ᠬᠤᠷᠢᠨᠭᠡᠷ ᠰᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽5.29 ᠭᠡᠰᠢᠭᠦᠨ ᠤ ᠠᠵᠢᠯᠯᠠᠭ᠎ᠠ ᠶᠢᠨ ᠡᠳᠦᠷ︾ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠵᠢᠴᠢ 2023 ᠣᠨ ᠤ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/29
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠡᠷᠡᠭᠦᠯ ᠡᠩᠬᠡ ᠳᠤᠮᠳᠠᠳᠤ ᠤᠯᠤᠰ ᠪᠣᠯᠤᠨ ᠬᠥᠮᠦᠨ ᠠᠮᠠ ᠶᠢᠨ ᠬᠥᠭᠵᠢᠯᠲᠡ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠰᠢᠨ᠎ᠡ ᠴᠠᠭ ᠦᠶ᠎ᠡ ᠶᠢᠨ ᠤᠷᠤᠭ ᠦᠷᠡᠵᠢᠯ ᠤᠨ ᠰᠣᠶᠣᠯ ᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠶᠡᠬᠡᠪᠡᠷ ᠪᠤᠶᠢᠵᠢᠭᠤᠯᠤᠨ ᠦᠢᠯᠡᠳᠦᠯᠭᠡᠵᠢᠭᠦᠯᠬᠦ ᠶᠢᠨ ᠲᠤᠰᠠᠳᠠ᠂ 5 ᠰᠠᠷ᠎ᠠ ᠶᠢᠨ 25 ᠤ ᠡᠳᠦᠷ᠂ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ 25 ᠳ᠋ᠤᠭᠠᠷ ︽ᠭᠡᠰᠢᠭᠦᠳ ᠤᠨ ᠠᠵᠢᠯᠯᠠᠭᠠᠨ ᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠱᠧᠩ ᠯᠧ ᠪᠠᠯᠭᠠᠰᠤᠨ ᠤ ᠨᠢᠭᠡ ᠲᠣᠰᠬᠤᠨ ᠤ ᠵᠠᠰᠠᠭ ᠵᠠᠬᠢᠷᠭᠠᠨ ᠤ ᠲᠣᠰᠬᠤᠨ ᠳᠤ ︽5.29︾ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠪᠠ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃
     ᠲᠤᠰ ᠠᠵᠢᠯᠯᠠᠭ᠎ᠠ ᠨᠢ ᠬᠤᠷᠢᠨᠭᠡᠷ ᠰᠢᠶᠠᠨ ᠤ ᠤᠯᠠᠭᠠᠨᠮᠥ᠋ᠴᠢᠷ ᠤᠨ ᠲᠠᠮᠢᠷᠴᠢᠳ ᠤᠨ ᠭᠤᠶᠢᠳᠠ ᠰᠠᠶᠢᠬᠠᠨ ᠲᠣᠭᠯᠠᠯᠲᠠ ᠳᠤ ᠬᠥᠰᠢᠭᠡ ᠪᠠᠨ ᠰᠡᠬᠦᠪᠡ᠃ ᠲᠣᠭᠯᠠᠯᠲᠠ ᠶᠢᠨ ᠲᠠᠯᠠᠪᠠᠢ ᠳᠤ᠂ ᠭᠤᠶᠢᠳᠠ ᠰᠠᠶᠢᠬᠠᠨ ᠲᠣᠭᠯᠠᠯᠲᠠ ᠨᠤᠭᠤᠳ ᠢ ᠡᠭᠡᠯᠵᠢᠯᠡᠨ ᠲᠣᠭᠯᠠᠵᠤ᠂ ᠲᠣᠰᠬᠤᠨ ᠤ ᠠᠷᠠᠳ ᠤᠨ ᠰᠣᠨᠢᠷᠬᠠᠯ ᠢ ᠲᠠᠲᠠᠨ᠎ᠠ᠃ ᠲᠠᠶᠢᠰᠠᠨ ᠤ ᠳᠣᠣᠷ᠎ᠠ᠂ ᠦᠵᠡᠭᠦᠯᠭᠡ ᠶᠢᠨ ᠲᠠᠶᠢᠰᠠᠨ ᠳᠡᠭᠡᠷ᠎ᠡ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠤᠨ ᠬᠢᠨ ᠲᠤᠬᠠᠢ ᠶᠢᠨ ᠲᠠᠯᠠᠪᠠᠢ ᠶᠢᠨ ᠤᠬᠠᠭᠤᠯᠭ᠎ᠠ᠂ ᠦᠢᠯᠡᠳᠦᠯᠴᠡᠨ ᠣᠶᠢᠯᠠᠭᠠᠬᠤ ᠵᠡᠷᠭᠡ ᠠᠵᠢᠯᠯᠠᠭ᠎ᠠ ᠶᠢ ᠠᠪᠴᠢᠷᠠᠭᠰᠠᠨ ᠨᠢ ᠮᠠᠰᠢ ᠤᠯᠠᠨ ᠲᠣᠰᠬᠤᠨ ᠤ ᠠᠷᠠᠳ ᠤᠨ ᠠᠩᠬᠠᠷᠤᠯ ᠢ ᠲᠠᠲᠠᠵᠠᠢ᠃ ᠤᠷᠠᠨ ᠪᠢᠴᠢᠯᠭᠡᠲᠡᠨ ᠲᠤᠬᠠᠶ ᠶᠢᠨ ᠲᠠᠯᠠᠪᠠᠶ ᠳᠤ ᠤᠷᠠᠨ ᠪᠢᠴᠢᠯᠭᠡ ᠶᠢᠨ ᠠᠵᠢᠯᠯᠠᠭ᠎ᠠ ᠥᠷᠨᠢᠭᠦᠯᠵᠦ᠂ ᠤᠳᠠᠭ᠎ᠠ ᠳᠠᠷᠠᠭ᠎ᠠ ᠪᠠᠷ ᠪᠢᠷ ᠪᠡᠭᠡ ᠪᠠᠷ ᠪᠢᠯᠬᠠᠨ᠂ ᠬᠠᠶᠢᠷ᠎ᠠ ᠬᠠᠯᠠᠮᠵᠢ ᠪᠠᠷ ᠪᠢᠯᠬᠠᠮ᠎ᠠ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠳ ᠢ ᠲᠣᠰᠬᠤᠨ ᠤ ᠠᠷᠠᠳ ᠲᠤ ᠬᠦᠷᠭᠡᠵᠦ ᠪᠠᠶᠢᠯ᠎ᠠ᠃ ᠠᠯᠪᠠᠨ ᠵᠢᠷᠤᠮ ᠤᠨ ᠡᠮᠴᠢᠯᠡᠭᠡᠨ ᠤ ᠲᠠᠶᠢᠰᠠᠨ ᠤ ᠡᠮᠦᠨ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠣᠬᠢᠶᠠᠨ ᠪᠠᠶᠢᠭᠤᠯᠤᠭᠰᠠᠨ ᠡᠮᠴᠢ ᠨᠡᠷ ᠲᠣᠰᠬᠤᠨ ᠤ ᠠᠷᠠᠳ ᠤᠨ ᠪᠡᠶ᠎ᠡ ᠶᠢ ᠪᠠᠶᠢᠴᠠᠭᠠᠵᠤ᠂ ᠲᠣᠰᠬᠤᠨ ᠤ ᠠᠷᠠᠳ ᠤᠨ ᠡᠪᠡᠳᠴᠢᠨ ᠤ ᠲᠡᠦᠬᠡ ᠪᠣᠯᠤᠨ ᠠᠮᠢᠳᠤᠷᠠᠯ ᠤᠨ ᠵᠠᠩ ᠳᠠᠳᠬᠠᠯ ᠢ ᠨᠠᠷᠢᠨ ᠠᠰᠠᠭᠤᠨ ᠯᠠᠪᠯᠠᠵᠤ᠂ ᠡᠪᠡᠳᠴᠢᠨ ᠤ ᠪᠠᠶᠢᠳᠠᠯ ᠤᠨ ᠯᠠᠪᠯᠠᠯᠲᠠ ᠶᠢ ᠬᠦᠯᠢᠴᠡᠩᠭᠦᠢ ᠪᠠᠷ ᠬᠠᠷᠢᠭᠤᠯᠵᠤ ᠪᠠᠶᠢᠯ᠎ᠠ᠃
     ᠣᠯᠠᠨ ᠶᠠᠩᠵᠤ ᠶᠢᠨ ᠬᠡᠯᠪᠡᠷᠢ ᠶᠢᠨ ᠠᠵᠢᠯᠯᠠᠭ᠎ᠠ ᠶᠢᠨ ᠠᠭᠤᠯᠭ᠎ᠠ ᠨᠢ ᠦᠶ ᠣᠯᠠᠨ ᠲᠣᠰᠬᠤᠨ ᠤ ᠠᠷᠠᠳ ᠤᠨ ᠠᠩᠬᠠᠷᠤᠯ ᠢ ᠲᠠᠲᠠᠵᠤ᠂ ᠳᠥᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠨᠤᠲᠤᠭ ᠤᠨ ᠠᠬ᠎ᠠ ᠳᠡᠭᠦᠤ ᠨᠡᠷ ᠡᠨᠡ ᠤᠳᠠᠭᠠᠨ ᠤ ᠣᠯᠠᠨ ᠲᠦᠮᠡᠨ ᠲᠠᠢ ᠣᠶᠢᠷᠠᠲᠤᠭᠰᠠᠨ ᠮᠥᠷᠲᠡᠭᠡᠨ ᠡᠯᠪᠡᠭ ᠪᠠᠶᠠᠯᠢᠭ ᠠᠭᠤᠯᠤᠭᠳᠠᠬᠤᠨ ᠲᠠᠢ ︽ᠨᠡᠶᠢᠭᠡᠮ ᠤᠨ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ︾ ᠤᠨ ᠦᠪᠡᠳᠡᠭᠰᠢ ᠳᠠᠶᠢᠯᠠᠯᠭ᠎ᠠ ᠶᠢ ᠬᠠᠮᠲᠤ ᠪᠠᠷ ᠠᠮᠲᠠᠯᠠᠵᠠᠶ᠃
     ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠠᠷᠤᠭ᠎ᠠ ᠾᠧ ᠭᠦᠸᠧ ᠶᠢᠩ ᠲᠣᠰᠬᠤᠨ ᠤ ᠠᠷᠠᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠠᠷᠢᠯᠴᠠᠨ ᠳᠠᠶᠢᠴᠢᠯᠠᠬᠤ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠪᠡ
     ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠰᠢᠤᠢ ᠵᠢᠶᠠᠨ ᠬᠤᠸᠠ ᠲᠣᠰᠬᠤᠨ ᠤ ᠠᠷᠠᠳ ᠲᠠᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠬᠤᠪᠢᠶᠠᠯᠴᠠᠪᠠ
     ᠶᠠᠨ ᠵᠢᠶᠦ᠋ᠨ ᠮᠢᠨ ᠲᠣᠰᠬᠤᠨ ᠤ ᠠᠷᠠᠳ ᠲᠤ ︽ᠡᠷᠡᠭᠦᠯ ᠡᠩᠭᠡ ᠳᠤᠮᠳᠠᠳᠤ ᠤᠯᠤᠰ — ᠡᠵᠢ ᠶᠢᠨ ᠠᠵᠢᠯᠯᠠᠭ᠎ᠠ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠵᠡᠢ
     ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠦ᠋ ᠰᠢᠶᠠ ᠲᠣᠰᠬᠤᠨ ᠤ ᠠᠷᠠᠳ ᠲᠤ ︽ᠰᠢᠨ᠎ᠡ ᠴᠠᠭ ᠦᠶ᠎ᠡ ᠶᠢᠨ ᠣᠷᠤᠭ ᠦᠷᠡᠵᠢᠯ ᠤᠨ ᠰᠣᠶᠣᠯ ᠢ ᠰᠠᠨᠠᠭᠠᠴᠢᠯᠠᠵᠤ ᠬᠡᠷ ᠪᠦᠯᠢ ᠶᠢᠨ ᠡᠶ᠎ᠡ ᠵᠣᠬᠢᠴᠠᠩᠭᠤᠶ ᠵᠣᠯ ᠵᠢᠷᠭᠠᠯ ᠢ ᠲᠤᠰᠠᠯᠠᠶ᠎ᠠ︾ ᠭᠡᠬᠦ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ       ᠲᠣᠰ ᠤᠳᠠᠭᠠᠨ ᠤ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠤᠯᠠᠮ ᠨᠢᠭᠡ ᠠᠯᠬᠤᠮ ᠪᠤᠶᠢᠵᠢᠭᠤᠯᠤᠨ ᠦᠶ᠋ᠯᠡᠳᠦᠯᠭᠡᠵᠢᠭᠦᠯᠵᠦ᠂ ᠨᠥᠬᠦᠷᠰᠡᠭ ᠬᠠᠶᠢᠷ᠎ᠠ ᠪᠠ ᠬᠠᠷᠢᠯᠴᠠᠨ ᠬᠠᠪᠰᠤᠷᠤᠯᠴᠠᠵᠤ ᠤᠷᠤᠭᠰᠢᠯᠠᠨ ᠳᠠᠪᠰᠢᠬᠤ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠦᠨᠳᠦᠰᠦᠨ ᠱᠠᠲᠤᠨ ᠤ ᠣᠯᠠᠨ ᠲᠦᠮᠡᠨ ᠳᠤ ᠡᠷᠡᠭᠦᠯ ᠮᠡᠨᠳᠦ᠂ ᠪᠠᠶᠠᠷ ᠪᠠᠶᠠᠰᠤᠯ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ ᠬᠦᠷᠭᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠬᠠᠨᠤᠮᠵᠢᠲᠠᠶ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号