︽ᠢᠨᠲ᠋ᠧᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ︾ ᠨᠢ ᠠᠭᠠᠵᠢᠮ ᠢᠶᠠᠷ ᠨᠢᠭᠡ ᠵᠦᠢᠯ ᠤᠨ ᠬᠡᠪ ᠰᠤᠷᠲᠠᠯ ᠪᠣᠯᠣᠨ ᠪᠦᠷᠢᠯᠳᠦᠵᠦ ᠪᠠᠶᠢᠨ᠎ᠠ
ᠨᠡᠶᠢᠲᠡᠯᠡᠭᠰᠡᠨ ᠴᠠᠭ᠄
2023/5/5
     ᠴᠠᠭ ᠬᠤᠭᠤᠴᠠᠭ᠎ᠠ᠂ ᠭᠠᠵᠠᠷ ᠣᠷᠣᠨ ᠤ ᠬᠢᠵᠠᠭᠠᠷᠯᠠᠯ ᠢ ᠬᠦᠯᠢᠶᠡᠬᠦ ᠦᠭᠡᠢ ᠪᠠᠷ ᠭᠠᠷ ᠤᠲᠠᠰᠤ ᠪᠠᠷ ᠳᠠᠮᠵᠢᠭᠤᠯᠤᠨ ᠮᠣᠳᠣ ᠳᠠᠷᠢᠬᠤ ᠡᠭᠦᠷᠭᠡ ᠪᠠᠨ ᠭᠦᠢᠴᠡᠳᠬᠡᠬᠦ ᠪᠣᠯᠬᠤ ᠪᠣᠯᠪᠠ᠃ ᠥᠪᠥᠷ ᠮᠣᠩᠭᠤᠯ ᠳᠤ ︽ᠢᠨᠲ᠋ᠧᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ︾ ᠨᠢ ᠠᠭᠠᠵᠢᠮ ᠢᠶᠠᠷ ᠨᠢᠭᠡ ᠵᠦᠢᠯ ᠤᠨ ᠬᠡᠪ ᠰᠤᠷᠲᠠᠯ ᠪᠣᠯᠣᠨ ᠪᠦᠷᠢᠯᠳᠦᠵᠦ ᠪᠠᠶᠢᠨ᠎ᠠ᠃ ᠰᠤᠷᠪᠤᠯᠵᠢᠯᠠᠭᠴᠢ 5 ᠳ᠋ᠤᠭᠠᠷ ᠰᠠᠷ᠎ᠠ ᠶᠢᠨ 2 ᠤᠨ ᠡᠳᠦᠷ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠰᠦᠯᠵᠢᠶᠡᠨ ᠳᠡᠭᠡᠷ᠎ᠡ ᠠᠴᠠ ᠣᠯᠵᠤ ᠦᠵᠡᠭᠰᠡᠨ ᠨᠢ᠂ ᠥᠪᠥᠷ ᠮᠣᠩᠭᠤᠯ ᠣᠷᠣᠨ ᠳᠤ ᠶᠠᠭ ᠶᠠᠪᠤᠭᠳᠠᠵᠤ ᠪᠠᠶᠢᠭ᠎ᠠ ︽ᠢᠨᠲ᠋ᠧᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ︾ ᠶᠢᠨ ᠲᠥᠷᠥᠯ ᠵᠦᠢᠯ ᠨᠡᠶᠢᠲᠡ 14 ᠪᠣᠶ᠂ ᠡᠭᠦᠨ ᠳᠤ ᠬᠥᠳᠡᠯᠮᠦᠷᠢ ᠪᠠᠷ ᠬᠠᠷᠢᠭᠤᠴᠠᠯᠭ᠎ᠠ ᠪᠠᠨ ᠭᠦᠢᠴᠡᠳᠬᠡᠬᠦ ᠲᠦᠷᠦᠯ ᠵᠦᠢᠯ 8᠂ ᠪᠡᠯᠡ ᠮᠥᠩᠭᠦ ᠬᠠᠨᠳᠢᠪᠯᠠᠵᠤ ᠬᠠᠷᠢᠭᠤᠴᠠᠯᠭ᠎ᠠ ᠪᠠᠨ ᠭᠦᠢᠴᠡᠳᠬᠡᠬᠦ ᠲᠦᠷᠦᠯ ᠵᠦᠢᠯ 6 ᠪᠣᠶ᠃ ᠪᠡᠯᠡ ᠮᠥᠩᠭᠦ ᠬᠠᠨᠳᠢᠪᠯᠠᠵᠤ ᠬᠠᠷᠢᠭᠤᠴᠠᠯᠭ᠎ᠠ ᠪᠠᠨ ᠭᠦᠢᠴᠡᠳᠬᠡᠭᠰᠡᠨ 6 ᠲᠦᠷᠦᠯ ᠵᠦᠢᠯ ᠤᠨ ᠪᠡᠯᠡ ᠮᠥᠩᠭᠦ ᠬᠠᠨᠳᠢᠪᠯᠠᠭᠰᠠᠨ ᠶᠡᠷᠦᠩᠬᠡᠢ ᠲᠤᠭ᠎ᠠ ᠨᠢ 327 ᠲᠦᠮᠡ ᠭᠠᠷᠤᠢ ᠲᠥᠭᠦᠷᠢᠭ ᠲᠤ ᠬᠦᠷᠴᠦ᠂ ᠣᠷᠣᠯᠴᠠᠭᠰᠠᠨ ᠶᠡᠷᠦᠩᠬᠡᠢ ᠬᠥᠮᠥᠨ ᠤ ᠲᠤᠭ᠎ᠠ 5 ᠲᠦᠮᠡ ᠰᠢᠬᠠᠮ ᠬᠦᠷᠪᠡ᠃      ᠣᠶᠢᠯᠠᠭᠠᠭᠰᠠᠨ ᠢᠶᠠᠷ᠂ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠠᠷᠭ᠎ᠠ ᠬᠡᠯᠪᠡᠷᠢ ᠶᠢ ᠥᠷᠭᠡᠳᠬᠡᠬᠦ ᠶᠢᠨ ᠲᠤᠰᠠᠳᠠ᠂ 2017 ᠣᠨ ᠳᠤ ᠤᠯᠤᠰ ᠠᠴᠠ ︽ᠢᠨᠲ᠋ᠧᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ︾ ᠶᠢ ᠡᠬᠢᠯᠡᠭᠦᠯᠪᠡ᠃ ᠪᠥᠬᠦ ᠤᠯᠤᠰ ᠤᠨ ᠲᠦᠷᠦᠭᠦᠤ ᠪᠦᠯᠦᠭ ᠲᠤᠷᠰᠢᠯᠲᠠ ᠶᠢᠨ ᠮᠤᠵᠢ ᠣᠷᠣᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ︽ᠢᠨᠲ᠋ᠧᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ︾ ᠢ ᠢᠳᠡᠪᠬᠢᠲᠡᠢ ᠪᠥᠭᠡᠳ ᠯᠠᠪᠳᠠᠭᠤᠨ ᠢᠶᠠᠷ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠦᠯᠵᠢᠶᠡᠨ ᠳᠡᠭᠡᠷ᠎ᠡ ᠮᠣᠳᠣ ᠳᠠᠷᠢᠬᠤ ᠡᠭᠦᠷᠭᠡ ᠶᠢ ᠭᠦᠢᠴᠡᠳᠬᠡᠭᠦᠯᠪᠡ᠃ ᠥᠷᠭᠡᠨ ᠣᠯᠠᠨ ᠲᠦᠮᠡᠨ ︽ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ︾ ᠶᠢᠨ ᠨᠡᠶᠢᠲᠡ ᠶᠢᠨ ᠲᠠᠪᠴᠠᠩ ᠳᠤ ᠨᠡᠪᠲᠡᠷᠡᠬᠦ ᠪᠠᠷ ᠳᠠᠮᠵᠢᠨ᠂ ᠬᠥᠳᠡᠯᠮᠦᠷᠢ ᠪᠠᠷ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠰᠣᠩᠭᠤᠵᠤ᠂ ᠬᠤᠪᠢ ᠬᠥᠮᠥᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠬᠢᠷᠠᠮᠵᠢᠲᠠᠢ ᠴᠠᠭ ᠪᠠ ᠭᠠᠵᠠᠷ ᠢ ᠰᠣᠩᠭᠤᠵᠤ᠂ ᠠᠯᠪᠠᠨ ᠵᠢᠷᠤᠮ ᠤᠨ ᠮᠣᠳᠣ ᠳᠠᠷᠢᠬᠤ᠂ ᠠᠷᠠᠴᠢᠯᠠᠨ ᠪᠤᠶᠢᠵᠢᠭᠤᠯᠬᠤ᠂ ᠬᠠᠮᠢᠶᠠᠷᠴᠤ ᠬᠠᠮᠠᠭᠠᠯᠠᠬᠤ ᠠᠵᠢᠯᠯᠠᠭ᠎ᠠ ᠶᠢ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠪᠣᠯᠣᠨ᠎ᠠ ᠃ ᠪᠠᠰᠠ ᠪᠡᠯᠡ ᠮᠥᠩᠭᠦ ᠬᠠᠨᠳᠢᠪᠯᠠᠵᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠰᠤᠩᠭᠤᠨ᠂ ᠣᠨᠴᠠ ᠲᠣᠭᠲᠠᠭᠰᠠᠨ ᠮᠣᠳᠣ ᠲᠠᠷᠢᠬᠤ ᠲᠦᠷᠦᠯ ᠵᠦᠢᠯ ᠳᠤ ᠰᠦᠯᠵᠢᠶᠡᠨ ᠳᠡᠭᠡᠷ᠎ᠡ ᠮᠥᠩᠭᠦ ᠬᠠᠨᠳᠢᠪᠯᠡᠬᠤ ᠪᠠᠷ ᠳᠠᠮᠵᠢᠭᠤᠯᠤᠨ ᠬᠠᠷᠢᠭᠤᠴᠠᠯᠭ᠎ᠠ ᠪᠠᠨ ᠭᠦᠢᠴᠡᠳᠬᠡᠵᠦ ᠪᠣᠯᠣᠨ᠎ᠠ᠃ ᠡᠭᠦᠨ ᠤ ᠬᠠᠮᠲᠤ᠂ ᠮᠠᠨ ᠤ ᠣᠷᠣᠨ ︽ᠢᠨᠲ᠋ᠧᠷ ᠰᠦᠯᠵᠢᠶ᠎ᠡ + ᠲᠠᠪᠴᠠᠩ︾ ᠪᠠᠶᠢᠭᠤᠯᠬᠤ ᠶᠢ ᠴᠢᠬᠤᠯᠠᠴᠢᠯᠠᠵᠤ᠂ ᠤᠷᠢᠳ ᠬᠤᠵᠢᠳ ᠤᠯᠤᠰ ᠤᠨ ᠲᠠᠰ ᠤᠨ 2 ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ 5 ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢ ᠪᠠᠶᠢᠭᠤᠯᠤᠭᠰᠠᠨ ᠪᠥᠭᠡᠳ ᠰᠦᠯᠵᠢᠶᠡᠨ ᠳᠤ ᠨᠡᠶᠢᠯᠡᠭᠦᠯᠦᠨ ᠨᠡᠪᠲᠡᠷᠡᠭᠦᠯᠵᠦ᠂ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠲᠤᠰᠬᠠᠶᠢᠵᠢᠭᠤᠯᠬᠤ᠂ ᠥᠨᠳᠥᠷ ᠦᠷ᠎ᠡ ᠪᠦᠲᠦᠮᠵᠢᠲᠡᠢ ᠪᠣᠯᠭᠠᠬᠤ ᠶᠢ ᠦᠨᠡᠨ ᠬᠦ ᠪᠠᠲᠤᠯᠠᠵᠤ ᠪᠠᠶᠢᠨ᠎ᠠ᠃ ︽ᠢᠨᠲ᠋ᠧᠷ ᠰᠦᠯᠵᠢᠶ᠎ᠡ + ᠪᠦᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ︾ ᠶᠢ ᠦᠷᠨᠢᠭᠦᠯᠦᠭᠰᠡᠨ ᠨᠢ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠥᠷᠨᠢᠭᠦᠯᠬᠦ ᠶᠢ ᠪᠡᠶᠡᠯᠡᠭᠦᠯᠵᠦ᠂ ᠨᠡᠩ ᠥᠷᠭᠡᠨ ᠳᠡᠯᠭᠡᠷ ᠨᠣᠭᠤᠭᠠᠷᠠᠭᠤᠯᠤᠯᠲᠠ ᠶᠢ ᠬᠠᠶᠢᠷᠠᠯᠠᠬᠤ ᠨᠣᠭᠤᠭᠠᠷᠠᠭᠤᠯᠤᠯᠲᠠ ᠬᠢᠬᠦ ᠨᠣᠭᠤᠭᠠᠷᠠᠭᠤᠯᠤᠯᠲᠠ ᠶᠢ ᠬᠠᠮᠠᠭᠠᠯᠠᠬᠤ ᠬᠦᠴᠦᠨ ᠢ ᠨᠢᠭᠲᠠᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠵᠦ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号