ᠬᠤᠷᠢᠨᠭᠡᠷ ᠰᠢᠶᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠤᠯᠠᠭᠠᠨ ᠠᠨᠠᠷ ᠤᠨ ᠴᠣᠩᠬᠤᠪᠴᠢ︾ ᠶᠢ ᠴᠣᠭᠴᠠᠯᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠬᠤᠯᠪᠣᠯᠳᠤᠭᠰᠠᠨ ᠬᠥᠭᠦᠷᠭᠡ︾ ᠶᠢ ᠴᠣᠭᠴᠠᠯᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2023/5/29
     ᠨᠠᠮ ᠤᠨ ᠪᠠᠶᠢᠭᠤᠯᠤᠯᠲᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ      ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠡᠭᠦᠳᠦᠨ ᠪᠠᠶᠢᠭᠤᠯᠬᠤ ᠠᠵᠢᠯ ᠤᠨ ᠡᠮᠬᠢ ᠵᠢᠷᠤᠮ ᠲᠠᠢ ᠨᠠᠶᠢᠳᠠᠪᠤᠷᠢᠵᠢᠭᠤᠯᠤᠭᠳᠠᠬᠤ ᠶᠢ ᠦᠨᠳᠦᠰᠦᠲᠡᠨ ᠤ ᠠᠵᠢᠯ ᠢ ᠨᠠᠮ ᠤᠨ ᠪᠠᠶᠢᠭᠤᠯᠤᠯᠲᠠ ᠶᠢᠨ ᠠᠵᠢᠯ ᠲᠠᠢ ᠠᠭᠤᠰᠤᠯᠴᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠠᠵᠢᠯᠯᠠᠭ᠎ᠠ ᠶᠢ ᠲᠠᠰᠤᠷᠠᠯᠲᠠ ᠦᠭᠡᠢ ᠭᠦᠨᠵᠡᠭᠡᠢ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢ ᠪᠣᠳᠠᠲᠠᠢ ᠪᠠᠷ ᠨᠠᠷᠢᠯᠢᠭ ᠬᠢᠵᠦ᠂ ︽ᠨᠠᠮ ᠤᠨ ᠪᠠᠶᠢᠭᠤᠯᠤᠯᠲᠠ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠦᠷᠦᠯ ᠲᠡᠮᠳᠡᠭ ᠢ ᠬᠦᠴᠦᠯᠡᠨ ᠡᠭᠦᠳᠴᠦ᠂ ᠪᠣᠳᠠᠲᠠᠢ ᠳᠦᠷᠦᠭᠳᠡᠯ ᠲᠠᠢ ᠪᠦᠲᠦᠮᠵᠢᠲᠡᠢ ᠪᠣᠯᠭᠠᠨ᠎ᠠ᠃      ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠭᠦᠨᠵᠡᠭᠡᠶᠢᠷᠡᠭᠦᠯᠦᠨ᠎ᠡ      ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠦᠶ᠎ᠡ︾ ᠭᠡᠬᠦ ᠭᠤᠤᠯ ᠰᠡᠳᠦᠪ ᠤᠨ ᠲᠣᠭᠤᠷᠢᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠡᠯ᠎ᠡ ᠲᠥᠷᠥᠯ ᠤᠨ ᠭᠤᠤᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠴᠣᠩᠬᠤᠪᠴᠢ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠶᠢ ᠪᠡᠶᠡᠯᠡᠭᠦᠯᠵᠦ᠂ ᠴᠣᠩᠬᠤᠪᠴᠢ ᠶᠢᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠪᠥᠬᠦ ᠲᠠᠯ᠎ᠠ ᠶᠢᠨ ᠠᠵᠢᠯᠲᠠᠨ ᠠᠵᠢᠯᠴᠢᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠠᠵᠢᠯ ᠳᠤ ᠣᠷᠣᠯᠴᠠᠭᠤᠯᠤᠨ᠎ᠠ᠃      ᠠᠷᠠᠳ ᠲᠦᠮᠡᠨ ᠳᠤ ᠦᠢᠯᠡᠴᠢᠯᠡᠬᠦ ᠠᠷᠭ᠎ᠠ ᠮᠠᠶ᠋ᠢᠭ ᠤᠨ ᠲᠠᠯ᠎ᠠ ᠪᠠᠷ ᠢᠳᠡᠪᠬᠢᠲᠡᠶ ᠪᠠᠷ ︽ᠤᠯᠠᠭᠠᠨ ᠠᠨᠠᠷ︾ ᠤᠨ ᠴᠣᠩᠬᠤᠪᠴᠢ ᠭᠠᠷᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ︽ᠬᠤᠤᠰ ᠬᠡᠯᠡᠨ ᠤ ᠦᠢᠯᠡᠴᠢᠯᠡᠭᠡ︾ ᠬᠠᠩᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠶᠢ ᠠᠬᠢᠭᠤᠯᠤᠨ᠎ᠠ︔ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠵᠢᠯ ᠤᠨ ᠪᠠᠶᠢᠷᠢ ᠶᠢ ᠪᠠᠶᠢᠭᠤᠯᠵᠤ᠂ ᠰᠠᠶᠢᠨ ᠳᠤᠷ᠎ᠠ ᠶᠢᠨ ᠠᠵᠢᠯᠯᠠᠭᠴᠢ ᠶᠢ ᠲᠤᠬᠢᠷᠠᠭᠤᠯᠵᠤ ᠪᠠᠶᠢᠭᠠᠳ ᠦᠨᠳᠦᠰᠦᠲᠡᠨ ᠨᠦᠭᠦᠳ ᠤᠨ ᠠᠵᠢᠯ ᠶᠠᠪᠤᠳᠠᠯ ᠡᠷᠬᠢᠯᠡᠬᠦ ᠤᠯᠠᠨ ᠲᠦᠮᠡᠨ ᠳᠤ ᠬᠠᠪᠰᠤᠷᠤᠯᠭ᠎ᠠ ᠦᠵᠡᠭᠦᠯᠬᠦ᠂ ᠤᠷᠤᠭᠰᠢ ᠢᠷᠡᠵᠦ ᠠᠵᠢᠯ ᠶᠠᠪᠤᠳᠠᠯ ᠡᠷᠬᠢᠯᠡᠬᠦ ᠨᠢᠭᠡᠴᠡ᠂ ᠠᠵᠤ ᠠᠬᠤᠶᠢᠯᠠᠯ ᠪᠠ ᠤᠯᠠᠨ ᠲᠦᠮᠡᠨ ᠳᠤ ᠯᠠᠪᠯᠠᠯᠭ᠎ᠠ ᠥᠭᠬᠦ᠂ ᠬᠦᠳᠦᠯᠦᠨ ᠵᠢᠯᠣᠭᠤᠳᠬᠤ᠂ ᠵᠣᠬᠢᠴᠠᠭᠤᠯᠬᠤ ᠵᠡᠷᠭᠡ ᠡᠯ᠎ᠡ ᠲᠦᠷᠦᠯ ᠤᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠨ᠎ᠠ᠃      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠪᠠᠷᠢᠮᠲᠠᠯᠠᠵᠤ ᠰᠢᠶᠠᠨ ᠤ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ      ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠠᠲᠤ ᠡᠵᠡᠮᠰᠢᠵᠦ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠬᠠᠷᠠᠯᠲᠠ ᠶᠢᠨ ᠲᠣᠭᠤᠷᠢᠨ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠰᠠᠨᠠᠭ᠎ᠠ ᠪᠠᠨ ᠨᠢᠭᠡᠳᠬᠡᠬᠦ᠂ ᠬᠤᠪᠢ ᠵᠠᠶᠠᠭ᠎ᠠ ᠪᠠᠨ ᠬᠠᠮᠲᠤᠳᠬᠠᠬᠤ᠂ ᠰᠡᠳᠬᠢᠯ ᠵᠢᠷᠦᠬᠡ ᠪᠠᠨ ᠬᠤᠯᠪᠣᠬᠤ ᠭᠦᠨ ᠵᠤᠵᠠᠭᠠᠨ ᠬᠠᠶᠢᠷ᠎ᠠ ᠰᠡᠳᠬᠢᠯᠭᠡ ᠪᠣᠯᠭᠠᠨ ᠬᠤᠪᠢᠷᠠᠭᠤᠯᠵᠤ ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠪᠠ᠃      ︽ᠭᠤᠯᠳᠤ ᠪᠠᠷ ᠨᠡᠪᠲᠡᠷᠡᠭᠦᠯᠬᠦ᠂ ᠬᠥᠨᠳᠡᠯᠡᠨ ᠢᠶᠠᠷ ᠬᠠᠮᠲᠤᠷᠠᠨ ᠬᠥᠳᠡᠯᠦᠯᠴᠡᠬᠦ︾ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠶ ᠪᠠᠶᠢᠭᠤᠯᠵᠤ᠂ ᠨᠢᠭᠡ ᠲᠥᠷᠥᠯ ᠢᠶᠠᠷ ᠡᠷᠭᠢᠯᠡᠬᠦ᠂ ᠨᠢᠭᠡ ᠴᠣᠩᠬᠤ ᠪᠠᠷ ᠡᠷᠭᠢᠯᠡᠬᠦ᠂ ᠨᠢᠭᠡ ᠰᠦᠯᠵᠢᠶ᠎ᠡ ᠪᠠᠷ ᠡᠷᠭᠢᠯᠡᠬᠦ᠂ ᠨᠢᠭᠡ ᠯᠡ ᠤᠳᠠᠭ᠎ᠠ ᠪᠠᠷ ᠡᠷᠭᠢᠯᠡᠬᠦ ᠵᠡᠷᠭᠡ ᠥᠭᠡᠷᠡᠴᠢᠯᠡᠯᠲᠡ ᠶᠢ ᠳᠥᠯᠭᠢᠨ ᠠᠬᠢᠭᠤᠯᠵᠤ᠂ ᠲᠤᠰᠬᠠᠶᠢᠵᠢᠭᠰᠠᠨ᠂ ᠨᠡᠶᠢᠭᠡᠮᠴᠢᠯᠡᠭᠰᠡᠨ᠂ ᠲᠥᠷᠥᠯ ᠵᠦᠢᠯᠴᠢᠯᠡᠭᠰᠡᠨ ᠣᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠵᠠᠮ ᠢ ᠰᠦᠪᠡᠭᠴᠢᠯᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠯᠠᠨ ᠶᠠᠩᠵᠤᠯᠠᠭᠰᠠᠨ᠂ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠬᠦ ᠪᠠ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠬᠢᠷᠢ ᠬᠡᠮᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠵᠦ᠂ ᠰᠢᠶᠠᠨ ᠤ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠣᠳᠣᠬᠢᠴᠢᠯᠠᠯᠲᠠ ᠳᠠᠰᠢ ᠤᠷᠤᠭᠰᠢᠯᠠᠬᠤ ᠶᠢ ᠠᠬᠢᠭᠤᠯᠤᠨ᠎ᠠ᠃      ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠦᠨᠡᠨᠬᠦ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠦᠢᠯᠡᠴᠢᠯᠡᠬᠦ ᠲᠡᠷᠢᠭᠦᠨ ᠤ ᠲᠠᠪᠴᠠᠩ᠂ ᠬᠥᠭᠵᠢᠯᠲᠡ ᠶᠢ ᠠᠬᠢᠭᠤᠯᠬᠤ ᠲᠡᠷᠢᠭᠦᠨ ᠤ ᠵᠢᠭᠰᠠᠭᠠᠯ ᠤᠨ ᠭᠠᠵᠠᠷ᠂ ᠲᠦᠷᠢ ᠲᠥᠷᠬᠦ ᠶᠢ ᠢᠯᠡᠷᠡᠭᠦᠯᠬᠦ ᠲᠡᠷᠢᠭᠦᠨ ᠤ  ᠴᠣᠩᠬᠤᠪᠴᠢ ᠪᠣᠯᠭᠠᠨ ᠪᠠᠶᠢᠭᠤᠯᠵᠤ᠂ ᠤᠯᠠᠨ ᠲᠦᠮᠡᠨ ᠳᠤ ᠦᠢᠯᠡᠴᠢᠯᠡᠬᠦ ᠳᠤ ᠥᠴᠦᠬᠡᠨ ᠴᠦ ᠵᠠᠶᠢᠳᠠᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠩᠭᠤᠢ ᠪᠠᠷ ᠬᠥᠭᠵᠢᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠤᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号