ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠨᠭᠡᠷ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/29
     5 ᠰᠠᠷ᠎ᠠ ᠶᠢᠨ 26 ᠤ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠤᠯᠤᠰ ᠲᠦᠷᠦ ᠶᠢᠨ ᠵᠥᠪᠯᠡᠯᠭᠡᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠲᠠᠪᠤᠳᠠᠬᠢ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃
     ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠩᠬᠠᠳᠤᠭᠠᠷ ᠬᠤᠷᠠᠯ ᠳᠡᠭᠡᠷᠡᠬᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 4 ᠰᠠᠷ᠎ᠠ ᠶᠢᠨ 28 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ ︾᠂ ︽ᠳᠡᠪᠲᠡᠷ ᠤᠨ ᠦᠵᠡᠯ ᠢ ᠡᠰᠡᠷᠭᠦᠴᠡᠬᠦ︾᠂ ︽ᠪᠠᠶᠢᠴᠠᠭᠠᠯᠲᠠ ᠶᠢᠨ ᠠᠵᠢᠯ︾᠂ ︽ᠬᠥᠳᠡᠭᠡ ᠲᠣᠰᠬᠤᠨ ᠤ ᠪᠠᠶᠢᠴᠠᠭᠠᠯᠲᠠ︾ ᠶᠢ ᠤᠯᠠᠮᠵᠢᠯᠠᠨ ᠰᠤᠷᠤᠯᠴᠠᠵᠠᠢ᠃      ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠠᠶᠢᠩᠭᠤ ᠰᠤᠷᠤᠯᠴᠠᠵᠤ ᠪᠠᠶᠢᠩᠭᠤ ᠰᠢᠨ᠎ᠡ ᠶᠢ ᠡᠭᠦᠳᠬᠦ ᠳᠤᠮᠳᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ ᠢ ᠭᠦᠨᠵᠡᠭᠡᠢ ᠡᠵᠡᠮᠰᠢᠵᠦ᠂ ᠬᠠᠤᠯᠢᠵᠢᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠬᠠᠤᠯᠢᠵᠢᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠪᠠᠶᠢᠭᠤᠯᠭ᠎ᠠ ᠶᠢᠨ ᠳᠣᠲᠣᠭᠠᠳᠤ ᠳᠤ ᠰᠠᠬᠢᠯᠭ᠎ᠠ ᠪᠠᠲᠤ ᠶᠢ ᠴᠢᠩᠳᠠᠯᠠᠬᠤ᠂ ᠶᠣᠰᠣ ᠲᠦᠷᠢᠮ ᠢ ᠰᠠᠬᠢᠬᠤ᠂ ᠰᠤᠷᠲᠠᠯ ᠢᠶᠠᠨ ᠬᠤᠪᠢᠷᠠᠭᠤᠯᠬᠤ᠂ ᠠᠵᠢᠯ ᠢᠶᠠᠨ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠪᠠᠶᠢᠭᠤᠯᠭ᠎ᠠ ᠶᠢᠨ ᠺᠠᠳ᠋ᠷ ᠤᠨ ᠡᠩᠨᠡᠭᠡᠨ ᠤ ᠨᠢᠭᠲᠠᠷᠠᠯ ᠤᠨ ᠬᠦᠴᠦᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠣᠯ ᠤᠯᠤᠰ ᠢ ᠵᠠᠰᠠᠬᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠢᠯᠡᠳᠦᠯᠭᠡ ᠶᠢ ᠠᠬᠢᠭᠤᠯᠬᠤ ᠴᠢᠬᠤᠯᠠ ᠬᠦᠴᠦᠨ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠡᠭᠡ ᠪᠠᠶᠢᠷᠢᠰᠢᠯ ᠶᠡᠭᠡ ᠪᠠᠶᠢᠯᠳᠤᠬᠤ ᠪᠤᠳᠤᠯᠭ᠎ᠠ ᠳᠤ ᠤᠬᠠᠮᠰᠠᠷ ᠠᠴᠠ ᠪᠠᠨ ᠣᠷᠣᠯᠴᠠᠵᠤ᠂ ᠬᠤᠷᠢᠨᠭᠡᠷ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠤᠳᠤᠯᠤᠨ ᠯᠠᠪᠳᠠᠭᠤᠨ ᠢᠶᠠᠷ ᠠᠬᠢᠭᠤᠯᠵᠤ᠂ ᠵᠠᠰᠠᠭ ᠤᠨ ᠶᠠᠪᠤᠳᠠᠯ ᠢ ᠵᠥᠪᠯᠡᠬᠦ ᠳᠤᠮᠳᠠ ᠬᠥᠭᠵᠢᠯᠲᠡ ᠳᠤ ᠨᠡᠩ ᠰᠠᠶᠢᠨ ᠦᠢᠯᠡᠴᠢᠯᠡᠵᠦ᠂ ᠵᠥᠪᠯᠡᠬᠦ ᠳᠤᠮᠳᠠ ᠵᠠᠰᠠᠯᠲᠠ ᠶᠢ ᠨᠡᠩ ᠰᠠᠶᠢᠨ ᠠᠬᠢᠭᠤᠯᠵᠤ᠂ ᠰᠣᠯᠢᠯᠴᠠᠬᠤ ᠳᠤᠮᠳᠠ ᠬᠠᠮᠲᠤ ᠶᠢᠨ ᠲᠠᠨᠢᠯᠲᠠ ᠶᠢ ᠨᠡᠩ ᠰᠠᠶᠢᠨ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠ ᠬᠤᠷᠢᠨᠭᠡᠷ ᠤᠨ ᠬᠠᠭᠤᠳᠠᠰᠤ ᠶᠢ ᠰᠠᠶᠢᠲᠤᠷ ᠪᠢᠴᠢᠭᠯᠡᠬᠦ ᠳᠤ ᠤᠯᠤᠰ ᠲᠦᠷᠦ ᠶᠢᠨ ᠵᠥᠪᠯᠡᠯᠭᠡᠨ ᠤ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号