ᠬᠤᠷᠢᠨᠭᠡᠷ ᠤᠨ ᠠᠷᠪᠠᠨ ᠳᠥᠷᠪᠡᠳᠦᠭᠡᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ 6 ᠳ᠋ᠤᠭᠠᠷ ᠰᠠᠷ᠎ᠠ ᠶᠢᠨ 2 ᠤᠨ ᠡᠳᠦᠷ  ᠡᠬᠢᠯᠡᠨ᠎ᠡ ︱ ᠠᠷᠪᠠ ᠭᠠᠷᠤᠢ ᠭᠤᠴᠣ ᠰᠠᠶᠢᠬᠠᠨ ᠵᠤᠭ᠎ᠠ ᠴᠡᠩᠭᠡᠯ ᠤᠨ ᠰᠣᠶᠣᠯ ᠤᠨ ᠠᠵᠢᠯᠯᠠᠭ᠎ᠠ ᠳᠠᠭᠠᠨ ᠲᠠᠨ ᠢ ᠣᠷᠢᠵᠤ ᠪᠠᠶᠢᠨ᠎ᠠ 
ᠨᠡᠶᠢᠲᠡᠯᠡᠭᠰᠡᠨ ᠴᠠᠭ᠄
2023/5/26
     5 ᠳ᠋ᠤᠭᠠᠷ ᠰᠠᠷ᠎ᠠ ᠶᠢᠨ 24 ᠤ ᠡᠳᠦᠷ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ 2023 ᠣᠨ ᠤ ᠥᠪᠥᠷ ᠮᠣᠩᠭᠤᠯ ᠤᠨ  ᠬᠤᠷᠢᠨᠭᠡᠷ ᠤᠨ ᠠᠷᠪᠠᠨ ᠳᠥᠷᠪᠡᠳᠦᠭᠡᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠪᠠᠶᠠᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ  ᠣᠶᠢᠯᠠᠭᠠᠭᠰᠠᠨ  ᠢᠶᠠᠷ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠬᠤᠷᠢᠨᠭᠡᠷ ᠰᠢᠶᠠᠨ ᠤ  ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠨᠢᠭᠡᠴᠡ ᠠᠴᠠ ᠳᠠᠭᠠᠭᠠᠴᠢᠯᠠᠨ ᠡᠷᠭᠢᠯᠡᠭᠰᠡᠨ ᠥᠪᠥᠷ ᠮᠣᠩᠭᠤᠯ ᠤᠨ ᠬᠤᠷᠢᠨᠭᠡᠷ ᠤᠨ ᠠᠷᠪᠠᠨ  ᠳᠥᠷᠪᠡᠳᠦᠭᠡᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ 6 ᠳ᠋ᠤᠭᠠᠷ ᠰᠠᠷ᠎ᠠ ᠶᠢᠨ 2 ᠤᠨ ᠡᠳᠦᠷ ᠬᠤᠷᠢᠨᠭᠡᠷ ᠰᠢᠶᠠᠨ ᠤ ᠡᠮᠦᠨ᠎ᠡ  ᠠᠭᠤᠯᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠡᠬᠢᠯᠡᠬᠦ ᠪᠠᠷ ᠪᠠᠶᠢᠨ᠎ᠠ᠃       ᠲᠠᠨᠢᠯᠴᠠᠭᠤᠯᠤᠭᠰᠠᠨ ᠢᠶᠠᠷ᠂ ᠲᠤᠰ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠤᠨ ᠠᠵᠢᠯᠯᠠᠭ᠎ᠠ ᠶᠢᠨ ᠭᠤᠣᠯ ᠰᠡᠳᠦᠪ ᠪᠣᠯ ︽ ᠴᠡᠴᠡᠭ ᠤᠨ ᠳᠠᠯᠠᠢ ᠱᠧᠩ ᠯᠧ᠂ ᠴᠡᠩᠬᠡᠯ ᠤᠨ ᠳᠠᠯᠠᠢ ᠬᠤᠷᠢᠨᠭᠡᠷ︾ ᠪᠣᠯᠣᠨ᠎ᠠ᠂ ᠡᠨᠡ ᠪᠣᠯ ᠤᠯᠤᠰ ᠤᠨ ᠳᠣᠲᠣᠭᠠᠳᠤ ᠶᠢᠨ ᠨᠡᠷᠡᠲᠦ ᠵᠢᠭᠤᠯᠴᠢᠯᠠᠯ ᠤᠨ ᠰᠣᠳᠤᠨ  ᠭᠠᠵᠠᠷ ᠢ ᠬᠦᠴᠦᠯᠡᠨ ᠪᠤᠶ ᠪᠣᠯᠭᠠᠬᠤ ᠶᠢᠨ ᠲᠥᠯᠥᠭᠡ ᠨᠠᠷᠢᠨ ᠨᠢᠮᠪᠠᠢ ᠤᠬᠠᠭᠠᠯᠠᠨ ᠰᠡᠳᠦᠭᠰᠡᠨ ᠨᠢᠭᠡᠨ ᠴᠢᠬᠤᠯᠠ ᠰᠣᠶᠣᠯ ᠵᠢᠭᠤᠯᠴᠢᠯᠠᠯ ᠤᠨ ᠠᠵᠢᠯᠯᠠᠭ᠎ᠠ  ᠪᠣᠯᠣᠨ᠎ᠠ᠃ ᠣᠶᠢᠷ᠎ᠠ ᠶᠢᠨ ᠵᠢᠯ ᠠᠴᠠ ᠨᠠᠰᠢ᠂ ᠬᠤᠷᠢᠨᠭᠡᠷ ᠰᠢᠶᠠᠨ ᠪᠦᠬᠦ ᠣᠷᠣᠨ ᠪᠦᠰᠡ᠂ ᠪᠦᠬᠦ ᠤᠯᠠᠷᠢᠯ᠂ ᠪᠦᠬᠦ ᠠᠵᠢᠯ ᠲᠦᠷᠦᠯ ᠤᠨ ᠵᠢᠭᠤᠯᠴᠢᠯᠠᠯ ᠤᠨ  ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠥᠪᠡᠷᠮᠢᠴᠡ ᠣᠨᠴᠠᠯᠢᠭ ᠲᠠᠢ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ᠂ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠦᠵᠡᠮᠵᠢ᠂ ᠭᠦᠨ ᠵᠤᠵᠠᠭᠠᠨ ᠲᠡᠦᠬᠡ ᠰᠣᠶᠣᠯ ᠤᠨ ᠠᠭᠤᠯᠤᠭᠳᠠᠬᠤᠨ ᠪᠣᠯᠣᠨ ᠡᠯᠪᠡᠭ ᠪᠠᠶᠠᠯᠢᠭ ᠤᠯᠠᠨ  ᠶᠠᠩᠵᠤ ᠶᠢᠨ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠡᠢ᠃ ᠴᠠᠨ᠎ᠠ ᠴᠡᠴᠡᠭ ᠪᠣᠯ  ᠳᠤᠮᠳᠠᠳᠤ ᠤᠯᠤᠰ ᠤᠨ ᠵᠢᠷᠭᠤᠭᠠᠨ ᠲᠣᠮᠣ ᠨᠠᠷᠠᠲᠤ ᠴᠡᠴᠡᠭ ᠤᠨ ᠨᠢᠭᠡ᠂ ᠥᠪᠥᠷ ᠮᠣᠩᠭᠤᠯ ᠪᠣᠯ ᠴᠠᠨ᠎ᠠ ᠴᠡᠴᠡᠭ ᠤᠨ ᠤᠤᠯ ᠭᠠᠷᠤᠯᠲᠠ ᠶᠢᠨ ᠭᠠᠵᠠᠷ᠂  ᠬᠤᠷᠢᠨᠭᠡᠷ ᠰᠢᠶᠠᠨ ᠳᠤ ᠠᠯᠢ ᠡᠷᠲᠡ ᠠᠴᠠ ᠴᠠᠨ᠎ᠠ  ᠴᠡᠴᠡᠭ ᠢᠶᠠᠷ ᠨᠡᠷᠡᠶᠢᠳᠦᠭᠰᠡᠨ ︽ᠶᠡᠭᠡ ᠪᠠᠭ᠎ᠠ ᠴᠠᠨ᠎ᠠ ᠴᠡᠴᠡᠭ ᠤᠨ ᠭᠤᠸ︾ ᠵᠡᠷᠭᠡ ᠠᠶᠢᠯ ᠲᠣᠰᠬᠤᠨ  ᠪᠠᠶᠢᠳᠠᠭ᠃ ᠬᠤᠷᠢᠨᠭᠡᠷ ᠤᠨ ᠡᠮᠦᠨ᠎ᠡ ᠠᠭᠤᠯᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ 550 ᠮᠦ ᠰᠢᠬᠠᠮ  ᠴᠠᠨ᠎ᠠ ᠴᠡᠴᠡᠭ ᠲᠠᠷᠢᠵᠤ᠂ 120  ᠭᠠᠷᠤᠢ  ᠴᠠᠨ᠎ᠠ ᠴᠡᠴᠡᠭ ᠤᠨ ᠰᠢᠨ᠎ᠡ ᠲᠦᠷᠦᠯ ᠵᠦᠢᠯ ᠢ ᠣᠷᠣᠭᠤᠯᠪᠠ᠂ ᠡᠭᠦᠨ ᠳᠤ ︽ᠠᠯᠳᠠᠨ ᠪᠦᠰᠡᠯᠡᠭᠦᠷ︾᠂ ︽ᠡᠩᠭᠡᠰᠬᠡᠨ ᠬᠠᠰ︾  ᠵᠡᠷᠭᠡ ᠬᠤᠪᠣᠷ  ᠴᠤᠬᠠᠭ ᠲᠦᠷᠦᠯ ᠵᠦᠢᠯ ᠤᠯᠠᠨ ᠪᠤᠢ᠃              ᠵᠢᠯ ᠪᠦᠷᠢ ᠶᠢᠨ 5 ᠳ᠋ᠤᠭᠠᠷ ᠰᠠᠷ᠎ᠠ ᠶᠢᠨ ᠰᠡᠭᠦᠯᠴᠢ ᠠᠴᠠ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠴᠠᠨ᠎ᠠ ᠴᠡᠴᠡᠭ ᠥᠩᠭᠡ ᠪᠤᠯᠢᠶᠠᠯᠳᠤᠨ  ᠳᠡᠯᠭᠡᠷᠡᠵᠦ᠂ ᠡᠨᠡ ᠦᠶ᠎ᠡ ᠪᠣᠯ ᠴᠠᠨ᠎ᠠ ᠴᠡᠴᠡᠭ ᠰᠣᠨᠢᠷᠬᠠᠬᠤ ᠬᠠᠮᠤᠭ ᠤᠨ ᠰᠠᠶᠢᠨ ᠴᠠᠭ ᠶᠤᠮ᠃ ᠬᠤᠷᠢᠨᠭᠡᠷ ᠰᠢᠶᠠᠨ ᠤ ᠬᠢᠨ ᠴᠡᠴᠡᠭ ᠢᠶᠠᠷ ᠵᠠᠭᠤᠴᠢᠯᠠᠭᠤᠷ  ᠪᠣᠯᠭᠠᠵᠤ᠂ ᠠᠷᠪᠠᠨ ᠭᠤᠷᠪᠠᠨ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠢ ᠠᠮᠵᠢᠯᠲᠠ ᠲᠠᠢ ᠡᠷᠬᠢᠯᠡᠵᠦ᠂ ᠨᠡᠯᠢᠶᠡᠳ ᠥᠨᠳᠥᠷ  ᠠᠯᠳᠠᠷᠰᠢᠯ ᠲᠠᠢ ᠪᠥᠭᠡᠳ ᠨᠥᠯᠥᠭᠡᠯᠡᠬᠦ ᠬᠦᠴᠦᠨ ᠲᠠᠢ ︽ᠬᠡᠭᠡᠷ᠎ᠡ ᠶᠢᠨ ᠵᠢᠭᠤᠯᠴᠢᠯᠠᠯ ᠤᠨ ᠦᠵᠡᠮᠵᠢᠲᠦ ᠭᠠᠵᠠᠷ  ᠂ ᠴᠡᠴᠡᠭ ᠤᠨ ᠲᠠᠯᠠᠢ ᠬᠤᠷᠢᠨᠭᠡᠷ︾ ᠠᠮᠢ  ᠠᠬᠤᠢ ᠶᠢᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠴᠦ᠂ ᠬᠤᠷᠢᠨᠭᠡᠷ ᠤᠨ ᠠᠵᠤ ᠠᠬᠤᠢ ᠶᠢᠨ ᠬᠥᠭᠵᠢᠯᠲᠡ ᠶᠢᠨ ᠦᠪᠡᠳᠡᠭᠰᠢ ᠨᠠᠶᠢᠷ᠂  ᠬᠤᠳᠠ ᠶᠢᠨ ᠳᠦᠷᠢ ᠲᠥᠷᠬᠦ ᠶᠢᠨ ᠴᠣᠩᠬᠤ᠂ ᠠᠮᠢ ᠠᠬᠤᠢ ᠶᠢᠨ ᠰᠣᠶᠣᠯ ᠤᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃            ᠲᠣᠰ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠨᠢ ᠮᠥᠨ ᠬᠦ ︽ᠬᠤᠲᠠ ᠶᠢᠨ ᠲᠡᠭᠦᠷᠭᠡ ᠳᠤ ᠴᠡᠴᠡᠭ ᠰᠣᠨᠢᠷᠬᠠᠬᠤ  ᠲᠦᠷᠦᠯ ᠲᠡᠮᠳᠡᠭ︾ ᠢᠶᠠᠷ ᠭᠤᠣᠯᠯᠠᠭᠤᠯᠵᠤ᠂ ᠴᠡᠴᠡᠭ ᠰᠣᠨᠢᠷᠬᠠᠬᠤ ᠠᠵᠢᠯᠯᠠᠭ᠎ᠠ ᠪᠠᠷ ᠭᠤᠣᠯ ᠰᠢᠵᠢᠮ ᠪᠣᠯᠭᠠᠵᠤ᠂ ᠵᠢᠭᠤᠯᠴᠢᠯᠠᠭᠰᠠᠳ ᠴᠠᠨ᠎ᠠ ᠴᠡᠴᠡᠭ ᠤᠨ  ᠲᠡᠯᠡᠶ ᠳᠤ ᠡᠶᠡᠪᠡᠷᠭᠦᠸ ᠨᠡᠷᠡᠨ ᠳᠤ ᠡᠭᠡᠭᠡᠵᠦ᠂ ᠮᠣᠷᠤᠯᠵᠠᠨ ᠵᠠᠯᠭᠠᠯᠳᠤᠭᠰᠠᠨ ᠴᠡᠴᠡᠷᠯᠢᠭ ᠤᠨ ᠵᠥᠷᠢᠭ ᠵᠠᠮ ᠢᠶᠠᠷ ᠠᠯᠬᠤᠯᠠᠨ᠂ ᠰᠢᠪᠠᠭᠤᠳ ᠤᠨ ᠵᠢᠷᠭᠢᠭᠡᠨ  ᠴᠡᠴᠡᠭ ᠤᠨ ᠭᠠᠩᠬᠤᠭᠠᠨ ᠳᠤ ᠰᠣᠭᠳᠤᠭᠤᠷᠠᠨ᠂ ᠡᠮᠦᠨ᠎ᠡ ᠠᠭᠤᠯᠠ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ  ᠰᠣᠨᠢᠷᠬᠠᠵᠣ ᠪᠣᠯᠤᠨ᠎ᠠ᠃ ᠠᠵᠢᠯᠯᠠᠭ᠎ᠠ ᠨᠢ  ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠰᠣᠶᠣᠯ ᠤᠨ ᠰᠣᠯᠢᠯᠴᠠᠭ᠎ᠠ᠂ ᠬᠠᠷᠢᠯᠴᠠᠨ ᠠᠭᠤᠰᠤᠯᠴᠠᠭᠰᠠᠨ ᠬᠥᠭᠵᠢᠯᠲᠡ᠂  ᠲᠦᠷᠦᠯ ᠲᠡᠮᠳᠡᠭᠲᠦ ᠶᠢᠨ  ᠳᠡᠯᠭᠡᠷᠡᠭᠦᠯᠦᠯᠲᠡ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ᠂ ᠢᠳᠡᠵᠦ ᠤᠤᠭᠤᠬᠤ ᠪᠠᠷᠠᠭ᠎ᠠ ᠬᠤᠳᠠᠯᠳᠤᠨ ᠠᠪᠬᠤ ᠵᠤᠭᠠᠯᠠᠵᠤ ᠨᠠᠭᠠᠳᠬᠤ ᠵᠡᠷᠭᠡ ᠣᠯᠠᠨ  ᠬᠦᠷᠢᠶ᠎ᠡ ᠶᠢ ᠬᠠᠮᠤᠷᠴᠤ᠂ ᠪᠠᠰᠠ ︽ᠬᠤᠸᠠᠷ ᠫᠤᠤᠵᠢᠩ ᠤᠨ ᠦᠵᠡᠭᠦᠯᠦᠯᠭᠡ︾ ︽ᠬᠡᠷᠡᠯ ᠰᠡᠭᠦᠳᠡᠷ ᠤᠨ ᠦᠵᠡᠭᠦᠯᠦᠯᠭᠡ︾ ᠵᠡᠷᠭᠡ ᠠᠭᠤᠯᠭ᠎ᠠ ᠶᠢ ᠴᠦ   ᠲᠣᠬᠢᠷᠠᠭᠤᠯᠵᠤ᠂ ᠣᠯᠠᠨ ᠲᠦᠮᠡᠨ ᠳᠤ ᠴᠣ ᠰᠢᠨ᠎ᠡ ᠬᠦᠷᠲᠡᠭᠡᠯ ᠣᠯᠭᠤᠬᠤ ᠪᠣᠯᠣᠨ᠎ᠠ᠃  
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号