︵ᠰᠤᠷᠪᠤᠯᠵᠢᠯᠠᠭᠴᠢ ᠯᠢᠦᠢ ᠬᠤᠢ ᠱᠧᠩ︶ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ · ᠥᠪᠥᠷ | ᠮᠣᠩᠭᠤᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠦᠵᠡᠰᠬᠦᠯᠡᠩ ᠤᠨ | ᠴᠤᠭᠯᠠᠭᠠᠨ 4 ᠳ᠋ᠦ᠋ᠭᠡᠷ ᠰᠠᠷ᠎ᠠ ᠶᠢᠨ 28 ︱ 5 ᠳ᠋ᠤᠭᠠᠷ ᠰᠠᠷ᠎ᠠ ᠶᠢᠨ 2 ᠤᠨ ᠡᠳᠦᠷ ᠪᠣᠯᠲᠠᠯ᠎ᠠ ᠥᠪᠥᠷ ᠮᠣᠩᠭᠤᠯ ᠤᠨ | ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠪᠠ᠃ ᠲᠤᠰ ᠤᠳᠠᠭ᠎ᠠ ᠶᠢᠨ ᠦᠵᠡᠰᠬᠦᠯᠡᠩ ᠳᠤ | 260 ᠭᠠᠷᠤᠢ ᠤᠯᠠᠨ ᠤᠯᠤᠰ ᠤᠨ ᠪᠠᠷᠢᠮᠵᠢᠶᠠᠲᠤ ᠳᠡᠯᠭᠡᠨ ᠦᠵᠡᠭᠦᠯᠬᠦ ᠪᠠᠶᠢᠷᠢ᠂ 10 ᠣᠨᠴᠠ ᠴᠢᠮᠡᠭᠰᠡᠨ ᠳᠡᠯᠭᠡᠨ | ᠦᠵᠡᠭᠦᠯᠬᠦ ᠪᠠᠶᠢᠷᠢ ᠲᠣᠬᠢᠷᠠᠭᠤᠯᠵᠤ᠂ ᠪᠦᠬᠦ ᠪᠥᠮᠪᠥᠷᠴᠡᠭ ᠤᠨ 200 ᠭᠠᠷᠤᠢ ᠨᠡᠷᠡᠳᠦ ᠠᠵᠤ ᠠᠬᠤᠶᠢᠯᠠᠯ ᠤᠨ | ᠰᠣᠨᠢᠷᠬᠠᠯ ᠢ ᠲᠠᠲᠠᠵᠤ ᠦᠵᠡᠰᠬᠦᠯᠡᠩ ᠳᠤ ᠣᠷᠣᠯᠴᠠᠭᠤᠯᠵᠠᠢ᠃ | ᠲᠤᠰ ᠬᠤᠭᠤᠴᠠᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ | ᠦᠵᠡᠰᠬᠦᠯᠡᠩ ᠤᠨ ᠴᠤᠭᠯᠠᠭᠠᠨ ᠳᠤ ᠳᠡᠯᠭᠡᠨ ᠦᠵᠡᠭᠦᠯᠬᠦ ᠲᠠᠸᠠᠷ ᠪᠠ ᠦᠵᠡᠰᠬᠦᠯᠡᠩ ᠳᠤ ᠣᠷᠣᠯᠴᠠᠬᠤ ᠠᠵᠤ | ᠠᠬᠤᠶᠢᠯᠠᠯ ᠤᠨ ᠰᠢᠯᠢᠳᠡᠭ ᠢ ᠰᠣᠩᠭᠤᠬᠤ ᠶᠢ ᠴᠢᠬᠤᠯᠠᠴᠢᠯᠠᠵᠤ᠂ ᠫᠠᠺᠢᠰᠲ᠋ᠠᠨ᠂ ᠡᠨᠡᠳᠬᠡᠭ᠂ ᠮᠣᠩᠭᠤᠯ ᠤᠯᠤᠰ᠂ | ᠮᠠᠯᠠᠶᠢᠰᠢᠶ᠎ᠠ ᠵᠡᠷᠭᠡ ᠤᠯᠠᠨ ᠤᠯᠤᠰ ᠪᠠ ᠭᠠᠵᠠᠷ ᠣᠷᠣᠨ ᠤ ᠦᠵᠡᠰᠬᠦᠯᠡᠩ ᠳᠤ ᠣᠷᠣᠯᠴᠠᠭᠰᠠᠨ ᠬᠤᠳᠠᠯᠳᠤᠭᠠᠴᠢᠳ | ᠮᠢᠩᠭ᠎ᠠ ᠭᠠᠷᠤᠢ ᠲᠦᠷᠦᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠵᠡᠰᠬᠦᠯᠡᠩ ᠤᠨ | ᠲᠠᠸᠠᠷ ᠢᠶᠠᠨ ᠠᠪᠴᠤ ᠦᠵᠡᠰᠬᠦᠯᠡᠩ ᠳᠤ ᠣᠷᠣᠯᠴᠠᠵᠠᠢ᠃ ᠦᠵᠡᠭᠦᠯᠦᠯᠭᠡ ᠶᠢᠨ ᠲᠠᠸᠠᠷ ᠲᠤ ᠠᠮᠲᠠᠲᠤ ᠢᠳᠡᠭᠡᠨ ᠤ | ᠣᠨᠴᠠ ᠭᠠᠷᠤᠯᠲᠠ᠂ ᠴᠠᠭ ᠤᠨ ᠥᠩᠭᠡᠲᠦ ᠬᠤᠪᠴᠠᠰᠤ ᠵᠠᠰᠠᠯ᠂ ᠰᠤᠪᠤᠳ ᠡᠷᠳᠡᠨᠢ ᠶᠢᠨ ᠵᠠᠰᠠᠯ ᠵᠢᠮᠰᠡᠭ᠂ ᠭᠠᠷ | ᠤᠷᠠᠯᠠᠯ ᠤᠨ ᠪᠡᠯᠡᠭ᠂ ᠠᠮᠢᠳᠤᠷᠠᠯ ᠤᠨ ᠬᠡᠷᠡᠭᠰᠡᠯ᠂ ᠡᠬᠡ ᠨᠢᠯᠬᠠᠰ ᠤᠨ ᠲᠣᠭᠯᠠᠭᠠᠮ᠂ ᠨᠠᠷᠠᠲᠤ ᠭᠤᠶᠣᠯᠠᠯ ᠤᠨ ᠡᠳ᠋ | ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠰᠢᠯᠢᠳᠡᠭ ᠲᠠᠸᠠᠷ ᠢ ᠬᠠᠮᠤᠷᠴᠤ᠂ ᠦᠵᠡᠰᠬᠦᠯᠡᠩ ᠳᠤ ᠣᠷᠣᠯᠴᠠᠬᠤ ᠬᠤᠳᠠᠯᠳᠤᠭᠠᠴᠢᠨ ᠪᠠ ᠬᠤᠳᠠᠯᠳᠤᠨ ᠠᠪᠬᠤ | ᠬᠤᠳᠠᠯᠳᠤᠭᠠᠴᠢᠨ ᠳᠤ ︽ᠨᠢᠭᠡ ᠳᠤ ᠨᠢᠭᠡ ︾ ᠵᠥᠪᠳᠡᠯᠴᠡᠨ ᠶᠠᠷᠢᠯᠴᠠᠬᠤ ᠬᠠᠮᠲᠤᠷᠠᠯᠴᠠᠭᠠᠨ ᠤ ᠲᠠᠪᠴᠠᠩ ᠪᠠᠶᠢᠭᠤᠯᠵᠤ | ᠥᠭᠬᠦ ᠶᠢᠨ ᠬᠠᠮᠲᠤ᠂ ᠬᠥᠬᠡᠬᠤᠲᠠ ᠶᠢᠨ ᠠᠷᠠᠳ ᠲᠤ ᠭᠡᠷ ᠠᠴᠠ ᠪᠠᠨ ᠭᠠᠷᠬᠤ ᠦᠭᠡᠢ ᠪᠠᠷ ᠥᠪᠡᠷ ᠤᠨ ᠲᠣᠭᠤᠭᠰᠠᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠢᠶᠠᠨ ᠬᠤᠳᠠᠯᠳᠤᠨ ᠠᠪᠴᠤ ᠪᠣᠯᠬᠤ ᠲᠣᠬᠢᠶᠠᠯ | ᠬᠠᠩᠭᠠᠪᠠ᠃ | ᠣᠶᠢᠯᠠᠭᠠᠭᠰᠠᠨ ᠢᠶᠠᠷ᠂ ᠦᠵᠡᠰᠬᠦᠯᠡᠩ ᠤᠨ ᠴᠤᠭᠯᠠᠭᠠᠨ ᠤ ᠦᠢᠯᠡᠴᠢᠯᠡᠭᠡᠨ ᠤ ᠶᠠᠰᠤ ᠴᠢᠨᠠᠷ ᠪᠠ ᠬᠢᠷᠢ | ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠦᠵᠡᠰᠬᠦᠯᠡᠩ ᠳᠤ ᠣᠷᠣᠯᠴᠠᠬᠤ ᠲᠠᠸᠠᠷ ᠤᠨ ᠶᠠᠰᠤ ᠴᠢᠨᠠᠷ ᠪᠠ | ᠬᠡᠷᠡᠭᠯᠡᠭᠴᠢᠳ ᠤᠨ ᠠᠰᠢᠭ ᠲᠤᠰᠠ ᠶᠢ ᠪᠠᠲᠤᠯᠠᠬᠤ ᠶᠢᠨ ᠲᠥᠯᠥᠭᠡ᠂ ᠲᠣᠰ ᠬᠤᠭᠤᠴᠠᠭᠠᠨ ᠤ ᠦᠵᠡᠰᠬᠦᠯᠡᠩ ᠤᠨ | ᠴᠤᠭᠯᠠᠭᠠᠨ ᠳᠤ ᠪᠠᠰᠠ ᠢᠳᠡᠭᠡᠨ ᠤ ᠠᠶᠤᠯᠭᠦᠢ ᠶᠢᠨ ᠠᠯᠢ ᠣᠯᠠᠨ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ ᠨᠢᠭᠡ ᠳᠤ | ᠪᠦᠷᠢᠨ ᠲᠡᠭᠦᠯᠳᠡᠷ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠪᠠ᠂ ᠬᠤᠶᠠᠷ ᠲᠤ ᠦᠵᠡᠰᠬᠦᠯᠡᠩ ᠤᠨ | ᠲᠤᠬᠠᠢ ᠶᠢᠨ ᠲᠠᠯᠠᠪᠤᠷ ᠲᠤ ᠶᠠᠰᠤ ᠴᠢᠨᠠᠷ ᠲᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠠᠪᠴᠠᠩ ᠭᠠᠷᠭᠠᠵᠤ᠂ | ᠦᠢᠯᠡᠴᠢᠯᠡᠭᠡᠨ ᠤ ᠬᠢᠷᠢ ᠲᠦᠪᠰᠢᠨ ᠢ ᠰᠢᠨ᠎ᠡ ᠶᠢ ᠡᠭᠦᠳᠦᠨ ᠲᠠᠰ ᠳᠡᠪᠰᠢᠭᠦᠯᠬᠦ ᠪᠠᠷ ᠳᠠᠮᠵᠢᠭᠤᠯᠤᠨ᠂ ᠲᠤᠬᠠᠢ ᠶᠢᠨ | ᠲᠠᠯᠠᠪᠤᠷ ᠤᠨ ᠦᠵᠡᠭᠴᠢᠳ ᠪᠠ ᠦᠵᠡᠰᠬᠦᠯᠡᠩ ᠳᠤ ᠣᠷᠣᠯᠴᠠᠬᠤ ᠬᠤᠳᠠᠯᠳᠤᠭᠠᠴᠢᠳ ᠲᠤ ᠬᠠᠮᠤᠭ ᠤᠨ ᠶᠡᠭᠡ ᠲᠥᠬᠦᠮ | ᠦᠵᠡᠭᠦᠯᠦᠭᠰᠡᠨ ᠪᠠᠶᠢᠨ᠎ᠠ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |