ᠬᠤᠷᠢᠨᠭᠡᠷ ᠴᠠᠭᠠᠰᠤᠨ ᠬᠠᠶᠢᠴᠢᠯᠠᠮᠠᠯ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠪᠦᠲᠦᠭᠡᠯ ᠤᠨ ᠦᠵᠡᠰᠬᠦᠯᠡᠩ ᠳᠤ ᠶᠡᠭᠡ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄
2023/5/31
     ᠣᠶᠢᠷ᠎ᠠ ᠳᠤ᠂ ᠬᠤᠷᠢᠨᠭᠡᠷ ᠤᠨ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ ᠤᠨ ᠰᠣᠩᠭᠤᠨ ᠬᠦᠷᠭᠡᠭᠰᠡᠨ ᠬᠤᠷᠢᠨᠭᠡᠷ ᠤᠨ ᠴᠠᠭᠠᠰᠤᠨ ᠬᠠᠶᠢᠴᠢᠯᠠᠮᠠᠯ ᠤᠨ ᠪᠦᠲᠦᠭᠡᠯ ︽ᠬᠡᠷ ᠨᠢ ᠬᠠᠲᠤᠨ ᠭᠤᠤᠯ ᠤᠨ ᠬᠥᠪᠡᠭᠡᠨ ᠳᠤ ᠰᠠᠭᠤᠵᠤ ᠪᠠᠶᠢᠨ᠎ᠠ︾ ︵ᠺᠠᠩ ᡁᠢ ᠡᠯ ᠵᠣᠬᠢᠶᠠᠪᠠ︶᠂ ︽ᠮᠣᠩᠭᠤᠯ ᠦᠨᠳᠦᠰᠦᠲᠡᠨ ᠤ ᠬᠠᠭᠤᠴᠢᠨ ᠪᠦᠭᠡᠯᠢᠭ ᠴᠡᠴᠡᠭ︾ ︵ᠯᠢ ᠮᠣᠣ ᠷᠧᠨ ᠵᠣᠬᠢᠶᠠᠪᠠ︶᠂ ︽ᠡᠷᠳᠡᠨᠢ ᠰᠢᠰᠢ ᠬᠤᠷᠢᠶᠠᠭᠰᠠᠨ ᠨᠢ︾ ︵ᠯᠢ ᠴᠦᠨ ᠮᠧᠶ ᠵᠣᠬᠢᠶᠠᠪᠠ︶᠂ ︽ᠠᠳᠤᠭᠤ   ᠬᠠᠷᠢᠭᠤᠯᠬᠤ ᠨᠢ︾ ︵ᠨᠢᠦ ᠴᠦᠨ ᠰᠢᠶᠠ ᠵᠣᠬᠢᠶᠠᠪᠠ︶ ᠨᠢ ᠴᠠᠭᠠᠰᠤᠨ ᠬᠠᠶᠢᠴᠢᠯᠠᠮᠠᠯ ᠨᠢ ᠬᠠᠪᠤᠷ ᠮᠡᠲᠦ · ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠪᠦᠲᠦᠭᠡᠯ ᠤᠨ ᠦᠵᠡᠰᠬᠦᠯᠡᠩ ᠳᠤ ᠲᠣᠰ ᠲᠣᠰ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ ᠪᠠ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ᠃ ︽ᠬᠠᠭᠤᠴᠢᠨ ᠴᠡᠴᠡᠭᠲᠦ ᠰᠡᠦᠬᠡ︾ ︵ᠵᠠᠩ ᠭᠠᠢ ᠯᠠᠨ ᠵᠣᠬᠢᠶᠠᠪᠠ︶᠂ ︽ᠲᠠᠯ᠎ᠠ ᠨᠤᠲᠤᠭ ᠤᠨ ᠤᠯᠠᠭᠠᠨᠮᠥ᠋ᠴᠢᠷ︾ ︵ᠬᠠᠨ ᠰᠢᠨ ᠮᠧᠢ ᠵᠣᠬᠢᠶᠠᠪᠠ︶ ᠵᠡᠷᠭᠡ 9 ᠪᠦᠲᠦᠭᠡᠯ ᠰᠢᠯᠢᠳᠡᠭ ᠱᠠᠩᠨᠠᠯ ᠬᠦᠷᠳᠡᠪᠡ᠂ ᠡᠨᠡ ᠪᠣᠯ ᠬᠤᠷᠢᠨᠭᠡᠷ ᠰᠢᠶᠠᠨ ᠤ ᠤᠢᠢᠷ᠎ᠠ ᠶᠢᠨ ᠵᠢᠯ ᠤᠨ ᠤᠳᠬ᠎ᠠ ᠤᠷᠠᠯᠢᠭ ᠤᠨ ᠪᠦᠲᠦᠭᠡᠯ ᠤᠨ ᠪᠦᠬᠦ ᠣᠷᠣᠨ ᠤ ᠴᠢᠨᠠᠷᠲᠠᠢ ᠤᠳᠬ᠎ᠠ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠳᠤ ᠣᠷᠣᠯᠴᠠᠭᠰᠠᠨ ᠱᠠᠩᠨᠠᠯ ᠤᠨ ᠲᠡᠰ ᠢᠶᠠᠷ ᠬᠠᠮᠤᠭ ᠤᠨ ᠥᠨᠳᠥᠷ᠂ ᠲᠤᠭ᠎ᠠ ᠬᠡᠮᠵᠢᠶ᠎ᠡ ᠪᠠᠷ ᠬᠠᠮᠤᠭ ᠤᠨ ᠤᠯᠠᠨ ᠨᠢᠭᠡ ᠤᠳᠠᠭ᠎ᠠ ᠪᠠᠶᠢᠵᠤ᠂ ᠮᠠᠨ ᠤ ᠬᠤᠳᠠ᠂  ᠮᠠᠨ ᠤ ᠰᠢᠶᠠᠨ ᠳᠤ ᠢᠷᠠᠭᠤ ᠠᠯᠳᠠᠷ ᠣᠯᠭᠤᠬᠤ ᠶᠢᠨ ᠬᠠᠮᠲᠤ ᠪᠦᠬᠦ ᠣᠷᠣᠨ ᠤ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠱᠠᠩᠨᠠᠯ ᠢ ᠬᠠᠮᠤᠭ ᠤᠨ ᠤᠯᠠᠨ ᠣᠯᠤᠭᠰᠠᠨ ᠭᠠᠵᠠᠷ ᠣᠷᠣᠨ ᠤ ᠨᠢᠭᠡ ᠪᠣᠯᠤᠨ᠎ᠠ᠃ ᠬᠠᠮᠲᠤ ᠳᠤᠨᠢ ᠡᠷᠭᠢᠯᠡᠭᠰᠡᠨ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠠᠵᠢᠯ ᠪᠠ ᠣᠲᠣ ᠦᠶ᠎ᠡ ᠶᠢᠨ ᠠᠮᠢᠳᠤᠷᠠᠯ ᠤᠨ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠬᠤᠷᠢᠨᠭᠡᠷ ᠰᠢᠶᠠᠨ ᠤ ᠱᠠᠪᠠᠭ᠋ᠠᠢ ᠰᠢᠶᠠᠩ ᠤᠨ 78 ᠨᠠᠰᠤᠲᠠᠶ ᠮᠣᠩᠭᠤᠯ ᠦᠨᠳᠦᠰᠦᠲᠡᠨ ᠤ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠯᠢ ᠮᠤᠤ ᠷᠧᠨ ᠬᠤᠷᠢᠨᠭᠡᠷ ᠴᠠᠭᠠᠰᠤᠨ ᠬᠠᠶᠢᠴᠢᠯᠠᠮᠠᠯ ᠤᠨ ᠱᠠᠩᠨᠠᠯ ᠬᠦᠷᠲᠡᠭᠴᠢ ᠶᠢᠨ ᠡᠮᠦᠨ᠎ᠡ ᠠᠴᠠ ᠶᠠᠷᠢᠶ᠎ᠠ ᠲᠠᠯᠪᠢᠪᠠ᠃ ᠡᠨᠡ ᠨᠢ ᠮᠥᠨ ᠴᠦ ᠯᠢ ᠮᠤᠤ ᠷᠧᠨ ᠨᠠᠰᠤᠲᠠᠨ ᠡᠶᠢᠮᠦᠷᠬᠦ ᠴᠠᠭᠠᠰᠤᠨ ᠬᠠᠶᠢᠴᠢᠯᠠᠮᠠᠯ ᠤᠨ ᠡᠷᠳᠡᠮ ᠰᠢᠨᠵᠢᠯᠡᠭᠡᠨ ᠤ ᠠᠵᠢᠯᠯᠠᠭ᠎ᠠ ᠳᠤ ᠠᠩᠬ᠎ᠠ ᠤᠳᠠᠭ᠎ᠠ ᠣᠷᠣᠯᠴᠠᠵᠤ ᠪᠠᠶᠢᠭ᠎ᠠ ᠶᠠᠪᠤᠳᠠᠯ ᠪᠣᠯᠤᠨ᠎ᠠ᠂ ᠶᠠᠷᠢᠶᠠᠨ ᠳᠠᠭᠠᠨ ᠨᠠᠰᠤᠲᠠᠨ ᠶᠡᠭᠡ ᠰᠠᠶᠢᠬᠠᠨ ᠴᠠᠭ ᠮᠥᠴᠡ ᠪᠠᠨ ᠨᠠᠨᠳᠢᠩᠨᠠᠵᠤ᠂ ᠬᠤᠷᠢᠨᠭᠡᠷ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠢ ᠴᠢᠷᠮᠠᠶᠢᠨ ᠤᠯᠠᠮᠵᠢᠯᠠᠨ ᠬᠥᠭᠵᠢᠭᠦᠯᠵᠦ᠂ ᠵᠠᠯᠠᠭᠤᠴᠤᠳ ᠤᠨ ᠤᠯᠠᠮᠵᠢᠯᠠᠭᠴᠢ ᠪᠠ ᠪᠠᠭ᠋ᠠᠷᠬᠠᠭᠴᠢᠳ ᠢ ᠬᠥᠮᠦᠵᠢᠭᠦᠯᠬᠦ ᠳᠤ ᠥᠲᠡᠯᠦᠭᠡ ᠨᠠᠰᠤ ᠪᠠᠨ ᠵᠣᠷᠢᠭᠤᠯᠬᠤ ᠪᠠᠷ ᠴᠢᠷᠮᠠᠶᠢᠨ᠎ᠠ ᠭᠡᠵᠡᠢ᠂ ᠨᠠᠰᠣᠲᠠᠨ  ᠤ ᠶᠠᠷᠢᠶ᠎ᠠ ᠨᠢ ᠬᠤᠷᠠᠯ ᠳᠤ ᠣᠷᠣᠯᠴᠠᠭᠰᠠᠳ ᠤᠨ ᠰᠡᠳᠬᠢᠯ ᠢ ᠶᠡᠬᠡᠳᠡ ᠳᠣᠭᠳᠣᠯᠤᠭᠤᠯᠵᠠᠶ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠴᠠᠭᠠᠰᠤᠨ ᠬᠠᠶᠢᠴᠢᠯᠠᠮᠠᠯ ᠤᠨ ᠤᠷᠠᠯᠢᠭᠴᠢᠳ ᠲᠤᠬᠠᠢ ᠶᠢᠨ ᠲᠠᠯᠠᠪᠠᠢ ᠳᠤ ᠤᠯᠠᠮᠵᠢᠯᠠᠯᠲᠤ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠴᠠᠭᠠᠰᠤᠨ ᠬᠠᠶᠢᠴᠢᠯᠠᠮᠠᠯ ︵ᠬᠤᠷᠢᠨᠭᠡᠷ ᠤᠨ ᠴᠠᠭᠠᠰᠤᠨ ᠬᠠᠶᠢᠴᠢᠯᠠᠮᠠᠯ︶ ᠤᠨ ᠤᠯᠤᠰ ᠤᠨ ᠲᠡᠰ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ᠂ ᠠᠯᠳᠠᠷᠲᠤ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠶᠡᠭᠡ ᠳᠠᠷᠬᠠᠨ ᠳ᠋ᠤᠸᠠᠨ ᠵᠢᠶᠠᠨ ᠵᠢᠶᠦ᠋ᠨ ᠲᠣᠭᠤᠷᠢᠨ ᠦᠵᠡᠭᠴᠢᠳ ᠲᠤ ᠤᠷ᠎ᠠ ᠮᠡᠷᠭᠡᠵᠢᠯ ᠢᠶᠠᠨ ᠳᠡᠯᠭᠡᠨ ᠦᠵᠡᠭᠦᠯᠵᠦ᠂ ᠠᠷᠪᠠᠨ ᠬᠤᠶᠠᠷ ᠵᠢᠯ ᠤᠨ ᠴᠠᠭᠠᠰᠤᠨ ᠬᠠᠶᠢᠴᠢᠯᠠᠮᠠᠯ ᠢ ᠪᠡᠯᠡᠭᠯᠡᠵᠦ᠂ ᠤᠯᠠᠨ ᠤ ᠬᠦᠷᠢᠶᠡᠯᠡᠯ ᠢ ᠣᠯᠵᠠᠢ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠦᠵᠡᠰᠬᠦᠯᠡᠩ ᠤᠨ 80 ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠭᠠᠵᠠᠷ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ᠂ ᠤᠷᠠᠯᠢᠭᠴᠢᠨ ᠪᠠ ᠴᠠᠭᠠᠰᠤᠨ ᠬᠠᠶᠢᠴᠢᠯᠠᠮᠠᠯ ᠤᠨ ᠪᠠᠭ᠋ᠠᠳᠠᠳ ᠤᠨ 300 ᠰᠢᠬᠠᠮ ᠴᠠᠭᠠᠰᠤᠨ ᠬᠠᠶᠢᠴᠢᠯᠠᠮᠠᠯ ᠤᠨ ᠪᠦᠲᠦᠭᠡᠯ ᠠᠴᠠ ᠰᠢᠯᠭᠠᠷᠠᠭᠤᠯᠤᠨ ᠰᠣᠩᠭᠤᠵᠤ ᠭᠠᠷᠭᠠᠭᠰᠠᠨ ᠶᠤᠮ᠂ ᠲᠣᠰ ᠤᠳᠠᠭᠠᠨ ᠤ ᠦᠵᠡᠰᠬᠦᠯᠡᠩ ᠨᠢ ᠮᠥᠨ ᠴᠦ ᠣᠶᠢᠷ᠎ᠠ ᠶᠢᠨ ᠵᠢᠯ ᠤᠳ ᠲᠤ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠯ ᠪᠠ ᠵᠣᠬᠢᠶᠠᠨ ᠪᠦᠲᠦᠭᠡᠯᠭᠡ ᠶᠢᠨ ᠨᠢᠭᠡ ᠤᠳᠠᠭᠠᠨ ᠤ ᠶᠡᠭᠡ ᠴᠤᠭᠯᠠᠭᠠᠨ ᠪᠣᠯᠵᠣ᠂ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠯ ᠪᠠ ᠰᠢᠨ᠎ᠡ ᠡᠭᠦᠳᠦᠯᠲᠡ ᠶᠢᠨ ᠬᠠᠮᠤᠭ ᠤᠨ ᠰᠢᠨ᠎ᠡ ᠦᠷ᠎ᠡ ᠪᠦᠲᠦᠭᠡᠯ ᠢ ᠲᠥᠯᠥᠭᠡᠯᠡᠭᠰᠡᠨ ᠪᠠᠶᠢᠨ᠎ᠠ᠃ ᠲᠣᠰ ᠤᠳᠠᠭᠠᠨ ᠤ ᠰᠢᠯᠭᠠᠷᠠᠭᠤᠯᠤᠯᠲᠠ ᠳᠤ ᠣᠷᠣᠯᠴᠠᠭᠰᠠᠨ ᠬᠤᠷᠢᠨᠭᠡᠷ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠶᠢᠨ ᠵᠣᠬᠢᠶᠠᠨ ᠪᠦᠲᠦᠭᠡᠭᠰᠡᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠨᠢ ᠢᠯᠡᠷᠡᠭᠦᠯᠦᠯ ᠤᠨ ᠰᠡᠳᠦᠪᠯᠡᠬᠦᠨ ᠪᠤᠶᠤ ᠤᠷᠠᠯᠢᠭ ᠤᠨ ᠢᠯᠡᠷᠡᠭᠦᠯᠦᠯ ᠤᠨ ᠬᠡᠯᠪᠡᠷᠢ ᠶᠢᠨ ᠠᠯᠢ ᠨᠢ ᠴᠦ ᠭᠡᠰᠡᠨ ᠴᠥᠮ ᠣᠶᠢᠷ᠎ᠠ ᠶᠢᠨ ᠵᠢᠯ ᠤᠳ ᠲᠤ ᠬᠤᠷᠢᠨᠭᠡᠷ ᠤᠨ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ ᠤᠨ ᠥᠷᠭᠡᠨ ᠣᠯᠠᠨ ᠤᠯᠠᠮᠵᠢᠯᠠᠭᠴᠢ ᠶᠢ ᠢᠳᠡᠪᠬᠢᠲᠡᠶ ᠵᠣᠬᠢᠶᠠᠨ ᠪᠠᠶᠢᠭᠤᠯᠵᠤ ᠴᠠᠭ ᠦᠶ᠎ᠡ ᠶᠢᠨ ᠣᠨᠴᠠᠯᠢᠭ ᠲᠠᠢ ᠤᠶᠠᠯᠳᠤᠭᠤᠯᠤᠭᠰᠠᠨ ᠪᠥᠭᠡᠳ ᠢᠯᠡ ᠲᠣᠳᠣ ᠭᠠᠵᠠᠷ ᠣᠷᠣᠨ ᠤ ᠢᠯᠡᠳᠬᠡᠯ ᠲᠠᠢ ᠠᠭᠤᠰᠤᠯᠴᠠᠭᠤᠯᠤᠭᠰᠠᠨ ᠴᠠᠭᠠᠰᠤᠨ ᠬᠠᠶᠢᠴᠢᠯᠠᠮᠠᠯ ᠤᠨ ᠰᠢᠨ᠎ᠡ ᠪᠦᠲᠦᠭᠡᠯ ᠪᠠᠶᠢᠵᠤ᠂ ᠭᠦᠨ ᠵᠤᠵᠠᠭᠠᠨ ᠣᠷᠣᠨ ᠨᠤᠲᠤᠭ ᠤᠨ ᠴᠢᠨᠠᠷᠲᠠᠶ ᠢᠯᠡᠷᠡᠭᠦᠯᠦᠯ ᠲᠠᠢ ᠮᠥᠷᠲᠡᠭᠡᠨ ᠪᠠᠰᠠ ᠢᠯᠡ ᠲᠣᠳᠣ ᠬᠤᠪᠢ ᠬᠥᠮᠦᠨ ᠤ ᠬᠡᠪ ᠨᠠᠮᠪᠠ ᠲᠠᠢ ᠪᠠᠶᠢᠳᠠᠭ᠃ ᠲᠣᠰ ᠤᠳᠠᠭᠠᠨ ᠤ ᠳᠡᠯᠭᠡᠨ ᠦᠵᠡᠭᠦᠯᠦᠭᠰᠡᠨ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠨᠢ ᠤᠳᠬ᠎ᠠ ᠰᠠᠨᠠᠭ᠎ᠠ ᠭᠦᠨ ᠵᠤᠵᠠᠭᠠᠨ᠂ ᠰᠡᠳᠦᠪᠯᠡᠬᠦᠨ ᠡᠯᠪᠡᠭ ᠪᠠᠶᠠᠯᠢᠭ ᠪᠠᠶᠢᠵᠤ᠂ ᠶᠡᠷᠦᠩᠬᠡᠶ ᠳᠡᠭᠡᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠣᠷᠣᠨ ᠠᠮᠤᠷ ᠲᠠᠶᠢᠪᠤᠩ ᠪᠠᠶᠢᠬᠤ ᠠᠭᠤᠤ ᠶᠡᠭᠡ ᠰᠢᠨ᠎ᠡ ᠴᠠᠭ ᠦᠶ᠎ᠡ ᠳᠤ ᠢᠯᠡᠷᠡᠭᠦᠯᠦᠭᠰᠡᠨ ᠥᠷᠨᠢᠭᠦᠨ ᠪᠠᠳᠠᠷᠠᠩᠭᠤᠶ᠂ ᠵᠣᠯ ᠵᠢᠷᠭᠠᠯᠲᠤ ᠬᠠᠯᠠᠭᠤᠨ ᠳᠤᠯᠠᠭᠠᠨ ᠠᠮᠢ ᠨᠠᠰᠤᠨ ᠤ ᠲᠡᠯᠡᠯᠲᠡ ᠶᠢᠨ ᠬᠦᠴᠦᠨ ᠢ ᠲᠤᠰᠬᠠᠵᠤ᠂ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠥᠪᠡᠷᠮᠢᠴᠡ ᠤᠷᠠᠯᠢᠭ ᠤᠨ ᠴᠤᠭ ᠵᠢᠪᠬᠤᠭ᠎ᠠ ᠪᠠ ᠭᠤᠸ᠎ᠠ ᠲᠠᠭᠠᠰᠢᠶᠠᠯ ᠤᠨ ᠬᠦᠴᠦᠨ ᠢ ᠢᠯᠡᠷᠡᠭᠦᠯᠦᠭᠰᠡᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ᠂ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ ᠭᠤᠣᠯᠯᠠᠨ ᠡᠷᠬᠢᠯᠡᠭᠰᠡᠨ ᠪᠠᠶᠢᠨ᠎ᠠ᠃
     ᠲᠤᠰᠬᠠᠶ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠬᠤᠷᠢᠨᠭᠡᠷ ᠴᠠᠭᠠᠰᠤᠨ ᠬᠠᠶᠢᠴᠢᠯᠠᠮᠠᠯ ᠪᠣᠯ ᠳᠤᠮᠳᠠᠳᠤ ᠤᠯᠤᠰ ᠤᠨ ᠤᠮᠠᠷᠠᠲᠤ ᠶᠢᠨ ᠴᠠᠭᠠᠰᠤᠨ ᠬᠠᠶᠢᠴᠢᠯᠠᠮᠠᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ 1998 ᠣᠨ ᠳᠤ ᠬᠤᠷᠢᠨᠭᠡᠷ ᠤᠨ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ ᠪᠠᠶᠢᠭᠤᠯᠤᠭᠳᠠᠭᠰᠠᠨ ᠠᠴᠠ ᠨᠠᠰᠢ᠂ ᠬᠤᠷᠢᠨᠭᠡᠷ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠯ ᠬᠥᠭᠵᠢᠯᠲᠡ ᠴᠣ᠋ ᠰᠢᠨ᠎ᠡ ᠪᠥᠭᠡᠳ ᠤᠷᠢᠳᠤ ᠡᠮᠦᠨ᠎ᠡ ᠪᠠᠶᠢᠭ᠎ᠠ ᠦᠭᠡᠢ ᠲᠡᠦᠬᠡ ᠶᠢᠨ ᠬᠥᠭᠵᠢᠯᠲᠡ ᠶᠢᠨ ᠱᠠᠲᠤᠨ ᠳᠤ ᠣᠷᠣᠵᠤ᠂ ᠴᠠᠭᠠᠰᠤᠨ ᠬᠠᠶᠢᠴᠢᠯᠠᠮᠠᠯ ᠤᠨ ᠤᠯᠠᠮᠵᠢᠯᠠᠯ ᠨᠢ ᠥᠩᠭᠡᠷᠡᠭᠰᠡᠨ ᠤ ᠮᠥᠬᠦᠬᠦ ᠰᠢᠬᠠᠭᠰᠠᠨ ᠪᠤᠲᠠᠷᠠᠨ ᠰᠠᠷᠨᠢᠭᠰᠠᠨ᠂ ᠠᠶᠠᠨᠳᠠᠭᠠᠨ ᠪᠤᠢ ᠪᠣᠯᠤᠭᠰᠠᠨ ᠠᠩᠬᠠᠨ ᠤ ᠪᠠᠶᠢᠳᠠᠯ ᠠᠴᠠ ᠪᠠᠨ ᠵᠣᠬᠢᠶᠠᠨ ᠪᠠᠶᠢᠭᠤᠯᠤᠯᠲᠠ ᠲᠠᠢ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠱᠠᠲᠤᠨ ᠳᠤ ᠣᠷᠣᠵᠤ᠂ ᠬᠤᠷᠢᠨᠭᠡᠷ ᠤᠨ ᠴᠠᠭᠠᠰᠤᠨ ᠬᠠᠶᠢᠴᠢᠯᠠᠮᠠᠯ ᠤᠨ ᠲᠦᠷᠭᠡᠨ ᠠᠪᠤᠷᠠᠬᠤ ᠬᠠᠮᠠᠭᠠᠯᠠᠯᠲᠠ ᠶᠢᠨ ᠬᠡᠪ ᠵᠠᠭᠪᠤᠷ ᠨᠢ ᠪᠦᠬᠦ ᠤᠯᠤᠰ ᠤᠨ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ ᠣᠯᠠᠨ ᠵᠢᠯ ᠤᠯᠠᠮᠵᠢᠯᠠᠨ ᠵᠠᠯᠭᠠᠮᠵᠢᠯᠠᠬᠤ᠂ ᠠᠪᠤᠷᠬᠠᠤ ᠪᠠ ᠬᠠᠮᠠᠭᠠᠯᠠᠬᠤ ᠠᠵᠢᠯ ᠤᠨ ᠭᠦᠨᠵᠡᠭᠡᠶ ᠥᠷᠨᠢᠬᠦ ᠵᠢᠴᠢ ᠭᠦᠨ ᠵᠤᠵᠠᠭᠠᠨ ᠲᠡᠤᠬᠡ ᠰᠣᠶᠣᠯ ᠤᠨ ᠠᠭᠤᠯᠤᠭᠳᠠᠬᠤᠨ ᠪᠠ ᠣᠨᠴᠠᠭᠠᠶ ᠵᠠᠩ ᠦᠢᠯᠡ ᠶᠢᠨ ᠦᠨ᠎ᠡ ᠥᠷᠲᠡᠭ ᠢ ᠳᠠᠭᠠᠯᠳᠤᠨ᠂ 2003 ᠣᠨ ᠳᠤ ᠬᠤᠷᠢᠨᠭᠡᠷ ᠰᠢᠶᠠᠨ ᠢ ᠤᠯᠤᠰ ᠤᠨ ᠰᠣᠶᠣᠯ ᠤᠨ ᠶᠠᠮᠤᠨ ᠠᠴᠠ ︽ᠳᠤᠮᠳᠠᠳᠤ ᠤᠯᠤᠰ ᠤᠨ ᠠᠷᠠᠳ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠨᠤᠲᠤᠭ︾ ᠭᠡᠵᠦ ᠨᠡᠷᠡᠶᠢᠳᠪᠡ︔ 2009 ᠣᠨ ᠳᠤ᠂ ᠬᠤᠷᠢᠨᠭᠡᠷ ᠤᠨ ᠴᠠᠭᠠᠰᠤᠨ ᠬᠠᠶᠢᠴᠢᠯᠠᠮᠠᠯ ᠨᠢ ᠪᠠᠰᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠠᠴᠠ ᠨᠡᠷᠡᠶᠢᠳᠦᠭᠰᠡᠨ ᠳᠡᠯᠡᠬᠡᠢ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠤᠨ ᠨᠡᠷᠡᠰ ᠲᠤ ᠰᠣᠩᠭᠤᠭᠳᠠᠵᠠᠢ︔ 2018 ᠣᠨ ᠳᠤ᠂ ᠬᠤᠷᠢᠨᠭᠡᠷ ᠤᠨ ᠴᠠᠭᠠᠰᠤᠨ ᠬᠠᠶᠢᠴᠢᠯᠠᠮᠠᠯ ᠢ ᠤᠯᠤᠰ ᠤᠨ ᠰᠣᠶᠣᠯ ᠵᠢᠭᠤᠯᠴᠢᠯᠠᠯ ᠤᠨ ᠶᠠᠮᠤᠨ᠂ ᠮᠡᠳᠡᠭᠡ ᠵᠠᠩᠭᠢ ᠪᠠ ᠠᠵᠤ ᠦᠢᠯᠡᠰᠵᠢᠯᠲᠡ ᠶᠢᠨ ᠶᠠᠮᠤᠨ ᠠᠴᠠ ᠠᠩᠬᠠᠨ ᠤ ᠪᠦᠯᠦᠭ ᠳᠤᠮᠳᠠᠳᠤ ᠤᠯᠤᠰ ᠤᠨ ᠤᠯᠠᠮᠵᠢᠯᠠᠯᠲᠤ ᠭᠠᠷ ᠤᠷᠠᠯᠠᠯ ᠤᠨ ᠭᠠᠷᠴᠠᠭ ᠢᠶᠠᠷ ᠨᠡᠶᠢᠲᠡᠯᠡᠪᠡ᠃
ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号