6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠣᠷᠤᠭ ᠤᠨ ᠳᠠᠩᠰᠠᠯᠠᠯᠲᠠ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2023/5/31
    5 ᠳ᠋ᠤᠭᠠᠷ ᠰᠠᠷ᠎ᠠ ᠶᠢᠨ 29 ᠤ ᠡᠳᠦᠷ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠥᠷᠭᠡᠨ ᠣᠯᠠᠨ ᠲᠦᠮᠡᠨ ᠤ ᠣᠨᠳᠣᠣ ᠭᠠᠵᠠᠷ ᠲᠤ ᠣᠷᠤᠭ ᠤᠨ ᠳᠠᠩᠰᠠᠯᠠᠯᠲᠠ ᠬᠢᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠣᠷᠤᠭ ᠤᠨ ᠳᠠᠩᠰᠠᠯᠠᠯᠲᠠ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠷᠰᠢᠯᠲᠠ ᠶᠢᠨ ᠬᠡᠪᠴᠢᠶᠡᠨ ᠳᠤ ᠣᠷᠣᠵᠤ᠂ ᠲᠤᠷᠰᠢᠯᠲᠠ ᠶᠢᠨ ᠬᠤᠭᠤᠴᠠᠭ᠎ᠠ ᠨᠢ ᠬᠤᠶᠠᠷ ᠵᠢᠯ ᠪᠣᠯᠣᠨ᠎ᠠ᠃ ᠡᠨᠡ ᠵᠢᠯ ᠤᠨ 6 ᠳ᠋ᠤᠭᠠᠷ ᠰᠠᠷ᠎ᠠ ᠶᠢᠨ 1 ᠤ ᠡᠳᠦᠷ ᠠᠴᠠ 2025 ᠣᠨ ᠤ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠥᠬᠦ ᠣᠷᠣᠨ ᠳᠤ ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠣᠷᠤᠭ ᠤᠨ ᠳᠠᠩᠰᠠᠯᠠᠯᠲᠠ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠠᠵᠢᠯ ᠢ ᠬᠡᠷᠡᠭᠵᠢᠭᠦᠯᠦᠨ᠎ᠡ᠃      ᠣᠶᠢᠯᠠᠭᠠᠭᠰᠠᠨ ᠢᠶᠠᠷ᠂ ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠤᠷᠤᠭ ᠤᠨ ᠳᠠᠩᠰᠠᠯᠠᠯᠲᠠ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠭᠡᠳᠡᠭ ᠨᠢ ᠡᠷᠡᠭᠲᠡᠢ ᠡᠮᠡᠭᠲᠡᠢ ᠬᠤᠶᠠᠷ ᠡᠲᠡᠭᠡᠳ ᠢᠶᠠᠷ ᠢᠶᠠᠨ ᠴᠥᠮ ᠲᠤᠰ ᠭᠠᠵᠠᠷ ᠤᠨ ᠡᠷᠦᠬᠡ ᠠᠮᠠ ᠶᠢᠨ ᠳᠠᠩᠰᠠ ᠦᠭᠡᠢ ᠤᠷᠤᠭ ᠳᠠᠩᠰᠠᠯᠠᠯᠲᠠ ᠬᠢᠯᠭᠡᠬᠦ ᠲᠤᠬᠠᠢ ᠶᠢᠨ ᠬᠥᠮᠥᠨ ᠨᠢ ᠨᠢᠭᠡ ᠡᠲᠡᠭᠡᠳ ᠤᠨ ᠣᠷᠣᠰᠢᠨ ᠰᠠᠭᠤᠬᠤ ᠦᠨᠡᠮᠯᠡᠯ ᠪᠠ ᠬᠤᠶᠠᠷ ᠡᠲᠡᠭᠡᠳ ᠤᠨ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ᠢᠶᠠᠨ ᠠᠪᠴᠤ᠂ ᠣᠷᠣᠰᠢᠨ ᠰᠠᠭᠤᠬᠤ ᠦᠨᠡᠮᠯᠡᠯ ᠣᠯᠭᠤᠭᠰᠠᠨ ᠭᠠᠵᠠᠷ ᠤᠨ ᠤᠷᠤᠭ ᠤᠨ ᠳᠠᠩᠰᠠᠯᠠᠯᠲᠠ ᠶᠢᠨ ᠪᠠᠶᠢᠭᠤᠯᠭ᠎ᠠ ᠳᠤ ᠤᠷᠤᠭ ᠤᠨ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠪᠤᠶᠤ ᠥᠪᠡᠰᠦᠪᠡᠨ ᠰᠤᠩᠭᠤᠵᠤ ᠪᠠᠶᠢᠭᠠᠳ ᠨᠢᠭᠡ ᠡᠲᠡᠭᠡᠳ ᠤᠨ ᠪᠠᠶᠢᠩᠭᠤ ᠰᠠᠭᠤᠭ᠎ᠠ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠤᠷᠤᠭ ᠤᠨ ᠳᠠᠩᠰᠠᠯᠠᠯᠲᠠ ᠬᠢᠯᠭᠡᠵᠦ ᠪᠣᠯᠣᠨ᠎ᠠ᠃ ᠡᠷᠡᠭᠲᠡᠢ ᠡᠮᠡᠭᠲᠡᠢ ᠬᠤᠶᠠᠷ ᠡᠲᠡᠭᠡᠳ ᠪᠤᠶᠤ ᠨᠢᠭᠡ ᠡᠲᠡᠭᠡᠳ ᠤᠨ ᠲᠤᠬᠠᠢ ᠶᠢᠨ ᠬᠥᠮᠥᠨ ᠨᠢ ᠥᠪᠥᠷ ᠮᠣᠩᠭᠤᠯ ᠤᠨ ᠡᠷᠦᠬᠡ ᠠᠮᠠ ᠶᠢᠨ ᠲᠠᠩᠰᠠ ᠲᠠᠢ ᠪᠠᠶᠢᠪᠠᠯ ᠣᠷᠣᠰᠢᠨ ᠰᠠᠭᠤᠬᠤ ᠦᠨᠡᠮᠯᠡᠯ ᠬᠠᠩᠭᠠᠬᠤ ᠴᠢᠬᠤᠯᠠ ᠦᠭᠡᠢ᠂ ᠪᠥᠬᠦ ᠣᠷᠣᠨ ᠤ ᠬᠡᠪᠴᠢᠶᠡᠨ ᠳᠠᠬᠢ ᠳᠤᠷ᠎ᠠ ᠶᠢᠨ ᠣᠷᠤᠭ ᠤᠨ ᠳᠠᠩᠰᠠᠯᠠᠯᠲᠠ ᠶᠢᠨ ᠪᠠᠶᠢᠭᠤᠯᠭ᠎ᠠ ᠳᠤ ᠣᠷᠤᠭ ᠤᠨ ᠳᠠᠩᠰᠠᠯᠠᠯᠲᠠ ᠬᠢᠯᠭᠡᠵᠦ ᠪᠣᠯᠣᠨ᠎ᠠ᠃ ᠭᠡᠪᠡᠴᠦ᠂ ᠣᠷᠤᠭ ᠤᠨ ᠳᠠᠩᠰᠠᠯᠠᠯᠲᠠ ᠶᠢᠨ ᠦᠨᠡᠮᠯᠡᠯ ᠢᠶᠠᠨ ᠨᠦᠬᠦᠬᠦ᠂ ᠭᠠᠳᠠᠭᠠᠳᠤ ᠳᠤ ᠬᠤᠯᠪᠣᠭᠳᠠᠬᠤ ᠰᠢᠶᠠᠩᠭᠠᠩ ᠣᠣᠮᠧᠨ ᠲᠠᠶᠢᠸᠠᠨ ᠳᠤ ᠬᠤᠯᠪᠣᠭᠳᠠᠬᠤ ᠳᠤᠮᠳᠠᠳᠤ ᠶᠢᠨ ᠬᠠᠷᠢᠶᠠᠲᠤ ᠳᠤ ᠬᠤᠯᠪᠣᠭᠳᠠᠬᠤ ᠰᠠᠭᠤᠭᠠᠯᠢ ᠠᠷᠠᠳ ᠣᠷᠤᠭ ᠤᠨ ᠳᠠᠩᠰᠠᠯᠠᠯᠲᠠ ᠬᠢᠯᠭᠡᠬᠦ᠂ ᠣᠷᠤᠭ ᠤᠨ ᠳᠠᠩᠰᠠᠯᠠᠯᠲᠠ ᠶᠢᠨ ︵ᠤᠷᠤᠭᠯᠠᠭᠰᠠᠨ ᠦᠭᠡᠢ︶ ᠭᠡᠷᠡᠴᠢ ᠭᠠᠷᠭᠠᠵᠤ ᠥᠭᠬᠦ᠂ ᠣᠷᠤᠭ ᠤᠨ ᠲᠠᠩᠰᠠ ᠡᠪᠬᠡᠮᠡᠯ ᠢ ᠯᠠᠪᠯᠠᠬᠤ ᠵᠡᠷᠭᠡ ᠲᠤᠬᠠᠶᠢᠯᠠᠭᠰᠠᠨ ᠠᠵᠢᠯ ᠢ ᠲᠣᠰ ᠤᠳᠠᠭᠠᠨ ᠤ ᠳᠣᠲᠤᠷ ᠭᠠᠵᠠᠷ ᠤᠨ ᠰᠠᠭᠤᠭᠠᠯᠢ ᠠᠷᠠᠳ ᠤᠨ ᠣᠷᠤᠭ ᠤᠨ ᠳᠠᠩᠰᠠᠯᠠᠯᠲᠠ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠷᠰᠢᠯᠲᠠ ᠶᠢᠨ ᠬᠡᠪᠴᠢᠶᠡᠨ ᠳᠤ ᠲᠦᠷ ᠣᠷᠣᠭᠤᠯᠬᠤ ᠦᠭᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号