ᠬᠤᠷᠢᠨᠭᠡᠷ ᠰᠢᠶᠠᠨ ᠤ ᠠᠩᠬᠠᠳᠤᠭᠠᠷ ᠬᠤᠭᠤᠴᠠᠭᠠᠨ ᠤ ︽ᠶᠠᠨᠵᠢᠩ ᠫᠢᠸᠤ᠋ ᠶᠢᠨ ᠨᠠᠶᠢᠷ︾ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2023/5/4
     4 ᠰᠠᠷ᠎ᠠ ᠶᠢᠨ 29 ᠤ ᠣᠷᠣᠶ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠂ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠳᠡᠮᠵᠢᠯᠭᠡ ᠳᠣᠤᠷ᠎ᠠ᠂ ᠬᠤᠷᠢᠨᠭᠡᠷ ᠰᠢᠶᠠᠨ ᠤ ᠠᠩᠬᠠᠳᠤᠭᠠᠷ ᠬᠤᠭᠤᠴᠠᠭᠠᠨ ᠤ ᠶᠠᠨᠵᠢᠩ ᠫᠢᠸᠤ᠋ ᠶᠢᠨ ᠨᠠᠶᠢᠷ ᠵᠢᠩᠬᠢᠨᠢ ᠪᠠᠷ ᠡᠬᠢᠯᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ᠂ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠭᠤᠤ ᠹᠧᠩ ᠵᠡᠷᠭᠡ ᠰᠢᠶᠠᠨ ᠤ ᠤᠳᠤᠷᠢᠳᠤᠯᠭ᠎ᠠ᠂ ᠶᠠᠨᠵᠢᠩ ᠫᠢᠸᠤ᠋ ︵ᠬᠥᠬᠡᠬᠤᠲᠠ︶ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠲᠢᠶᠠᠨ ᠯᠢ ᠵᠦᠸᠧ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠭᠤᠤ ᠹᠧᠩ ᠵᠢᠭᠠᠵᠤ ᠭᠠᠷᠭᠠᠭᠰᠠᠨ ᠨᠢ᠂ ᠬᠤᠷᠢᠨᠭᠡᠷ ᠰᠢᠶᠠᠨ ᠤ ᠠᠩᠬᠠᠳᠤᠭᠠᠷ ᠬᠤᠭᠤᠴᠠᠭᠠᠨ ᠤ ᠶᠠᠨᠵᠢᠩ ᠫᠢᠸᠤ᠋ ᠶᠢᠨ ᠨᠠᠶᠢᠷ ᠢ ᠡᠷᠭᠢᠯᠡᠭᠰᠡᠨ ᠶᠠᠪᠤᠳᠠᠯ ᠪᠣᠯ ᠬᠤᠷᠢᠨᠭᠡᠷ ᠤᠨ ᠠᠮᠢᠳᠤᠯᠢᠭ ᠬᠦᠴᠦᠨ ᠢ ᠳᠡᠯᠭᠡᠨ ᠦᠵᠡᠭᠦᠯᠬᠦ ᠴᠢᠬᠤᠯᠠ ᠴᠣᠩᠬᠤᠨ ᠤ ᠨᠢᠭᠡ ᠮᠥᠨ᠂ ᠡᠨᠡ ᠨᠢ ᠠᠵᠤ ᠠᠬᠤᠶᠢᠯᠠᠯ ᠪᠠ ᠣᠷᠣᠨ ᠨᠤᠲᠤᠭ ᠬᠤᠶᠠᠷ ᠲᠠᠯ᠎ᠠ ᠶᠢᠨ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ᠂ ᠨᠥᠬᠦᠷᠯᠡᠯ ᠢ ᠵᠤᠵᠠᠭᠠᠳᠬᠠᠬᠤ ᠬᠥᠭᠦᠷᠭᠡ ᠪᠠ ᠬᠤᠯᠪᠣᠭᠠᠰᠤ ᠪᠣᠯᠵᠣ᠂ ᠠᠵᠤ ᠠᠬᠤᠶᠢᠯᠠᠯ ᠤᠨ ᠨᠠᠷᠠᠲᠤ ᠲᠡᠮᠳᠡᠭ ᠢ ᠪᠣᠶ ᠪᠣᠯᠭᠠᠬᠤ᠂ ᠠᠵᠢᠯ ᠤᠨ ᠪᠦᠲᠦᠮᠵᠢ ᠶᠢ ᠳᠡᠭᠡᠭᠰᠢᠯᠡᠭᠦᠯᠬᠦ ᠨᠠᠷᠠᠲᠤ ᠲᠡᠮᠳᠡᠭ ᠤᠨ ᠦᠪᠡᠳᠡᠭᠰᠢ ᠴᠤᠭᠯᠠᠭᠠᠨ ᠪᠣᠯᠵᠣ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠥᠷᠨᠢᠭᠦᠨ ᠪᠠᠳᠠᠷᠠᠩᠭᠤᠶ ᠠᠮᠢᠵᠢᠷᠠᠯ ᠤᠨ ᠬᠦᠴᠦᠨ ᠢ ᠨᠡᠮᠡᠷᠢᠯᠡᠬᠦ ᠨᠢ ᠯᠠᠪᠲᠠᠶ ᠶᠤᠮ ᠭᠡᠵᠡᠶ᠃ᠲᠣᠰ ᠬᠤᠭᠤᠴᠠᠭᠠᠨ ᠤ ᠫᠢᠸᠤ᠋ ᠶᠢᠨ ᠨᠠᠶᠢᠷ ᠤᠨ ᠡᠬᠢᠯᠡᠯᠲᠡ ᠶᠢᠨ ᠶᠣᠰᠣᠯᠠᠯ ᠳᠤ ᠤᠯᠠᠭᠠᠨᠮᠥ᠋ᠴᠢᠷ ᠤᠨ ᠬᠢᠨ ᠤᠷᠮ᠎ᠠ ᠬᠥᠭᠵᠢᠭᠡᠨ ᠲᠣᠭᠯᠠᠯᠲᠠ ᠭᠠᠷᠭᠠᠵᠤ᠂ ᠲᠤᠬᠠᠶ ᠶᠢᠨ ᠲᠠᠯᠠᠪᠤᠷ ᠲᠤ ᠨᠡᠶᠢᠲᠡ 3000 ᠭᠠᠷᠤᠶ ᠬᠥᠮᠦᠨ ᠢ ᠲᠡᠳᠡᠨ ᠣᠷᠣᠯᠴᠠᠭᠤᠯᠵᠤ᠂ ᠡᠷᠬᠢᠨ ᠲᠣᠭᠤᠷᠢᠨ ᠤ 50 ᠭᠠᠷᠤᠶ ᠵᠢᠵᠢᠭ ᠢᠳᠡᠭᠡᠨ ᠤ ᠬᠤᠳᠠᠯᠳᠤᠭᠠᠴᠢᠨ ᠢ ᠳᠠᠶᠢᠴᠢᠯᠠᠨ ᠣᠷᠣᠯᠴᠠᠭᠤᠯᠵᠤ᠂ ᠵᠢᠭᠤᠯᠴᠢᠯᠠᠭᠴᠢᠳ ᠲᠤ ᠫᠢᠸᠤ᠋ ᠶᠢᠨ ᠲᠣᠭᠯᠠᠯᠲᠠ ᠪᠠ ᠠᠮᠲᠠᠲᠤ ᠢᠳᠡᠭᠡᠨ ᠢ ᠠᠮᠲᠠᠯᠠᠭᠤᠯᠬᠤ ᠶᠢᠨ ᠬᠠᠮᠲᠤ ᠭᠤᠶᠢᠳᠠ ᠰᠠᠶᠢᠬᠠᠨ ᠲᠣᠭᠯᠠᠯᠲᠠ ᠶᠢ ᠰᠣᠨᠢᠷᠬᠠᠭᠤᠯᠪᠠ᠃      ᠫᠢᠸᠤ᠋ ᠶᠢᠨ ᠨᠠᠶᠢᠷ ᠨᠢ ︽ᠭᠤᠶᠢᠳᠠ ᠰᠠᠶᠢᠬᠠᠨ᠂ ᠠᠷᠪᠢᠴᠢ ᠭᠠᠮᠲᠠᠶ᠂ ᠠᠷᠠᠳ ᠲᠤ ᠳᠣᠲᠣᠨᠣ︾ ᠨᠠᠶᠢᠷ ᠡᠷᠭᠢᠯᠡᠬᠦ ᠵᠣᠷᠢᠯᠲᠠ ᠶᠢ ᠪᠠᠷᠢᠮᠲᠠᠯᠠᠨ᠂ ᠰᠣᠶᠣᠯ ᠤᠷᠠᠯᠢᠭ ᠤᠨ ᠲᠣᠭᠯᠠᠯᠲᠠ᠂ ᠪᠦᠲᠦᠭᠡᠭᠳᠡᠬᠦᠨ ᠤ ᠦᠵᠡᠭᠦᠯᠭᠡ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠬᠤᠷᠢᠨᠭᠡᠷ ᠰᠢᠶᠠᠨ ᠤ ᠢᠷᠠᠭᠤ ᠠᠯᠳᠠᠷ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠤᠲᠠ ᠶᠢᠨ ᠰᠣᠶᠣᠯ ᠵᠢᠭᠤᠯᠴᠢᠯᠠᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠪᠣᠶ ᠪᠣᠯᠭᠠᠵᠤ᠂ ᠬᠤᠲᠠ ᠶᠢᠨ ︽ᠰᠥᠨᠢ ᠶᠢᠨ ᠠᠵᠤ ᠠᠬᠤᠶ︾ ᠶᠢ ᠬᠥᠭᠵᠢᠭᠦᠯᠦᠨ ᠴᠡᠴᠡᠭᠯᠡᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号