ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠠᠨ ᠤ ᠰᠢᠶᠠᠨ ᠤ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠠᠷᠠᠴᠢᠯᠠᠯᠲᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠯᠲᠠ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/31
     5 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠠᠷᠠᠴᠢᠯᠠᠯᠲᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠯᠲᠠ ᠶᠢᠨ ᠳᠥᠷᠪᠡᠳᠦᠭᠡᠷ ᠰᠢᠮᠳᠠᠭᠤᠯᠤᠨ ᠪᠠᠶᠢᠴᠠᠭᠠᠯᠲᠠ ᠶᠢᠨ ᠳᠤᠭᠤᠶᠢᠯᠠᠩ ᠤᠨ ᠳᠠᠷᠤᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠥᠭᠵᠢᠭᠦᠯᠦᠯᠲᠡ ᠶᠢᠨ ᠲᠥᠪ ᠤᠨ ᠬᠥᠳᠡᠭᠡ ᠲᠣᠰᠬᠤᠨ ᠬᠢᠭᠡᠳ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠭᠠᠵᠠᠷ ᠤᠨ ᠳᠠᠷᠤᠭ᠎ᠠ ᠫᠠᠩ ᠳ᠋ᠧ ᠦ᠋ ᠠᠩᠭᠢ ᠳᠠᠭᠠᠭᠤᠯᠤᠨ ᠮᠠᠨ ᠤ ᠰᠢᠶᠠᠨ ᠳᠤ ᠢᠷᠡᠵᠦ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠶᠢᠨ ᠬᠠᠮᠲᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠠᠷᠠᠴᠢᠯᠠᠯᠲᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠯᠲᠠ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠧᠶ ᠵᠧᠩ ᠮᠤᠤ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠵᠢᠴᠢ ᠬᠤᠲᠠ᠂ ᠰᠢᠶᠠᠨ ᠤ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠣᠷᠣᠯᠴᠠᠵᠠᠶ᠃
     ᠬᠤᠷᠠᠯ ᠳᠡᠭᠡᠷ᠎ᠡ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠬᠤᠷᠢᠨᠭᠡᠷ ᠰᠢᠶᠠᠨ ᠤ ︽ᠲᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ ᠤᠬᠠᠭᠤᠯᠭ᠎ᠠ ᠶᠢᠨ ᠹᠢᠯᠢᠮ ᠢ ᠦᠵᠡᠵᠡᠢ︔ ᠮᠠᠨ ᠤ ᠬᠤᠲᠠ᠂ ᠰᠢᠶᠠᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠠᠷᠠᠴᠢᠯᠠᠯᠲᠠ ᠲᠡᠭᠡᠭᠡᠪᠦᠷᠢ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠ ᠰᠢᠮᠳᠠᠭᠤᠯᠤᠨ ᠪᠠᠶᠢᠴᠠᠭᠠᠯᠲᠠ ᠶᠢᠨ ᠠᠵᠢᠯ ᠤᠨ ᠵᠣᠷᠢᠯᠭ᠎ᠠ᠂ ᠠᠭᠤᠯᠭ᠎ᠠ ᠪᠠ ᠬᠠᠮᠢᠶ᠎ᠠ ᠪᠥᠬᠦᠶ ᠱᠠᠭᠠᠷᠳᠠᠯᠭ᠎ᠠ ᠶᠢᠨ ᠲᠤᠬᠠᠶ ᠲᠣᠳᠣᠷᠬᠠᠶᠢᠯᠠᠯᠲᠠ ᠬᠢᠪᠠ᠃      ᠫᠠᠩ ᠳ᠋ᠧ ᠦ᠋ ᠮᠠᠨ ᠤ ᠰᠢᠶᠠᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠵᠢᠴᠢ ᠪᠥᠲᠥᠭᠡᠨ ᠪᠠᠶᠢᠭᠤᠯᠬᠤ ᠬᠠᠮᠢᠶᠠᠷᠬᠤ ᠠᠷᠠᠴᠢᠯᠠᠬᠤ ᠵᠥᠭᠡᠭᠡᠪᠦᠷᠢᠯᠡᠬᠦ ᠶᠢ ᠪᠥᠬᠦ ᠲᠠᠯ᠎ᠠ ᠪᠠᠷ ᠵᠣᠬᠢᠴᠠᠭᠤᠯᠤᠨ ᠠᠬᠢᠭᠤᠯᠬᠤ ᠠᠵᠢᠯ ᠢ ᠭᠦᠢᠴᠡᠳ ᠨᠤᠲᠠᠯᠠᠭᠰᠠᠨ ᠤ ᠬᠠᠮᠲᠤ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠪᠣᠯ ᠣᠯᠠᠨ ᠲᠦᠮᠡᠨ ᠤ ᠶᠠᠪᠤᠵᠤ ᠰᠠᠭᠤᠬᠤ ᠳᠤ ᠬᠤᠯᠪᠣᠭᠳᠠᠵᠤ᠂ ᠨᠠᠮ ᠪᠠ ᠣᠯᠠᠨ ᠲᠦᠮᠡᠨ ᠤ ᠰᠡᠳᠬᠢᠯ ᠤᠨ ᠵᠠᠮ ᠮᠥᠨ᠂ ᠡᠷᠬᠡᠪᠰᠢ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠢ ᠣᠳᠣᠬᠠᠨ ᠤ ᠴᠢᠨᠠᠭᠰᠢᠯᠠᠪᠠᠯ ᠬᠤᠶᠢᠰᠢᠳᠠ ᠶᠢᠨ ᠠᠵᠢᠯ ᠤᠨ ᠨᠢᠭᠡᠨ ᠶᠡᠭᠡ ᠶᠠᠪᠤᠳᠠᠯ ᠪᠣᠯᠭᠠᠨ ᠠᠳᠬᠤᠵᠤ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠢ ᠦᠷᠭᠦᠯᠵᠢᠯᠡᠨ ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠬᠦ ᠬᠡᠷᠡᠭᠲᠡᠶ ᠭᠡᠵᠦ ᠳᠤᠷᠠᠳᠤᠨ ᠭᠠᠷᠭᠠᠵᠠᠶ᠃
     ᠭᠤᠤ ᠹᠧᠩ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠤᠷᠲᠤ ᠬᠤᠭᠤᠴᠠᠭᠠᠨ ᠤ ᠲᠤᠷᠰᠢ ᠬᠤᠷᠢᠨᠭᠡᠷ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠳᠤ ᠦᠵᠡᠭᠦᠯᠦᠭᠰᠡᠨ ᠬᠦᠴᠦᠲᠡᠶ ᠳᠡᠮᠵᠢᠯᠭᠡ ᠪᠠ ᠨᠠᠷᠢᠨ ᠨᠢᠮᠪᠠᠶ ᠵᠢᠯᠣᠭᠤᠳᠣᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠡᠭᠦᠨ ᠤ ᠬᠠᠮᠲᠤ᠂ ᠬᠤᠷᠢᠨᠭᠡᠷ ᠰᠢᠶᠠᠨ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠦᠨᠡᠨᠬᠦ ᠠᠳᠬᠤᠨ ᠪᠣᠳᠠᠲᠠᠶ ᠠᠵᠢᠯᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠲᠦᠷᠭᠡᠳᠬᠡᠵᠦ᠂ ᠠᠷᠠᠳ ᠣᠯᠠᠨ ᠳᠤ ᠨᠠᠩ ᠰᠠᠶᠢᠨ ᠵᠠᠮ ᠲᠡᠭᠡᠭᠡᠪᠦᠷᠢ ᠶᠢᠨ ᠪᠠᠲᠤᠯᠠᠭ᠎ᠠ ᠬᠠᠩᠭᠠᠨ᠎ᠠ ᠭᠡᠵᠦ ᠢᠯᠡᠷᠬᠡᠶᠢᠯᠡᠵᠡᠶ᠃      ᠶᠠᠷᠢᠯᠴᠠᠬᠤ ᠬᠤᠷᠠᠯ ᠲᠡᠭᠦᠰᠦᠭᠰᠡᠨ ᠤ ᠲᠠᠷᠠᠭ᠎ᠠ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠮᠠᠨ ᠤ ᠰᠢᠶᠠᠨ ᠤ ᠦᠢᠯᠡᠴᠢᠯᠡᠭᠡᠨ ᠤ ᠦᠷᠳᠡᠭᠡ᠂ ᠠᠷᠠᠴᠢᠯᠠᠨ ᠬᠠᠮᠠᠭᠠᠯᠠᠬᠤ ᠦᠷᠳᠡᠭᠡ ᠵᠡᠷᠭᠡ ᠳᠤ ᠭᠦᠨᠵᠡᠭᠡᠶᠢᠷᠡᠵᠦ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠢ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠪᠡ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号