︵ᠰᠤᠷᠪᠤᠯᠵᠢᠯᠠᠭᠴᠢ ᠭᠧᠩ ᠰᠢᠨ︶ 5 ᠳ᠋ᠤᠭᠠᠷ ᠰᠠᠷ᠎ᠠ ᠶᠢᠨ 30 ᠤ ᠡᠳᠦᠷ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ | 2022 ᠣᠨ ᠤ ᠪᠥᠬᠦ ᠬᠤᠲᠠ ᠶᠢᠨ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠰᠢᠨᠵᠢᠯᠡᠨ ᠪᠠᠶᠢᠴᠠᠭᠠᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ ᠬᠤᠲᠠ ᠶᠢᠨ ᠵᠠᠰᠠᠭ ᠤᠨ ᠣᠷᠳᠣᠨ ᠤ 2022 ᠣᠨ ᠤ ᠪᠦᠬᠦ | ᠬᠤᠲᠠ ᠶᠢᠨ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ | ᠪᠡᠶᠡᠯᠡᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠣᠷᠴᠢᠨ | ᠲᠣᠭᠤᠷᠢᠨ ᠤ ᠶᠠᠰᠤ ᠴᠢᠨᠠᠷ ᠤᠨ ᠪᠠᠶᠢᠳᠠᠯ᠂ ᠪᠣᠬᠢᠷᠲᠤᠯ ᠢ ᠰᠡᠷᠭᠡᠶᠢᠯᠡᠨ ᠵᠠᠰᠠᠬᠤ ᠵᠢᠴᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠪᠠᠷ ᠲᠤᠰᠢᠶᠠᠭᠰᠠᠨ ᠡᠯ᠎ᠡ ᠲᠦᠷᠦᠯ ᠤᠨ ᠬᠡᠷᠡᠭ ᠢ ᠰᠢᠢᠳᠪᠦᠷᠢᠯᠡᠭᠰᠡᠨ ᠵᠡᠷᠭᠡ | ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠬᠤᠷᠠᠯ ᠳᠤ ᠣᠷᠣᠯᠴᠠᠭᠰᠠᠳ ᠠᠴᠠ ᠮᠠᠨ ᠤ ᠬᠤᠲᠠ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠠᠬᠢᠭᠤᠯᠬᠤ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ | ᠠᠵᠢᠯ ᠳᠤ ᠰᠠᠨᠠᠯ ᠰᠠᠨᠠᠭᠤᠯᠭ᠎ᠠ ᠳᠤᠷᠠᠳᠴᠠᠢ᠃ ᠳᠠᠷᠠᠭ᠎ᠠ ᠨᠢ ᠪᠠᠭ᠎ᠠ ᠲᠦᠷᠭᠡᠨ ᠭᠤᠣᠯ ᠤᠨ ᠠᠮᠢ ᠠᠬᠤᠢ ᠶᠢ | ᠴᠡᠪᠡᠷᠰᠢᠭᠦᠯᠬᠦ ᠢᠨᠵᠧᠨᠧᠷᠢᠩ᠂ ᠵᠢᠨᠴᠢᠶᠣᠣ ᠶᠢᠨ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ | ᠦᠢᠯᠡᠳᠪᠦᠷᠢ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠢ | ᠰᠠᠶᠢᠵᠢᠷᠠᠭᠤᠯᠬᠤ ᠢᠨᠵᠧᠨᠧᠷᠢᠩ᠂ ᠭᠤᠣᠯ ᠤᠨ ᠤᠰᠤᠨ ᠤ ᠠᠮᠢ ᠠᠬᠤᠢ ᠶᠢ ᠰᠡᠷᠭᠦᠭᠡᠬᠦ ᠢᠨᠵᠧᠨᠧᠷᠢᠩ᠂ ᠤᠷᠳᠤ | ᠬᠤᠭᠤᠴᠠᠭᠠᠨ ᠤ ᠪᠦᠲᠦᠮᠵᠢᠲᠡᠢ ᠬᠠᠮᠠᠭᠠᠯᠠᠯᠲᠠ ᠶᠢᠨ ᠢᠨᠵᠧᠨᠧᠷᠢᠩ ᠪᠣᠯᠣᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠵᠡᠷᠭᠡ ᠳᠤ ᠪᠠᠶᠢᠴᠠᠭᠠᠨ ᠰᠤᠳᠤᠯᠤᠯᠲᠠ ᠬᠢᠵᠡᠢ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ | ᠬᠠᠷᠢᠭᠤᠴᠠᠯᠭ᠎ᠠ ᠪᠠᠨ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ | ᠦᠭᠡᠢ ᠬᠥᠭᠵᠢᠯᠲᠡ ᠶᠢ ᠴᠠᠭ ᠢᠮᠠᠭᠲᠠ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠴᠢᠬᠤᠯᠠ ᠤᠯᠤᠰ ᠲᠦᠷᠦ ᠶᠢᠨ ᠡᠭᠦᠷᠭᠡ ᠪᠠ ᠬᠤᠷᠢᠭ᠎ᠠ ᠱᠤᠭᠤᠮ ᠤᠨ ᠡᠭᠦᠷᠭᠡ ᠪᠣᠯᠭᠠᠨ ᠠᠳᠬᠤᠵᠤ᠂ ᠳᠡᠭᠡᠷ᠎ᠡ | ᠳᠣᠣᠷ᠎ᠠ ᠱᠠᠲᠤ ᠪᠠᠷ ᠢᠶᠠᠨ ᠬᠤᠯᠪᠣᠭᠠᠯᠠᠭᠰᠠᠨ᠂ ᠵᠡᠭᠦᠨᠰᠢ ᠪᠠᠷᠠᠭᠤᠨᠰᠢ ᠬᠠᠮᠵᠢᠯᠴᠠᠭᠰᠠᠨ᠂ ᠵᠡᠷᠭᠡᠪᠡᠷ ᠠᠳᠬᠤᠵᠤ | ᠬᠠᠮᠲᠤᠪᠠᠷ ᠬᠠᠮᠢᠶᠠᠷᠤᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠷᠢᠰᠢᠯ ᠢ ᠪᠦᠬᠦ | ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠶᠠᠰᠤ ᠴᠢᠨᠠᠷ ᠲᠤ ᠥᠩᠭᠡ ᠪᠣᠳᠤᠭ ᠨᠡᠮᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ | ᠪᠠᠶᠢᠴᠠᠭᠠᠵᠤ ᠬᠠᠷᠢᠭᠤ ᠲᠤᠰᠬᠠᠭᠰᠠᠨ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠨᠡᠩ ᠪᠦᠲᠦᠮᠵᠢᠲᠡᠢ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠷᠭ᠎ᠠ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠶᠢ | ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ | ᠬᠢᠵᠦ᠂ ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠠᠭ᠎ᠠ ᠶᠢᠨ | ᠲᠤᠷᠰᠢᠯᠲᠠ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠳᠤᠨ ᠭᠤᠣᠯ ᠤᠨ | ᠰᠠᠪᠠ ᠭᠠᠵᠠᠷ᠂ ᠲᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ ᠭᠡᠵᠡᠢ᠃ |