ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠪᠠᠷᠢᠯᠭ᠎ᠠ ᠡᠬᠢᠯᠡᠵᠦ ᠰᠠᠭᠤᠷᠢ ᠲᠠᠯᠪᠢᠪᠠ
ᠨᠡᠶᠢᠲᠡᠯᠡᠭᠰᠡᠨ ᠴᠠᠭ᠄
2023/5/30
     ︵ᠰᠤᠷᠪᠤᠯᠵᠢᠯᠠᠭᠴᠢ ᠶᠠᠩ ᠼᠠᠢ ᠰᠢᠶᠠ︶ 5 ᠳ᠋ᠤᠭᠠᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ ᠪᠠᠷᠢᠯᠭ᠎ᠠ ᠡᠬᠢᠯᠡᠵᠦ ᠰᠠᠭᠤᠷᠢ ᠲᠠᠯᠪᠢᠬᠤ ᠶᠣᠰᠣᠯᠠᠯ ᠶᠠᠪᠤᠭᠳᠠᠪᠠ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠨᠢ ᠰᠠᠶᠢᠬᠠᠨ ᠲᠣᠭᠤᠷᠢᠭ ᠤᠨ ᠹᠧᠩᠵᠸᠤ ᠡᠮᠦᠨ᠎ᠡ ᠵᠠᠮ ᠠᠴᠠ ᠵᠡᠭᠦᠨᠰᠢ᠂ ᠪᠦᠦ ᠴᠢᠤᠸᠠᠨ ᠵᠡᠭᠡᠯᠢ ᠠᠴᠠ ᠬᠤᠶᠢᠰᠢ ᠪᠣᠢ᠃ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠥᠷᠥᠯ ᠵᠦᠢᠯ ᠤᠨ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 45000 ᠲᠡᠭᠰᠢ ᠳᠥᠷᠪᠡᠯᠵᠢᠨ ᠮᠧᠲᠷ᠂ ᠡᠭᠦᠨ ᠳᠤ᠂ ᠭᠠᠵᠠᠷ ᠳᠡᠭᠡᠷᠡᠬᠢ ᠪᠠᠷᠢᠯᠭ᠎ᠠ ᠶᠢᠨ ᠲᠠᠯᠠᠪᠠᠶ ᠨᠢ 35000 ᠲᠡᠭᠰᠢ ᠳᠥᠷᠪᠡᠯᠵᠢᠨ ᠮᠧᠲᠷ᠂ ᠭᠠᠵᠠᠷ ᠳᠣᠣᠷᠠᠬᠢ ᠪᠠᠷᠢᠯᠭ᠎ᠠ ᠶᠢᠨ ᠲᠠᠯᠠᠪᠠᠶ  ᠨᠢ 10000 ᠲᠡᠭᠰᠢ ᠳᠥᠷᠪᠡᠯᠵᠢᠨ ᠮᠧᠲᠷ ᠪᠣᠯᠣᠨ᠎ᠠ᠃ ᠪᠦᠲᠦᠭᠡᠨ ᠪᠠᠶᠢᠭᠤᠯᠬᠤ ᠠᠭᠤᠯᠭ᠎ᠠ ᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠰᠣᠶᠣᠯ ᠲᠠᠮᠢᠷ ᠤᠨ ᠠᠰᠠᠷ᠂ ᠣᠯᠠᠨ ᠴᠢᠳᠠᠪᠬᠢᠲᠦ ᠠᠰᠠᠷ ᠢ ᠪᠠᠭᠲᠠᠭᠠᠬᠤ ᠶᠢᠨ ᠬᠠᠮᠲᠤ᠂ ᠭᠡᠷ ᠤᠨ ᠭᠠᠳᠠᠨᠠᠬᠢ ᠲᠠᠮᠢᠷ ᠤᠨ ᠲᠠᠯᠠᠨᠪᠤᠷ ᠵᠢᠴᠢ ᠵᠣᠬᠢᠬᠤ ᠨᠣᠭᠤᠭᠠᠷᠠᠭᠤᠯᠬᠤ᠂ ᠬᠠᠲᠠᠭᠤᠷᠠᠭᠤᠯᠬᠤ᠂ ᠤᠰᠤ ᠬᠠᠩᠭᠠᠬᠤ ᠤᠰᠤ ᠵᠠᠯᠠᠬᠤ᠂ ᠴᠠᠬᠢᠯᠭᠠᠨ᠂ ᠢᠯᠴᠢ ᠵᠡᠷᠭᠡ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃ ᠵᠢᠱᠢᠯᠲᠡ ᠪᠠᠷ 2024 ᠣᠨ ᠤ 7 ᠳ᠋ᠤᠭᠠᠷ ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠬᠠᠨ᠎ᠠ᠃      ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠳᠡᠳ᠋ ᠵᠠᠬᠢᠷᠤᠯ ᠯᠢᠦ ᠵᠢᠶᠦ᠋ᠨ ᠤ ᠲᠠᠨᠢᠯᠴᠠᠭᠤᠯᠤᠭᠰᠠᠨ ᠢᠶᠠᠷ᠂ ᠬᠤᠪᠢᠶᠠᠷᠢ ᠰᠤᠷᠭᠠᠭᠤᠯᠢ ᠨᠢ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠬᠤᠶᠠᠷ ᠰᠤᠷᠤᠯᠭ᠎ᠠ ᠶᠢᠨ ᠱᠠᠲᠤ ᠶᠢ ᠪᠠᠭᠲᠠᠭᠠᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠢᠰᠦᠨ ᠵᠢᠯ ᠤᠨ ᠳᠦᠷᠢᠮᠲᠦ ᠰᠤᠷᠭᠠᠭᠤᠯᠢ ᠪᠣᠯᠣᠨ᠎ᠠ᠃ ᠨᠡᠶᠢᠲᠡ 72 ᠵᠢᠭᠠᠨ ᠰᠤᠷᠭᠠᠯᠲᠠ ᠶᠢᠨ ᠠᠩᠭᠢ ᠪᠠᠷ ᠲᠥᠯᠥᠪᠯᠡᠨ᠂ ᠡᠭᠦᠨ ᠤ ᠳᠣᠲᠣᠷ᠎ᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭᠢ 24᠂ ᠪᠠᠭ᠎ᠠ ᠰᠤᠷᠭᠠᠭᠤᠯᠢ ᠶᠢᠨ ᠠᠩᠭᠢ 48 ᠪᠣᠶ᠃      ᠲᠣᠰ ᠰᠤᠷᠭᠠᠭᠤᠯᠢ ᠶᠢ ᠪᠠᠶᠢᠭᠤᠯᠤᠨ ᠭᠡᠷᠡᠭᠯᠡᠬᠦ ᠨᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠰᠠᠶᠢᠬᠠᠨ ᠲᠣᠭᠤᠷᠢᠭ ᠵᠢᠴᠢ ᠪᠥᠬᠦ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠲᠦᠯᠬᠢᠨ ᠠᠬᠢᠭᠤᠯᠬᠤ ᠪᠣᠯᠣᠨ᠎ᠠ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号