5 ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ 2020 ᠣᠨ ᠠᠴᠠ ᠡᠬᠢᠯᠡᠨ᠂ ᠬᠥᠬᠡᠬᠤᠲᠠ ᠨᠢᠭᠡᠨᠲᠡ ᠳᠥᠷᠪᠡᠨ | ᠵᠢᠯ ᠳᠠᠷᠠᠭᠠᠯᠠᠨ ᠵᠢᠯ ᠪᠤᠯᠭᠠᠨ 1000 ᠨᠡᠷᠡᠰ ᠨᠡᠶᠢᠭᠡᠮ ᠲᠣᠭᠤᠷᠢᠭ ᠤᠨ ᠠᠵᠢᠯᠲᠠᠨ ᠢ ᠢᠯᠡ ᠪᠠᠷ ᠰᠢᠯᠭᠠᠨ | ᠡᠯᠰᠡᠪᠡ᠃ | ᠣᠶᠢᠯᠠᠭᠠᠭᠰᠠᠨ ᠢᠶᠠᠷ᠂ 1 ᠰᠠᠷ᠎ᠠ ᠶᠢᠨ 7 ᠤ ᠡᠳᠦᠷ᠂ ᠬᠥᠬᠡᠬᠤᠲᠠ ᠶᠢᠨ ᠠᠷᠠᠳ ᠤᠨ ᠶᠠᠪᠤᠳᠠᠯ ᠤᠨ | ᠲᠣᠪᠴᠢᠶ᠎ᠠ ᠨᠢᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠲᠠᠢ ᠬᠠᠮᠲᠤᠷᠠᠨ ︽ᠨᠡᠶᠢᠭᠡᠮ ᠲᠣᠭᠤᠷᠢᠭ ᠤᠨ ᠠᠵᠢᠯᠲᠠᠨ ᠤ ︿ ᠭᠤᠷᠪᠠᠨ ᠠᠵᠢᠯ ᠤᠨ ᠪᠠᠶᠢᠷᠢ | ᠠᠷᠪᠠᠨ ᠨᠠᠢᠮᠠᠨ ᠲᠠᠰ ﹀ ᠤᠨ ᠴᠠᠯᠢᠩ ᠣᠯᠭᠤᠮᠵᠢ ᠶᠢ ᠲᠣᠬᠢᠷᠠᠭᠤᠯᠬᠤ ᠲᠤᠬᠠᠶ ᠨᠥᠬᠦᠪᠥᠷᠢ ᠮᠡᠳᠡᠭᠳᠡᠯ︾ ︵ | ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠲᠠᠷᠬᠠᠭᠠᠭᠰᠠᠨ ﹇2023﹈ 5 ᠳ᠋ᠤᠭᠠᠷ ᠲᠣᠭᠠᠲᠤ︶ ᠢ | ᠳᠠᠷᠤᠮᠠᠯᠯᠠᠨ ᠲᠠᠷᠬᠠᠭᠠᠵᠤ᠂ 2020 ᠣᠨ ᠳᠤ ᠪᠥᠬᠦ ᠬᠤᠲᠠ ᠶᠢᠨ ᠨᠢᠭᠡᠳᠦᠯᠲᠡᠶ ᠢᠯᠡ ᠪᠠᠷ ᠰᠢᠯᠭᠠᠨ ᠡᠯᠰᠡᠵᠦ | ᠤᠷᠢᠨ ᠬᠡᠷᠡᠭᠯᠡᠭᠰᠡᠨ ᠪᠥᠭᠡᠳ ︽ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠨ ᠲᠠᠰ︾ ᠲᠤ ᠣᠷᠣᠭᠤᠯᠤᠭᠰᠠᠨ | ᠨᠡᠶᠢᠭᠡᠮ ᠲᠣᠭᠤᠷᠢᠭ ᠤᠨ ᠠᠵᠢᠯᠲᠠᠨ ᠵᠢᠴᠢ 2021 ᠣᠨ ᠪᠠ 2022 ᠣᠨ ᠳᠤ ᠪᠥᠬᠦ ᠬᠤᠲᠠ ᠶᠢᠨ ᠨᠢᠭᠡᠳᠦᠯᠲᠡᠶ | ᠢᠯᠡ ᠪᠠᠷ ᠰᠢᠯᠭᠠᠨ ᠡᠯᠰᠡᠵᠦ ᠤᠷᠢᠨ ᠬᠡᠷᠡᠭᠯᠡᠭᠰᠡᠨ ᠨᠡᠶᠢᠭᠡᠮ ᠲᠣᠭᠤᠷᠢᠭ ᠤᠨ ᠠᠵᠢᠯᠲᠠᠨ ᠤ ᠲᠤᠳᠤᠷᠠᠬᠢ ᠠᠵᠢᠯ ᠤᠨ | ᠪᠠᠶᠢᠷᠢ᠂ ᠰᠤᠷᠭᠠᠨ ᠬᠥᠮᠦᠵᠢᠯ ᠭᠥᠷᠳᠡᠭᠰᠡᠨ ᠬᠡᠮᠵᠢᠶ᠎ᠡ ᠵᠡᠷᠭᠡ ᠪᠠᠶᠢᠳᠠᠯ ᠳᠤ ᠬᠤᠪᠢᠷᠠᠯᠲᠠ ᠭᠠᠷᠤᠭᠰᠠᠨ ᠳᠤᠨᠢ | ᠴᠠᠯᠢᠩ ᠢ ᠨᠢ ᠳᠣᠭᠢᠷᠠᠭᠤᠯᠤᠨ ᠲᠠᠰ ᠢ ᠨᠢ ᠳᠣᠭᠢᠷᠠᠭᠤᠯᠵᠦ ᠦᠭᠭᠦᠨ᠎ᠡ ᠭᠡᠪᠡ᠃ ᠣᠳᠣᠬᠠᠨ ᠳᠤ᠂ ᠴᠠᠯᠢᠩ | ᠲᠣᠬᠢᠷᠠᠭᠤᠯᠬᠤ ᠪᠠ ᠲᠠᠰ ᠲᠣᠬᠢᠷᠠᠭᠤᠯᠬᠤ ᠠᠵᠢᠯ ᠢ ᠨᠢᠭᠡᠨᠲᠡ ᠪᠦᠬᠦᠨ ᠢ ᠳᠠᠭᠤᠰᠬᠠᠵᠤ᠂ ᠨᠡᠶᠢᠲᠡ 1061 | ᠬᠥᠮᠦᠨ ᠳᠤ ᠬᠤᠯᠪᠣᠭᠳᠠᠵᠠᠶ᠃ ᠡᠭᠦᠨ ᠳᠤ ᠨᠡᠶᠢᠭᠡᠮ ᠲᠣᠭᠤᠷᠢᠭ ᠤᠨ ᠠᠵᠢᠯᠲᠠᠨ ᠤ ᠬᠦᠯᠦᠰᠦ ᠣᠯᠭᠤᠮᠵᠢ ᠶᠢ | ᠨᠡᠶᠢᠲᠡ 482.43 ᠲᠦᠮᠡᠨ ᠲᠥᠭᠦᠷᠢᠭ ᠨᠡᠮᠡᠨ ᠨᠥᠬᠦᠪᠥᠷᠢᠯᠡᠵᠦ᠂ ᠬᠠᠮᠤᠭ ᠤᠨ ᠥᠨᠳᠥᠷ ᠲᠣᠬᠢᠷᠠᠭᠤᠯᠤᠯᠲᠠ | ᠬᠢᠭᠰᠡᠨ ᠨᠢ 3 ᠳᠡᠰ ᠠᠴᠠ ᠨᠢ 12 ᠳᠡᠰ ᠪᠣᠯᠭᠠᠨ ᠲᠣᠬᠢᠷᠠᠭᠤᠯᠵᠤ᠂ ᠰᠠᠷ᠎ᠠ ᠶᠢᠨ ᠴᠠᠯᠢᠩ ᠨᠢ 1529 ᠲᠥᠭᠦᠷᠢᠭ | ᠨᠡᠮᠡᠭᠳᠡᠪᠡ᠃ ᠡᠭᠦᠨ ᠠᠴᠠ ᠭᠠᠳᠠᠨ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠪᠡᠶ᠎ᠡ ᠪᠠᠨ ᠳᠠᠭᠠᠭᠠᠵᠤ ᠰᠢᠯᠭᠠᠨ | ᠡᠯᠰᠡᠵᠦ ᠪᠠᠶᠢᠭ᠎ᠠ ᠨᠡᠶᠢᠭᠡᠮ ᠲᠣᠭᠤᠷᠢᠭ ᠤᠨ ᠠᠵᠢᠯᠲᠠᠨ ᠢ ᠴᠤ ︽ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠨ | ᠲᠠᠰ︾ ᠤᠨ ᠴᠠᠯᠢᠩ ᠬᠥᠯᠥᠰᠥ ᠶᠢᠨ ᠰᠢᠰᠲ᠋ᠧᠮ ᠳᠤ ᠤᠷᠤᠭᠤᠯᠵᠤ᠂ ᠬᠤᠲᠠ ᠶᠢᠨ ᠲᠠᠰ ᠤᠨ ᠰᠢᠯᠭᠠᠨ ᠡᠯᠰᠡᠵᠦ | ᠪᠠᠶᠢᠭ᠎ᠠ ᠨᠡᠶᠢᠭᠡᠮ ᠲᠣᠭᠤᠷᠢᠭ ᠤᠨ ᠠᠵᠢᠯᠲᠠᠨ ᠲᠠᠢ ᠬᠠᠮᠲᠤ ᠳᠤᠨᠢ ᠲᠣᠰ ᠤᠳᠠᠭᠠᠨ ᠤ ᠴᠠᠯᠢᠩ ᠬᠥᠯᠥᠰᠥ ᠶᠢᠨ | ᠲᠣᠬᠢᠷᠠᠭᠤᠯᠤᠯᠲᠠ ᠶᠢ ᠬᠢᠪᠡ᠂ ᠡᠨᠡ ᠨᠢ ᠨᠡᠶᠢᠲᠡ 144 ᠬᠥᠮᠦᠨ ᠳᠤ ᠬᠤᠯᠪᠣᠭᠳᠠᠵᠤ᠂ 85.6 ᠲᠦᠮᠡᠨ | ᠲᠥᠭᠦᠷᠢᠭ ᠤᠨ ᠪᠠᠯᠠᠮᠥ᠋ᠩᠭᠦ ᠲᠠᠢ ᠬᠤᠯᠪᠣᠭᠳᠠᠵᠠᠢ᠃ |