ᠭᠤᠤ ᠹᠧᠩ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠪᠠ
ᠨᠡᠶᠢᠲᠡᠯᠡᠭᠰᠡᠨ ᠴᠠᠭ᠄
2023/5/31
     5 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠰᠢᠶᠠᠨ ᠤ ᠳᠠᠷᠤᠭ᠎ᠠ ᠭᠤᠤ ᠹᠧᠩ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠬᠤᠷᠠᠯ ᠤᠨ ᠭᠡᠷ ᠲᠤ ᠲᠣᠬᠢᠷᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠨᠢᠭᠡᠳ ᠨᠢᠭᠡ ᠪᠠᠷ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠭᠰᠠᠨ ᠪᠥᠭᠡᠳ ᠰᠢᠢᠳᠪᠦᠷᠢᠯᠡᠬᠦ ᠠᠷᠭ᠎ᠠ ᠪᠠ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠵᠠᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠶᠢᠨ ᠬᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠭᠤᠣᠯᠯᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ ᠪᠠᠲᠤ ᠡᠭᠦᠷᠭᠡᠯᠡᠵᠦ᠂ ᠬᠠᠤᠯᠢ ᠲᠣᠭᠲᠠᠭᠠᠯ ᠶᠣᠰᠣᠭᠠᠷ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠵᠣᠬᠢᠰᠲᠠᠢ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃
     ᠭᠤᠤ ᠹᠧᠩ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠬᠦᠰᠡᠯ ᠱᠠᠭᠠᠷᠳᠠᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠦᠷᠦ ᠶᠢᠨ ᠪᠤᠳᠤᠯᠭ᠎ᠠ ᠶᠢᠨ ᠦᠨᠳᠦᠰᠦ ᠪᠠᠷᠢᠮᠲᠠ ᠶᠢ ᠪᠦᠬᠦ ᠲᠠᠯ᠎ᠠ ᠪᠠᠷ ᠡᠮᠬᠢᠯᠡᠵᠦ᠂ ᠬᠠᠤᠯᠢ ᠶᠣᠰᠣᠭᠠᠷ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ︔ ᠤᠯᠠᠨ ᠡᠰᠢᠴᠢᠯᠡᠭᠰᠡᠨ ᠰᠢᠢᠳᠪᠦᠷᠢᠯᠡᠬᠦ ᠲᠣᠭᠲᠠᠴᠠ ᠶᠢ ᠭᠦᠢᠴᠡᠳ ᠠᠰᠢᠭᠯᠠᠵᠤ᠂ ᠰᠠᠯᠠᠭ᠎ᠠ ᠮᠥᠴᠢᠷ ᠯᠦᠭᠡ ᠶᠢᠨ ᠵᠣᠯᠭᠠᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠨᠡᠶᠢᠭᠡᠮ ᠤᠨ ᠬᠦᠴᠦᠨ ᠢ ᠪᠦᠲᠦᠮᠵᠢᠲᠡᠢ ᠵᠣᠬᠢᠶᠠᠨ ᠪᠠᠶᠢᠭᠤᠯᠵᠤ ᠵᠣᠬᠢᠴᠠᠭᠤᠯᠤᠨ ᠨᠠᠮᠳᠠᠭᠤᠯᠬᠤ ᠳᠤ ᠣᠷᠣᠯᠴᠠᠭᠤᠯᠵᠤ᠂ ᠤᠯᠠᠨ ᠲᠦᠮᠡᠨ ᠤ ︽ᠶᠠᠭᠠᠷᠠᠵᠤ ᠬᠦᠴᠢᠷᠳᠡᠵᠦ ᠵᠤᠪᠠᠵᠤ ᠬᠦᠰᠡᠵᠦ︾ ᠪᠠᠶᠢᠭ᠎ᠠ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠬᠦ ᠬᠡᠷᠡᠭᠲᠡᠢ︔ ᠨᠢᠭᠡ ᠠᠴᠠ ᠵᠦᠢᠴᠢᠯᠡᠵᠦ ᠨᠦᠬᠦᠭᠡ ᠶᠢ ᠪᠣᠳᠣᠬᠤ᠂ ᠭᠤᠣᠯᠳᠠᠯᠭ᠎ᠠ ᠲᠠᠢ ᠬᠦᠷᠢᠶᠡᠨ ᠤ ᠵᠥᠷᠢᠴᠡᠯ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠪᠠᠶᠢᠴᠠᠭᠠᠨ ᠡᠮᠬᠢᠯᠡᠵᠦ᠂ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠡᠪᠡᠷᠰᠢᠶᠡᠯ ᠲᠠᠢ ᠠᠰᠠᠭᠤᠳᠠᠯ ᠲᠦᠭᠵᠢᠷᠡᠯ ᠲᠠᠢ ᠠᠰᠠᠭᠤᠳᠠᠯ ᠬᠦᠴᠢᠷ ᠠᠰᠠᠭᠤᠳᠠᠯ ᠢ ᠰᠢᠰᠲ᠋ᠧᠮᠲᠤ ᠴᠢᠨᠠᠷᠲᠠᠢ ᠪᠠᠷ ᠰᠢᠢᠳᠪᠦᠷᠢᠯᠡᠬᠦ ᠬᠡᠷᠡᠭᠲᠡᠢ︔ ᠵᠥᠷᠢᠴᠡᠯ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ ᠂ ᠴᠠᠭ ᠲᠤᠬᠠᠢ ᠳᠤᠨᠢ ᠣᠷᠣᠯᠴᠠᠵᠤ ᠰᠢᠢᠳᠪᠦᠷᠢᠯᠡᠨ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠭᠰᠡᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号