ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ | 25 ᠤ ᠡᠳᠦᠷ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠣᠰ ᠡᠳᠦᠷ ᠠᠴᠠ ᠡᠬᠢᠯᠡᠨ᠂ ᠥᠪᠥᠷ ᠮᠣᠩᠭᠤᠯ ᠤᠨ | 12 ᠠᠶᠢᠮᠠᠭ ᠬᠤᠲᠠ ᠳᠤ ᠣᠷᠣᠨ ᠤ ᠭᠠᠳᠠᠨᠠᠬᠢ ᠡᠷᠦᠬᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠠᠩᠬ᠎ᠠ ᠤᠳᠠᠭ᠎ᠠ ᠭᠤᠶᠤᠴᠢᠯᠠᠨ ᠠᠪᠬᠤ᠂ ᠡᠷᠦᠬᠡ ᠠᠮᠠ ᠰᠢᠯᠵᠢᠭᠦᠯᠬᠦ᠂ ᠡᠷᠦᠬᠡ ᠠᠮᠠ ᠶᠢᠨ | ᠭᠡᠷᠡᠴᠢᠯᠡᠭᠡ ᠬᠢᠬᠦ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠪᠠ ᠣᠷᠣᠨ ᠤ ᠳᠣᠲᠣᠷᠠᠬᠢ ᠡᠷᠦᠬᠡ | ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ ᠤᠨ ᠠᠩᠬ᠎ᠠ ᠤᠳᠠᠭ᠎ᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ | ᠭᠤᠶᠤᠴᠢᠯᠠᠨ ᠠᠪᠬᠤ ︽ᠣᠷᠣᠨ ᠤ ᠳᠣᠲᠣᠭᠠᠳᠤ ᠳᠤ ᠨᠡᠶᠢᠳᠡᠮ ᠰᠢᠢᠳᠪᠦᠷᠢᠯᠡᠬᠦ︾ ᠠᠵᠢᠯ ᠢ ᠪᠥᠬᠦ ᠲᠠᠯ᠎ᠠ ᠪᠠᠷ | ᠥᠷᠨᠢᠭᠦᠯᠬᠦ ᠪᠣᠯᠣᠨ᠎ᠠ᠃ | ᠠᠩᠬ᠎ᠠ ᠠᠯᠬᠤᠮ ᠵᠢᠱᠢᠬᠦ ᠪᠠᠷ᠂ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ︽ᠣᠷᠣᠨ ᠤ | ᠳᠣᠲᠣᠭᠠᠳᠤ ᠳᠤ ᠨᠡᠶᠢᠳᠡᠮ ᠰᠢᠢᠳᠪᠦᠷᠢᠯᠡᠬᠦ︾ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ | ᠠᠷᠭ᠎ᠠ ᠬᠡᠮᠵᠢᠶ᠎ᠡ ᠨᠢ ᠵᠢᠯ ᠪᠦᠷᠢ 9 ᠲᠦᠮᠡ ᠭᠠᠷᠤᠶ ᠣᠯᠠᠨ ᠲᠦᠮᠡᠨ ᠳᠤ ᠠᠰᠢᠭ ᠬᠦᠷᠲᠡᠭᠡᠬᠦ ᠪᠣᠯᠤᠨ᠎ᠠ᠃ |