ᠮᠠᠨ ᠤ ᠬᠤᠲᠠ 2023 ᠣᠨ ᠤ ︽ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠡᠳᠦᠷ︾ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/5/31
     ︵ᠰᠤᠷᠪᠤᠯᠵᠢᠯᠠᠭᠴᠢ ᠦ᠋ ᠽᠢ ᠰᠢᠤᠸᠠᠨ︶ 5 ᠳ᠋ᠤᠭᠠᠷ ᠰᠠᠷ᠎ᠠ ᠶᠢᠨ 30 ᠤ ᠡᠳᠦᠷ ᠪᠣᠯ ᠳᠣᠯᠣᠭᠠᠳᠠᠭᠢ ᠤᠳᠠᠭ᠎ᠠ ᠶᠢᠨ ︽ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠡᠳᠦᠷ︾ ᠪᠣᠯᠣᠨ᠎ᠠ᠃ ᠬᠥᠬᠡᠬᠤᠲᠠ ᠶᠢᠨ 2023 ᠣᠨ ᠤ ︽ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠡᠳᠦᠷ ︾ ᠤᠨ ᠰᠠᠭᠤᠳᠠᠯ ᠤᠨ ᠬᠤᠷᠠᠯ ᠬᠤᠷᠢᠨᠭᠡᠷ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭᠠᠨ ᠤ ᠲᠠᠰᠤᠭ ᠲᠤ ᠶᠠᠪᠤᠭᠳᠠᠪᠠ᠃      ᠬᠤᠷᠠᠯ ᠳᠡᠭᠡᠷ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ ᠬᠠᠨ ᠵᠢᠶᠠ ᠲᠦᠩ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠠᠶᠢᠯᠪᠤᠷᠢᠯᠠᠪᠠ᠃ ᠬᠤᠷᠠᠯ ᠳᠤ ᠣᠷᠣᠯᠴᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠷᠣᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠧᠩ ᠨᠢᠦ᠂ ᠢᠦᠢ ᠬᠠᠩ ᠿᠧᠨ᠂ ᠣᠷᠴᠢᠨ ᠠᠬᠤᠢ ᠶᠢᠨ ᠰᠢᠨᠵᠢᠯᠡᠭᠡᠨ ᠤ ᠨᠡᠶᠢᠭᠡᠮᠯᠢᠭ ᠵᠡᠷᠭᠡ ᠠᠵᠤ ᠠᠬᠤᠶᠢᠯᠠᠯ ᠪᠣᠯᠣᠨ ᠨᠢᠭᠡᠴᠡ ᠶᠢᠨ ᠲᠥᠯᠥᠭᠡᠯᠡᠭᠴᠢᠳ ᠥᠪᠡᠷ ᠥᠪᠡᠷ ᠤᠨ ᠬᠥᠭᠵᠢᠯᠲᠡ ᠶᠢᠨ ᠳᠤᠮᠳᠠᠬᠢ ᠰᠠᠶᠢᠨ ᠲᠤᠷᠰᠢᠯᠭ᠎ᠠ ᠪᠠᠨ ᠰᠣᠯᠢᠯᠴᠠᠪᠠ᠃      ᠬᠤᠷᠠᠯ ᠠᠴᠠ᠂ ᠣᠷᠣᠨ ᠤ ᠲᠥᠪ ᠤᠨ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠨᠠᠮ ᠪᠣᠯᠣᠨ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠴᠠᠭ ᠦᠶ᠎ᠡ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠳᠤᠷᠠᠳᠪᠠ᠃      ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤ ᠢᠳᠡᠪᠬᠢᠲᠡᠢ ᠪᠠᠷ ᠦᠢᠯᠡᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠭᠡᠰᠢᠭᠦᠳ ᠤᠨ ᠡᠳᠦᠷ ᠵᠡᠷᠭᠡ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ ᠰᠤᠷᠪᠤᠯᠵᠢᠯᠠᠨ ᠲᠣᠬᠤᠨᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠲᠠᠨᠢᠯᠴᠠᠭᠤᠯᠤᠨ ᠤᠬᠠᠭᠤᠯᠵᠤ᠂ ᠬᠠᠢ ᡁᠢ ᠶᠢᠨ ᠠᠵᠢᠯ ᠤᠨ ᠦᠷᠳᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠦᠷᠳᠡᠭᠡ ᠶᠢ ᠪᠠᠶᠢᠭᠤᠯᠵᠤ᠂ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠳᠤ ᠰᠠᠶᠢᠨ ᠦᠢᠯᠡᠴᠢᠯᠡᠭᠡ ᠬᠠᠩᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠢ ᠦᠨᠡᠨ ᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠭᠡᠷ ᠪᠦᠯᠢ ᠪᠣᠯᠭᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号