ᠬᠤᠷᠢᠨᠭᠡᠷ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠵᠢᠱᠢᠶᠡᠴᠢ ᠳᠠᠭᠤᠷᠢᠶᠠᠯ ᠠᠴᠠ ᠰᠤᠷᠤᠯᠴᠠᠵᠤ ᠤᠬᠠᠭᠤᠯᠤᠨ ᠲᠠᠶᠢᠯᠪᠤᠷᠢᠯᠠᠬᠤ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/5/31
     ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠤᠯᠠᠨ ᠲᠦᠮᠡᠨ ᠤ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠵᠤ᠂ ᠶᠣᠰᠣ ᠰᠤᠷᠲᠠᠬᠤᠨ ᠤ ᠵᠢᠱᠢᠶᠡᠴᠢ ᠶᠢᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠤᠢᠢᠷ᠎ᠠ ᠳᠤ᠂ ᠬᠤᠷᠢᠨᠭᠡᠷ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ︽ᠥᠪᠥᠷ ᠮᠣᠩᠭᠤᠯ ᠤᠨ ᠰᠠᠶᠢᠨ ᠬᠥᠮᠦᠨ︾ ᠵᠠᠩ ᠶᠦᠩ᠂ ︽ᠬᠦᠬᠡ ᠬᠤᠳᠠ ᠶᠢᠨ ᠰᠠᠶᠢᠨ ᠬᠥᠮᠦᠨ︾ ᠳ᠋ᠠᠩ ᠴᠦᠨ ᠯᠢ ᠵᠢᠴᠢ ᠬᠤᠳᠠ ᠶᠢᠨ ᠲᠡᠰ ᠤᠨ ︽ᠲᠠᠪᠤᠨ ᠰᠠᠶᠢᠨᠲᠠᠢ ᠭᠡᠷ ᠪᠦᠯᠢ︾ ᠦ᠋ ᠰᠢᠶᠠ ᠶᠢ ᠤᠷᠢᠵᠤ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠥᠷᠨᠢᠭᠦᠯᠵᠡᠢ᠃
     ᠤᠬᠠᠭᠤᠯᠤᠨ ᠲᠠᠶᠢᠯᠪᠤᠷᠢᠯᠠᠭᠰᠠᠨ ᠬᠦᠨᠳᠦᠲᠦ ᠵᠣᠴᠢᠳ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠥᠪᠡᠷ ᠤᠨ ᠲᠡᠷᠢᠭᠦᠨ ᠤ ᠦᠢᠯᠡ ᠠᠵᠢᠯᠯᠠᠭ᠎ᠠ ᠪᠠᠨ ᠬᠤᠪᠢᠶᠠᠯᠴᠠᠵᠤ᠂ ᠠᠭᠤᠯᠭ᠎ᠠ ᠶᠢ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ᠂ ᠠᠷᠢᠭᠤᠨ ᠴᠢᠬᠡᠴᠢ ᠦᠯᠢᠭᠡᠷ᠂ ᠭᠡᠷ ᠤᠨ ᠰᠤᠷᠲᠠᠯ ᠭᠡᠷ ᠤᠨ ᠰᠤᠷᠭᠠᠯ ᠤᠨ ᠦᠯᠢᠭᠡᠷ ᠵᠡᠷᠭᠡ ᠲᠠᠢ ᠨᠢᠭᠲᠠ ᠤᠶᠠᠯᠳᠤᠭᠤᠯᠵᠤ᠂ ᠬᠤᠷᠠᠯ ᠳᠤ ᠣᠷᠣᠯᠴᠠᠭᠰᠠᠳ ᠲᠤ ᠡᠭᠡᠯ ᠵᠢᠷ ᠤᠨ ᠬᠥᠮᠦᠰ ᠤᠨ ᠬᠠᠶᠢᠷ᠎ᠠ ᠰᠡᠳᠬᠢᠯᠭᠡ ᠶᠢ ᠮᠡᠳᠡᠷᠡᠭᠦᠯᠵᠦ᠂ ᠪᠦᠬᠦ ᠰᠣᠨᠣᠰᠤᠭᠴᠢᠳ ᠢ ᠲᠦᠢᠯ ᠤᠨ ᠶᠡᠭᠡ ᠪᠠᠷ ᠨᠥᠯᠥᠭᠡᠯᠡᠨ ᠵᠣᠷᠢᠭᠵᠢᠭᠤᠯᠪᠠ᠃      ᠤᠯᠠᠨ ᠢᠶᠠᠷ ᠢᠶᠠᠨ᠂ ᠳᠡᠳᠡᠨ ᠤ ᠲᠡᠷᠢᠭᠦᠨ ᠤ ᠦᠢᠯᠡ ᠠᠵᠢᠯᠯᠠᠭ᠎ᠠ ᠪᠣᠯᠤᠨ ᠳᠤᠪᠤᠶᠢᠮ᠎ᠠ ᠬᠤᠪᠢ ᠨᠡᠮᠡᠷᠢ ᠨᠢ ᠬᠥᠮᠦᠰ ᠢ ᠵᠣᠷᠢᠭᠵᠢᠭᠤᠯᠵᠤ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠂ ᠬᠤᠶᠢᠰᠢᠳᠠ ᠳᠡᠳᠡᠨ ᠢᠶᠠᠷ ᠦᠯᠢᠭᠡᠷ ᠳᠠᠭᠤᠷᠢᠶᠠᠯ ᠪᠣᠯᠭᠠᠵᠤ᠂ ᠯᠠᠪᠳᠠᠭᠤᠨ ᠪᠠᠲᠤᠲᠠᠢ ᠪᠠᠷ ︽ᠪᠠᠭ᠎ᠠ ᠶᠠᠪᠤᠳᠠᠯ︾ ᠪᠦᠬᠦᠨ ᠢ ᠰᠠᠶᠢᠲᠤᠷ ᠬᠢᠵᠦ᠂ ᠰᠠᠶᠢᠨ ᠬᠥᠮᠦᠨ ᠪᠣᠯᠬᠤ ᠪᠠᠷ ᠴᠢᠷᠮᠠᠶᠢᠵᠤ᠂ ᠵᠢᠱᠢᠶᠡᠴᠢ ᠪᠣᠯᠬᠤ ᠪᠠᠷ ᠴᠢᠷᠮᠠᠶᠢᠵᠤ᠂ ᠠᠵᠢᠯ ᠠᠮᠢᠳᠤᠷᠠᠯ ᠤᠨ ᠳᠤᠮᠳᠠ ᠪᠠᠨ ᠦᠯᠢᠭᠡᠷ ᠳᠠᠭᠤᠷᠢᠶᠠᠯ ᠤᠨ ᠬᠦᠴᠦᠨ ᠢ ᠪᠠᠳᠠᠷᠠᠭᠤᠯᠵᠤ᠂ ᠥᠪᠡᠷ ᠤᠨ ᠬᠤᠪᠢ ᠨᠡᠮᠡᠷᠢ ᠪᠠᠨ ᠢᠳᠡᠪᠬᠢᠲᠡᠢ ᠦᠵᠡᠭᠦᠯᠦᠨ᠎ᠡ ᠭᠡᠵᠦ ᠢᠯᠡᠳᠬᠡᠵᠡᠭᠡᠪᠡ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号