᠢᠭᠦᠨ ᠺᠠᠳ᠋ᠷ᠂ ᠬᠤᠲᠠ ᠶᠢᠨ ᠬᠠᠷᠢᠶ᠎ᠠ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ | ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠵᠣᠣ ᠵᠢᠶᠦ᠋ᠨ ᠮᠦᠽᠧᠢ ᠶᠢ ᠬᠠᠮᠲᠤ ᠪᠠᠶᠢᠭᠤᠯᠬᠤ ᠨᠢᠭᠡᠴᠡ ᠶᠢᠨ | ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃ | |