ᠬᠤᠷᠢᠨᠭᠡᠷ ᠰᠢᠶᠠᠨ ᠤ ᠴᠧᠩ ᠭᠤᠸᠠᠨ ᠪᠠᠯᠭᠠᠰᠤᠨ ᠤ 2023 ᠣᠨ ᠤ ︽ᠬᠠᠮᠤᠭ ᠤᠨ ᠭᠤᠶᠣ ᠬᠡᠷ ᠪᠦᠯᠢ︾ ︽ᠬᠠᠮᠤᠭ ᠤᠨ ᠭᠤᠶᠣ ᠬᠠᠳᠠᠮ ᠡᠵᠢ︾ ︽ᠬᠠᠮᠤᠭ ᠤᠨ ᠭᠤᠶᠣ ᠪᠡᠷᠢ︾ ᠨᠡᠶᠢᠲᠡᠯᠡᠭᠳᠡᠪᠡ︕
ᠨᠡᠶᠢᠲᠡᠯᠡᠭᠰᠡᠨ ᠴᠠᠭ᠄
2023/5/29
     ᠪᠦᠬᠦ ᠰᠢᠶᠠᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠪᠠᠶᠢᠭ᠎ᠠ ᠴᠢᠬᠤᠯᠠ ᠴᠠᠭ ᠮᠥᠴᠡ ᠳᠤ᠂ ᠶᠡᠷᠦᠩᠬᠡᠶ ᠱᠦᠵᠢ ᠰᠢ ᠶᠢᠨ ᠫᠢᠩ ᠤᠨ ᠡᠮᠡᠭᠲᠡᠶᠢᠴᠦᠳ ᠤᠨ ︽ᠬᠤᠶᠠᠷ ᠥᠪᠡᠷᠮᠢᠴᠡ︾ ᠤᠨ ᠦᠢᠯᠡᠳᠦᠯ ᠢ ᠪᠠᠳᠠᠷᠠᠭᠤᠯᠬᠤ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠭᠦᠨᠵᠡᠭᠡᠶ ᠪᠤᠶᠢᠵᠢᠭᠤᠯᠤᠨ ᠦᠢᠯᠡᠳᠦᠯᠭᠡᠵᠢᠭᠦᠯᠵᠦ᠂ ᠴᠧᠩ ᠭᠤᠸᠠᠨ ᠪᠠᠯᠭᠠᠰᠤᠨ ᠤ ᠥᠷᠭᠡᠨ ᠣᠯᠠᠨ ᠬᠡᠷ ᠪᠦᠯᠢ ᠶᠢ ᠬᠥᠲᠥᠯᠦᠨ ᠵᠢᠯᠣᠭᠤᠳᠴᠤ ᠪᠠᠶᠢᠭᠠᠳ ᠪᠣᠯᠪᠠᠰᠤᠨ ᠰᠢᠨ᠎ᠡ ᠰᠤᠷᠲᠠᠯ ᠢ ᠤᠯᠠᠮ ᠨᠢᠭᠡ ᠠᠯᠬᠤᠮ ᠡᠷᠬᠢᠮᠯᠡᠨ᠂ ᠰᠠᠶᠢᠨ ᠰᠠᠶᠢᠬᠠᠨ ᠬᠡᠷ ᠤᠨ ᠰᠤᠷᠲᠠᠯ ᠢ ᠪᠣᠶ ᠪᠣᠯᠭᠠᠬᠤ ᠶᠢᠨ ᠲᠥᠯᠥᠭᠡ᠂ 5 ᠰᠠᠷ᠎ᠠ ᠶᠢᠨ 26 ᠤ ᠡᠳᠦᠷ᠂ ᠴᠧᠩ ᠭᠤᠸᠠᠨ ᠪᠠᠯᠭᠠᠰᠤᠨ ᠤ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠧᠩ ᠭᠤᠸᠠᠨ ᠪᠠᠯᠭᠠᠰᠤᠨ ᠤ ᠬᠤᠷᠢᠶ᠎ᠠ ᠶᠢᠨ 2023 ᠣᠨ ᠤ ︽ᠬᠠᠮᠤᠭ ᠤᠨ ᠭᠤᠶᠣ ᠬᠡᠷ ᠪᠦᠯᠢ︾᠂ ︽ᠬᠠᠮᠤᠭ ᠤᠨ ᠭᠤᠶᠣ ᠬᠠᠳᠠᠮ ᠡᠵᠢ︾᠂ ︽ᠬᠠᠮᠤᠭ ᠤᠨ ᠭᠤᠶᠣ ᠪᠡᠷᠢ︾ ᠶᠢ ᠨᠡᠶᠢᠲᠡᠯᠡᠬᠦ ᠶᠣᠰᠣᠯᠠᠯ ᠢ ᠡᠷᠭᠢᠯᠡᠪᠡ᠃
     ᠲᠤᠰ ᠤᠳᠠᠭᠠᠨ ᠤ ᠰᠢᠯᠭᠠᠷᠠᠭᠤᠯᠤᠯᠲᠠ ᠳᠤ 3 ᠰᠠᠷ᠎ᠠ ᠶᠢᠨ ᠡᠬᠢ ᠪᠠᠷ ᠡᠯ᠎ᠡ ᠲᠣᠰᠬᠤᠨ᠂ ᠡᠯ᠎ᠡ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠵᠤ ︽︿ᠬᠠᠮᠤᠭ ᠤᠨ ᠭᠤᠶᠣ ᠭᠡᠷ ᠪᠦᠯᠢ﹀᠂ ︿ᠬᠠᠮᠤᠭ ᠤᠨ ᠭᠤᠶᠣ ᠬᠠᠳᠠᠮ ᠡᠵᠢ ﹀᠂ ︿ᠬᠠᠮᠤᠭ ᠤᠨ ᠭᠤᠶᠣ ᠪᠡᠷᠢ﹀ ᠶᠢ ᠲᠠᠨᠢᠯᠴᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠧᠩ ᠭᠤᠸᠠᠨ ᠪᠠᠯᠭᠠᠰᠤᠨ ᠤ ᠬᠤᠷᠢᠶᠠᠨ ᠤ ᠲᠥᠰᠦᠯ︾ ᠶᠣᠰᠣᠭᠠᠷ᠂ ᠲᠣᠰᠬᠤᠨ ᠤ ᠰᠠᠭᠤᠭᠠᠯᠢ ᠠᠷᠠᠳ ᠤᠨ ᠲᠠᠨᠢᠯᠴᠠᠭᠤᠯᠭ᠎ᠠ᠂ ᠲᠣᠰᠬᠤᠨ ︵ᠰᠠᠭᠤᠭᠠᠯᠢ ᠠᠷᠠᠳ︶ ᠤ ︽ᠬᠤᠶᠠᠷ ᠵᠥᠪᠯᠡᠯ︾ ᠤᠨ ᠲᠠᠨᠢᠯᠴᠠᠭᠤᠯᠭ᠎ᠠ ᠪᠠᠷ ᠳᠡᠮᠵᠢᠨ ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠵᠢᠱᠢᠭᠳᠡᠭᠴᠢ ᠶᠢᠨ ᠬᠢᠷᠢ ᠬᠡᠮ ᠢ ᠬᠠᠮᠲᠤᠷᠠᠨ ᠬᠢᠨᠠᠨ ᠪᠠᠶᠢᠴᠠᠭᠠᠬᠤ ᠪᠠᠷ ᠳᠡᠮᠵᠢᠨ᠂ ᠴᠧᠩ ᠭᠤᠸᠠᠨ ᠪᠠᠯᠭᠠᠰᠤᠨ ᠤ ᠨᠠᠮ ᠤᠨ ᠬᠤᠷᠢᠶ᠎ᠠ ᠠᠴᠠ ᠰᠠᠨᠠᠯ ᠨᠢᠭᠡᠲᠡᠶ ᠪᠠᠲᠤᠯᠠᠵᠤ᠂ ᠡᠴᠦᠰ ᠲᠡᠭᠡᠨ 41 ︽ᠬᠠᠮᠤᠭ ᠤᠨ ᠭᠤᠶᠣ ᠬᠡᠷ ᠪᠦᠯᠢ︾᠂ ︽ᠬᠠᠮᠤᠭ ᠤᠨ ᠭᠤᠶᠣ ᠬᠠᠳᠠᠮ ᠡᠵᠢ︾ 36 ᠪᠠᠶᠢᠵᠤ᠂ ︽ᠬᠠᠮᠤᠭ ᠤᠨ ᠭᠤᠶᠣ ᠪᠡᠷᠢ︾ ᠶᠢᠨ 40 ᠲᠥᠯᠥᠭᠡᠯᠡᠭᠴᠢ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠵᠠᠶ᠃ ᠳᠠᠷᠠᠭᠠᠴᠢ ᠶᠢᠨ ᠠᠯᠬᠤᠮ ᠳᠤ᠂ ᠴᠧᠨ ᠭᠤᠸᠠᠨ ᠪᠠᠯᠭᠠᠰᠤ ᠶᠢᠨ ᠬᠢᠨ ᠪᠣᠯᠪᠠᠰᠤᠨ ᠨᠡᠶᠢᠲᠡᠯᠢᠭ  ᠵᠢᠱᠢᠶ᠎ᠡ ᠶᠢ ᠴᠢᠨᠠᠭᠰᠢᠳᠠ ᠠᠭᠤᠳᠠᠯᠵᠤ᠂ ᠡᠯ᠎ᠡ ᠲᠦᠷᠦᠯ ᠤᠨ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠳᠡᠷᠭᠡᠳᠡᠬᠢ ᠨᠡᠶᠢᠲᠡᠯᠢᠭ ᠵᠢᠱᠢᠶ᠎ᠡ᠂ ᠬᠥᠮᠦᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠪᠠᠷ ᠢᠶᠠᠨ ᠬᠥᠮᠦᠰ ᠢ ᠤᠶᠠᠷᠠᠭᠤᠯᠵᠤ᠂ ᠰᠠᠶᠢᠨ ᠰᠠᠶᠢᠬᠠᠨ ᠭᠡᠷ ᠤᠨ ᠰᠤᠷᠲᠠᠯ ᠢᠶᠠᠷ ᠪᠣᠯᠪᠠᠰᠤᠨ ᠨᠤᠲᠤᠭ ᠤᠨ ᠰᠤᠷᠲᠠᠯ ᠢ ᠳᠠᠶᠢᠴᠢᠯᠠᠵᠤ᠂ ᠷᠢᠳᠢ ᠰᠢᠳᠢ ᠲᠠᠢ ᠴᠧᠨ ᠭᠤᠸᠠᠨ ᠢ ᠪᠦᠳᠦᠬᠡᠨ ᠪᠠᠶᠢᠭᠤᠯᠬᠤ ᠳᠤ ᠪᠣᠯᠪᠠᠰᠤᠨ ᠤ ᠬᠦᠴᠦᠨ ᠴᠢᠳᠠᠯ ᠢ ᠨᠡᠮᠡᠷᠢᠯᠡᠨ᠎ᠡ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号