ᠬᠤᠷᠢᠨᠭᠡᠷ ᠰᠢᠶᠠᠨ ᠤ ᠰᠢᠨ᠎ᠡ ᠳᠡᠯᠭᠡᠭᠦᠷ ᠪᠠᠯᠭᠠᠰᠤ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠪᠠ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/29
     ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ 5 ᠰᠠᠷ᠎ᠠ ᠶᠢᠨ 26 ᠤ ᠡᠳᠦᠷ᠂ ᠰᠢᠨ᠎ᠡ ᠳᠡᠯᠭᠡᠭᠦᠷ ᠪᠠᠯᠭᠠᠰᠤ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠪᠠ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠶᠠᠳᠠᠭᠤ ᠶᠢ ᠲᠡᠳᠬᠦᠵᠦ ᠲᠣᠰᠬᠤᠨ ᠢ ᠳᠠᠭᠠᠭᠠᠴᠢᠯᠠᠬᠤ ᠺᠠᠳ᠋ᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠤᠨ ᠪᠥᠬᠦ ᠠᠵᠢᠯᠲᠠᠳ ᠬᠤᠷᠠᠯ ᠳᠤ ᠣᠷᠣᠯᠴᠠᠵᠠᠶ᠃
     ᠬᠤᠷᠠᠯ ᠳᠡᠭᠡᠷ᠎ᠡ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠲᠤᠬᠠᠶ ᠱᠠᠭᠠᠷᠳᠠᠯᠭ᠎ᠠ ᠭᠠᠷᠭᠠᠪᠠ︔ 2023 ᠣᠨ ᠤ ᠬᠤᠶᠠᠳᠤᠭᠠᠷ ᠤᠯᠠᠷᠢᠯ ᠤᠨ ᠪᠠᠶᠢᠴᠠᠭᠠᠨ ᠵᠢᠭᠰᠠᠭᠠᠬᠤ ᠠᠵᠢᠯ ᠤᠨ ᠱᠠᠭᠠᠷᠳᠠᠯᠭ᠎ᠠ ᠶᠢ ᠳᠠᠬᠢᠨ ᠴᠢᠬᠤᠯᠠᠴᠢᠯᠠᠵᠤ ᠳᠠᠬᠢᠨ ᠪᠠᠶᠢᠷᠢᠯᠠᠭᠤᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠲᠠᠢ ᠲᠤᠬᠠᠶ ᠶᠢᠨ ᠲᠠᠯᠠᠪᠤᠷ ᠤᠨ ᠪᠣᠯᠪᠠᠰᠤᠷᠠᠭᠤᠯᠤᠯ ᠳᠤ ᠨᠢᠭᠡᠳ ᠨᠢᠭᠡ ᠪᠠᠷ ᠬᠠᠷᠢᠭᠤᠯᠲᠠ ᠥᠭᠪᠡ︔ ᠡᠭᠦᠨ ᠤ ᠬᠠᠮᠲᠤ ᠤᠢᠢᠷ᠎ᠠ ᠶᠢᠨ ᠬᠤᠭᠤᠴᠠᠭᠠᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠪᠠᠶᠢᠳᠠᠯ ᠳᠤ ᠦᠨᠡᠯᠡᠯᠲᠡ ᠬᠢᠵᠦ᠂ ᠲᠣᠰᠬᠤᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠦᠷᠭᠦᠯᠵᠢᠯᠡᠨ ᠱᠠᠭᠠᠷᠳᠠᠯᠭ᠎ᠠ ᠳᠤᠷᠠᠳᠤᠨ᠎ᠠ᠃ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠬᠦ ᠶᠡᠷᠦᠩᠬᠡᠶ ᠱᠦᠵᠢ᠂ ᠨᠠᠮ ᠤᠨ ᠲᠥᠪ ᠬᠤᠷᠢᠶ᠎ᠠ᠂ ᠮᠤᠵᠢ᠂ ᠬᠤᠲᠠ᠂ ᠰᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠦᠨᠳᠦ ᠶᠡᠭᠡ ᠠᠳᠡᠯ ᠤᠨ ᠬᠡᠮ ᠰᠣᠭᠤᠭ ᠢ ᠲᠤᠰᠬᠠᠢ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠶᠢ ᠳᠤᠪᠤᠶᠢᠮ᠎ᠠ ᠴᠢᠬᠤᠯᠠ ᠪᠠᠶᠢᠷᠢᠨ ᠳᠤ ᠲᠠᠯᠪᠢᠨ ᠠᠳᠬᠤᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠬᠤᠷᠠᠯ ᠠᠴᠠ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ᠂ ᠬᠠᠮᠤᠭ ᠤᠨ ᠴᠢᠩᠭ᠎ᠠ ᠣᠪᠣᠷ ᠰᠤᠷᠲᠠᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ᠂ ᠪᠠᠯᠭᠠᠰᠤᠨ ᠤ ᠬᠡᠪᠴᠢᠶᠡᠨ ᠤ ᠬᠤᠳᠠᠯᠳᠤᠭ᠎ᠠ ᠬᠡᠳᠦ ᠳᠡᠯᠭᠡᠭᠦᠷ᠂ ᠬᠤᠭᠤᠯᠠᠨ ᠭᠡᠷ ᠵᠡᠷᠭᠡ ᠠᠵᠢᠯ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ ᠴᠢᠩᠭ᠎ᠠ ᠠᠳᠬᠤᠵᠤ᠂ ᠬᠦᠨᠳᠦ ᠶᠡᠭᠡ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ︔ ᠠᠵᠢᠯ ᠤᠨ ᠲᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠴᠢᠬᠤᠯᠠ ᠭᠤᠭᠴᠤᠭ᠎ᠠ ᠪᠣᠯᠤᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠨ ᠬᠤᠶᠠᠳᠤᠭᠠᠷ ᠤᠯᠠᠷᠢᠯ ᠤᠨ ᠪᠠᠶᠢᠳᠠᠯ ᠢ ᠣᠶᠢᠯᠠᠭᠠᠵᠤ ᠵᠢᠭᠰᠠᠭᠠᠨ ᠣᠷᠣᠭᠤᠯᠬᠤ ᠠᠵᠢᠯ ᠢ ᠤᠷᠤᠭᠰᠢᠲᠠᠢ ᠪᠡᠶᠡᠯᠡᠭᠦᠯᠬᠦ ᠬᠡᠷᠡᠭᠲᠡᠢ︔ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠭᠤᠷᠪᠠ ᠶᠢ ᠴᠡᠪᠡᠷᠯᠡᠬᠦ᠂ ᠭᠤᠷᠪᠠ ᠶᠢ ᠴᠡᠭᠴᠡᠯᠡᠨ ᠵᠠᠰᠠᠬᠤ᠂ ᠲᠦᠷᠪᠡ ᠶᠢ ᠳᠡᠭᠡᠭᠰᠢᠯᠡᠭᠦᠯᠬᠦ ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠲᠤᠬᠢᠷᠠᠭᠤᠯᠤᠨ ᠪᠠᠶᠢᠷᠢᠯᠠᠭᠤᠯᠵᠠᠢ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号