ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠦᠵᠡᠯ ᠰᠠᠨᠠᠭᠠᠨ ᠤ ᠠᠤᠭ᠎ᠠ ᠬᠦᠴᠦᠨ ᠢ ᠪᠦᠯᠬᠦᠮᠳᠡᠨ ᠲᠡᠮᠡᠴᠡᠬᠦ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠤᠨ᠎ᠠ
ᠨᠡᠶᠢᠲᠡᠯᠡᠭᠰᠡᠨ ᠴᠠᠭ᠄
2023/5/4
     ᠣᠶᠢᠷ᠎ᠠ ᠶᠢᠨ ᠡᠳᠦᠷ᠂ ᠪᠦᠭᠦ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢ ᠡᠷᠭᠢᠯᠡᠵᠦ᠂ ᠲᠤᠰᠬᠠᠢ ᠰᠡᠳᠦᠪᠲᠦ ᠲᠠᠶᠢᠯᠤᠮᠵᠢ ᠬᠢᠬᠦ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ᠂ ᠲᠥᠪᠯᠡᠷᠡᠭᠦᠯᠦᠨ ᠰᠤᠷᠤᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠠᠰᠤᠷᠠᠯᠳᠠ ᠦᠭᠡᠢ ᠦᠵᠡᠯ ᠰᠠᠨᠠᠭᠠᠨ ᠤ ᠠᠤᠭ᠎ᠠ ᠬᠦᠴᠦᠨ ᠢ ᠪᠦᠯᠬᠦᠮᠳᠡᠨ ᠲᠡᠮᠡᠴᠡᠬᠦ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠡᠭᠡᠷ᠎ᠡ ᠦᠢᠯᠡᠳᠦᠯᠭᠡᠵᠢᠭᠦᠯᠵᠦ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠵᠤ ᠪᠤᠢ᠃      4 ᠰᠠᠷ᠎ᠠ ᠶᠢᠨ 19 ᠠᠴᠠ 24 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠭᠢᠯᠡᠪᠡ᠃ ᠨᠣᠮ ᠤᠩᠰᠢᠬᠤ ᠠᠩᠭᠢ ᠨᠢ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠬᠤ ᠵᠢᠴᠢ ︽ᠺᠠᠳ᠋ᠷᠴᠤᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠣᠨ︾᠂ ︽ᠰᠤᠷᠲᠠᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠣᠨ︾᠂ ︽ᠠᠵᠢᠯ ᠤᠨ ᠵᠢᠷᠤᠮᠵᠢᠯ ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠲᠠᠢ ᠤᠶᠠᠯᠳᠤᠭᠤᠯᠤᠨ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠲᠣᠭᠲᠠᠭᠰᠠᠨ ᠨᠣᠮ ᠪᠢᠴᠢᠭ ᠢ ᠲᠡᠷᠡ ᠶᠣᠰᠣᠭᠠᠷ ᠨᠢ᠂ ᠦᠭᠡ ᠥᠭᠦᠯᠡᠪᠦᠷᠢ ᠳᠠᠷᠠᠭᠠᠯᠠᠨ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠠᠵᠢᠯ ᠤᠨ ᠲᠠᠰ ᠳᠡᠪᠰᠢᠬᠦ ᠶᠢ ᠴᠢᠷᠮᠠᠶᠢᠨ ᠪᠡᠶᠡᠯᠡᠭᠦᠯᠵᠦ᠂ ᠪᠦᠭᠦ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠥᠲᠥᠯᠥᠨ ᠵᠢᠯᠣᠭᠤᠳᠪᠠ᠃       4 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠨᠣᠮ ᠤᠩᠰᠢᠬᠤ ᠠᠩᠭᠢ ᠰᠤᠷᠤᠯᠴᠠᠯᠭ᠎ᠠ ᠪᠠᠨ ᠡᠬᠢᠯᠡᠭᠦᠯᠵᠦ᠂ ᠲᠤᠰᠬᠠᠢ ᠮᠡᠷᠭᠡᠵᠢᠯᠲᠡᠨ ᠬᠠᠪᠰᠤᠷᠤᠨ ᠵᠢᠯᠤᠭᠤᠳᠬᠤ᠂ ᠲᠤᠰᠬᠠᠢ ᠰᠡᠳᠦᠪ ᠢᠶᠠᠷ ᠳᠠᠭᠠᠭᠤᠯᠤᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠥᠨ ᠥᠪᠡᠷ ᠢᠶᠠᠨ ᠰᠤᠷᠤᠯᠴᠠᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠨᠠᠮ ᠤᠨ ᠰᠢᠨ᠎ᠡ ᠶᠢ ᠡᠭᠦᠳᠦᠭᠰᠡᠨ ᠣᠨᠣᠯ ᠤᠨ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠪᠡ᠃ ᠰᠤᠷᠤᠯᠴᠠᠵᠤ ᠰᠤᠳᠤᠯᠤᠨ ᠶᠠᠷᠢᠯᠴᠠᠬᠤ ᠳᠤᠮᠳᠠ᠂ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠭᠦᠨ ᠲᠠᠷᠠᠭᠠᠴᠢ ᠶᠢᠨ ᠠᠯᠬᠤᠮ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠡᠷᠬᠢᠨ ᠰᠠᠶᠢᠲᠤᠷ ᠠᠳᠬᠤᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠰᠤᠳᠤᠯᠤᠨ ᠶᠠᠷᠢᠯᠴᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨ ᠬᠦ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠨᠠᠩ ᠰᠠᠶᠢᠲᠤᠷ ᠠᠬᠢᠭᠤᠯᠵᠤ᠂ ᠮᠠᠨ ᠤ ᠣᠷᠣᠨ ᠤ ︽ᠲᠠᠪᠤᠨ ᠶᠡᠭᠡ ᠡᠭᠦᠷᠭᠡ︾ ᠶᠢ ᠲᠦᠷᠭᠡᠳᠬᠡᠨ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃      4 ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠨᠣᠮ ᠤᠩᠰᠢᠬᠤ ᠠᠩᠭᠢ ᠰᠤᠷᠤᠯᠴᠠᠯᠭ᠎ᠠ ᠪᠠᠨ ᠡᠬᠢᠯᠡᠭᠦᠯᠪᠡ᠃ ᠨᠣᠮ ᠤᠩᠰᠢᠬᠤ ᠠᠩᠭᠢ 4 ᠰᠠᠷ᠎ᠠ ᠶᠢᠨ 21 ᠠᠴᠠ 6 ᠰᠠᠷ᠎ᠠ ᠪᠤᠯᠲᠠᠯ᠎ᠠ ᠦᠷᠭᠦᠯᠵᠢᠯᠡᠬᠦ ᠪᠣᠯᠣᠨ᠎ᠠ᠂ ᠨᠡᠶᠢᠲᠡ 5 ᠬᠤᠭᠤᠴᠠᠭᠠᠨ ᠤ ᠠᠭᠤᠯᠭ᠎ᠠ ᠶᠢ ᠲᠣᠬᠢᠷᠠᠭᠤᠯᠵᠤ᠂ ᠬᠤᠪᠢ ᠬᠥᠮᠥᠨ ᠥᠪᠡᠷ ᠢᠶᠠᠨ ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠳᠥᠷᠪᠡᠨ ᠭᠤᠭᠴᠤᠭ᠎ᠠ ᠪᠠᠷ ᠳᠠᠮᠵᠢᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠵᠤ᠂ ᠨᠠᠮ ᠤᠨ ᠭᠡᠰᠢᠭᠦᠨ ᠺᠠᠳ᠋ᠷᠴᠤᠳ ᠤᠨ ᠲᠠᠰ ᠲᠠᠰ ᠢᠶᠠᠷ ᠳᠠᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠢᠨ᠎ᠡ ᠶᠢ ᠡᠭᠦᠳᠦᠭᠰᠡᠨ ᠣᠨᠣᠯ ᠤᠨ ᠲᠤᠬᠠᠢ ᠤᠯᠤᠰ ᠲᠥᠷᠥ ᠶᠢᠨ ᠬᠠᠮᠲᠤ ᠶᠢᠨ ᠲᠠᠨᠢᠯᠲᠠ ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ᠂ ᠣᠨᠣᠯ ᠤᠨ ᠲᠠᠨᠢᠯᠲᠠ᠂ ᠬᠠᠶᠢᠷ᠎ᠠ ᠰᠡᠳᠬᠢᠯᠭᠡ ᠶᠢᠨ ᠲᠠᠨᠢᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠪᠦᠭᠦ ᠰᠤᠷᠭᠠᠭᠤᠯᠢ ᠶᠢᠨ ᠪᠠᠭᠰᠢ ᠰᠤᠷᠤᠬᠴᠢᠳ ᠤᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠢᠯᠡ ᠲᠣᠳᠣ ᠣᠨᠴᠠᠯᠢᠭ ᠲᠠᠢ ᠥᠨᠳᠥᠷ ᠬᠢᠷᠢ ᠲᠦᠪᠰᠢᠨ ᠪᠦᠬᠦᠢ ᠲᠠᠷᠢᠶᠠᠯᠠᠩ ᠤᠨ ᠶᠡᠭᠡ ᠰᠤᠷᠭᠠᠭᠤᠯᠢ ᠶᠢ ᠪᠦᠲᠦᠭᠡᠨ ᠪᠠᠶᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠶᠢ ᠬᠥᠲᠥᠯᠥᠨ ᠲᠠᠶᠢᠴᠢᠯᠠᠪᠠ᠃      4 ᠰᠠᠷ᠎ᠠ ᠶᠢᠨ 24 ᠠᠴᠠ 28 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠭᠢᠯᠡᠵᠦ᠂ ᠲᠤᠰᠬᠠᠢ ᠰᠡᠳᠦᠪᠲᠦ ᠲᠠᠶᠢᠯᠤᠮᠵᠢ ᠬᠢᠬᠦ᠂ ᠲᠥᠪᠯᠡᠷᠡᠭᠦᠯᠦᠨ ᠥᠪᠡᠷ ᠢᠶᠠᠨ ᠰᠤᠷᠤᠯᠴᠠᠬᠤ᠂ ᠦᠵᠡᠰᠬᠦᠯᠡᠩ ᠢ ᠲᠣᠭᠤᠷᠢᠨ ᠦᠵᠡᠬᠦ᠂ ᠦᠢᠯᠡᠳᠦᠯᠭᠡ ᠬᠢᠵᠦ ᠪᠠᠶᠠᠳᠠᠨ ᠣᠶᠢᠯᠠᠭᠠᠬᠤ᠂ ᠣᠨᠣᠯ ᠤᠨ ᠰᠢᠯᠭᠠᠯᠲᠠ ᠬᠢᠬᠦ ᠵᠡᠷᠭᠡ ᠡᠯᠪᠡᠭ ᠪᠠᠶᠠᠯᠢᠭ ᠣᠯᠠᠨ ᠶᠠᠩᠵᠤ ᠶᠢᠨ ᠬᠡᠯᠪᠡᠷᠢ ᠪᠠᠷ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ︽ᠦᠵᠡᠯ ᠰᠠᠨᠠᠭ᠎ᠠ ᠶᠢ ᠰᠤᠷᠤᠯᠴᠠᠨ᠂ ᠨᠠᠮᠴᠢ ᠴᠢᠨᠠᠷ ᠢᠶᠠᠨ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠨᠣᠮ ᠤᠩᠰᠢᠬᠤ ᠠᠩᠭᠢ ᠶᠢ ︽ᠣᠶᠤᠨ ᠰᠠᠨᠠᠭᠠᠨ ᠤ ᠠᠷᠢᠭᠤᠳᠬᠠᠯ︾ ᠢ ᠬᠦᠯᠢᠶᠡᠬᠦ ᠵᠣᠷᠢᠭ ᠰᠠᠨᠠᠭᠠᠨ ᠤ ᠬᠥᠮᠦᠵᠢᠯ ᠪᠠ ᠦᠵᠡᠯ ᠰᠠᠨᠠᠭᠠᠨ ᠤ ᠳᠠᠪᠲᠠᠯᠲᠠ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠣᠷᠢᠭᠲᠠᠢ ᠲᠡᠮᠡᠴᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ︽ᠲᠥᠯᠦᠪᠵᠢᠭᠦᠯᠭᠡ ᠶᠢᠨ ᠵᠢᠷᠤᠭ︾ ᠢ ︽ᠪᠠᠷᠢᠯᠭ᠎ᠠ ᠶᠢᠨ ᠵᠢᠷᠤᠭ︾ ᠪᠣᠯᠭᠠᠨ ᠬᠤᠪᠢᠷᠠᠭᠤᠯᠵᠤ᠂ ︽ᠴᠠᠭ ᠤᠨ ᠬᠦᠰᠦᠨᠦᠭᠲᠦ︾ ᠶᠢ ︽ᠠᠬᠢᠴᠠ ᠶᠢᠨ ᠬᠦᠰᠦᠨᠦᠭᠲᠦ︾ ᠪᠣᠯᠭᠠᠨ ᠬᠤᠪᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠣᠨ᠎ᠠ ᠭᠡᠵᠦ ᠢᠯᠡᠳᠬᠡᠵᠡᠭᠡᠪᠡ᠃      4 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠬᠢᠴᠢᠶᠡᠯ ᠡᠬᠢᠯᠡᠪᠡ᠃ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠠᠴᠠ᠂ ︽ᠦᠵᠡᠯ ᠰᠠᠨᠠᠭ᠎ᠠ ᠶᠢ ᠰᠤᠷᠤᠯᠴᠠᠬᠤ︾ ᠶᠢ ᠲᠡᠷᠢᠭᠦᠨ ᠳᠤ ᠲᠠᠯᠪᠢᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠡᠶᠡᠴᠢ ᠶᠢᠷᠲᠢᠨᠴᠦ ᠪᠠᠨ ᠥᠭᠡᠷᠡᠴᠢᠯᠡᠵᠦ᠂ ᠢᠲᠡᠭᠡᠯ ᠪᠢᠰᠢᠷᠡᠯ ᠤᠨ ᠰᠠᠭᠤᠷᠢ ᠪᠠᠨ ᠪᠠᠬᠢᠵᠢᠭᠦᠯᠵᠦ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠦᠷᠢᠯᠡᠵᠦ᠂ ᠦᠵᠡᠯ ᠰᠠᠨᠠᠭᠠᠨ ᠤ ᠵᠠᠯᠠᠭᠤᠷ ᠢᠶᠠᠨ ᠯᠠᠪᠳᠠᠭᠤᠨ ᠡᠵᠡᠮᠳᠡᠬᠦ ᠬᠡᠷᠡᠭᠲᠡᠢ᠃ ︽ᠤᠭ ᠶᠣᠰᠣ ᠶᠢ ᠣᠶᠢᠯᠠᠭᠠᠬᠤ︾ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠭ ᠵᠣᠬᠢᠶᠠᠯ ᠢ ᠤᠩᠰᠢᠵᠤ ᠤᠭ ᠪᠦᠲᠦᠭᠡᠯ ᠢ ᠰᠤᠷᠤᠯᠴᠠᠵᠤ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠰᠤᠷᠤᠬᠰᠠᠨ ᠢᠶᠠᠨ ᠬᠡᠷᠡᠭᠯᠡᠬᠦᠢ ᠮᠡᠳᠡᠬᠦᠢ ᠬᠢᠬᠦᠢ ᠶᠢ ᠨᠢᠭᠡᠳᠬᠡᠬᠦ ᠶᠢ ᠪᠠᠷᠢᠮᠲᠠᠯᠠᠵᠤ᠂ ᠤᠳᠤᠷᠢᠳᠬᠤ ᠺᠠᠳ᠋ᠷ ᠳᠠᠭᠠᠭᠤᠯᠤᠨ ᠰᠤᠷᠤᠯᠴᠠᠵᠤ ᠰᠤᠷᠤᠯᠴᠠᠯᠭ᠎ᠠ ᠶᠢ ᠠᠬᠢᠭᠤᠯᠬᠤ ᠶᠢ ᠪᠠᠷᠢᠮᠲᠠᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠲᠦᠷᠦᠭᠦᠴᠢ ᠭᠠᠯᠠᠭᠤ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ︽ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠶᠢ ᠢᠮᠠᠭᠲᠠ ᠲᠤᠭᠤᠰᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯᠯᠠᠵᠤ ᠰᠤᠷᠤᠯᠴᠠᠬᠤ ᠬᠠᠷᠢᠴᠠᠭ᠎ᠠ ᠶᠢ ᠪᠦᠲᠦᠮᠵᠢᠲᠡᠢ ᠰᠢᠢᠳᠪᠦᠷᠢᠯᠡᠵᠦ᠂ ᠭᠤᠣᠯ ᠰᠡᠳᠦᠪᠲᠦ ᠬᠥᠮᠦᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠪᠠᠷ ᠬᠠᠮᠠᠭᠠᠯᠠᠯᠲᠠ ᠶᠢᠨ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号