︵ᠰᠤᠷᠪᠤᠯᠵᠢᠯᠠᠭᠴᠢ ᠯᠢᠶᠠᠩ ᠵᠢᠩ ᠱᠤ᠋︶ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ | ᠣᠶᠢᠯᠠᠭᠠᠭᠰᠠᠨ ᠨᠢ᠂ 4 ᠳ᠋ᠦ᠋ᠭᠡᠷ ᠰᠠᠷ᠎ᠠ ᠶᠢᠨ 29 ᠤ ᠡᠳᠦᠷ ᠤᠨ ᠲᠡᠭ ᠴᠠᠭ ᠠᠴᠠ ᠡᠬᠢᠯᠡᠨ᠂ ᠮᠠᠨ ᠤ ᠬᠤᠲᠠ | ᠡᠭᠦᠳᠡᠨ ᠡᠮᠨᠡᠯᠭᠡ ᠶᠢᠨ ᠡᠪᠡᠳᠴᠢᠨ ᠪᠠᠶᠢᠴᠠᠭᠠᠬᠤ ᠵᠠᠷᠤᠳᠠᠯ ︵ᠳ᠋ᠤᠭᠠᠷᠯᠠᠬᠤ ᠰᠦᠢᠳᠬᠡᠯ︶ ᠤᠨ ᠦᠨ᠎ᠡ ᠳᠤ | ᠲᠣᠬᠢᠷᠠᠭᠤᠯᠤᠯᠲᠠ ᠬᠢᠬᠦ ᠶᠢᠨ ᠬᠠᠮᠲᠤ ᠡᠮᠴᠢᠯᠡᠭᠡᠨ ᠤ ᠪᠠᠲᠤᠯᠠᠭ᠎ᠠ ᠶᠢᠨ ᠲᠠᠩᠰᠠ ᠲᠠᠶᠢᠯᠬᠤ ᠬᠡᠪᠴᠢᠶᠡᠨ ᠳᠤ | ᠣᠷᠣᠭᠤᠯᠵᠠᠢ᠃ ᠡᠩ ᠤᠨ ᠳ᠋ᠤᠭᠠᠷᠯᠠᠬᠤ ᠵᠠᠷᠤᠳᠠᠯ᠂ ᠳᠡᠳ᠋ ᠡᠷᠬᠢᠯᠡᠭᠴᠢ ᠡᠮᠴᠢ ᠶᠢᠨ ᠳ᠋ᠤᠭᠠᠷᠯᠠᠬᠤ ᠵᠠᠷᠤᠳᠠᠯ᠂ | ᠡᠷᠬᠢᠯᠡᠭᠴᠢ ᠡᠮᠴᠢ ᠶᠢᠨ ᠳ᠋ᠤᠭᠠᠷᠯᠠᠬᠤ ᠵᠠᠷᠤᠳᠠᠯ ᠢ ᠲᠣᠰ ᠲᠣᠰ 15 ᠲᠥᠭᠦᠷᠢᠭ / ᠤᠳᠠᠭ᠎ᠠ᠂ 20 ᠲᠥᠭᠦᠷᠢᠭ / | ᠤᠳᠠᠭ᠎ᠠ᠂ 30 ᠲᠥᠭᠦᠷᠢᠭ / ᠤᠳᠠᠭ᠎ᠠ ᠪᠣᠯᠭᠠᠨ ᠲᠣᠬᠢᠷᠠᠭᠤᠯᠪᠠ︔ ᠡᠭᠦᠳᠡᠨ ᠡᠮᠨᠡᠯᠭᠡ ᠶᠢᠨ ᠳ᠋ᠤᠭᠠᠷᠯᠠᠬᠤ | ᠵᠠᠷᠤᠳᠠᠯ ᠳᠤ ᠲᠦᠷᠭᠡᠨ ᠡᠮᠨᠡᠯᠭᠡ ᠶᠢᠨ ᠳ᠋ᠤᠭᠠᠷᠯᠠᠬᠤ ᠵᠠᠷᠤᠳᠠᠯ ᠢ ᠪᠠᠭᠲᠠᠭᠠᠵᠤ ᠡᠮᠴᠢᠯᠡᠭᠡᠨ ᠤ ᠪᠠᠲᠤᠯᠠᠭ᠎ᠠ ᠶᠢᠨ ᠲᠠᠩᠰᠠ | ᠲᠠᠶᠢᠯᠬᠤ ᠬᠡᠪᠴᠢᠶᠡᠨ ᠳᠤ ᠣᠷᠣᠭᠤᠯᠵᠤ᠂ ᠡᠬᠢᠯᠡᠵᠦ ᠲᠥᠯᠥᠬᠦ ᠱᠤᠭᠤᠮ ᠭᠠᠷᠭᠠᠬᠤ ᠦᠭᠡᠢ᠂ 80% ᠶᠢᠨ | ᠬᠠᠷᠢᠴᠠᠯ ᠢᠶᠠᠷ ᠲᠥᠯᠥᠨ᠎ᠡ︔ ᠡᠭᠦᠳᠡᠨ ᠡᠮᠨᠡᠯᠭᠡ ᠶᠢᠨ ᠳ᠋ᠤᠭᠠᠷᠯᠠᠬᠤ ᠰᠦᠢᠳᠬᠡᠯ ᠳᠤ ᠲᠦᠷᠭᠡᠨ ᠡᠮᠨᠡᠯᠭᠡ ᠶᠢᠨ | ᠳ᠋ᠤᠭᠠᠷᠯᠠᠬᠤ ᠰᠦᠢᠳᠬᠡᠯ ᠢ ᠪᠠᠭᠲᠠᠭᠠᠵᠤ ᠣᠳᠣᠬᠠᠨ ᠳᠤ ᠵᠥᠪᠬᠡᠨ ᠬᠥᠮᠥᠨ ᠤ ᠬᠦᠴᠦᠨ ᠤ ᠴᠣᠩᠬᠤᠨ ᠳᠤ | ᠳ᠋ᠤᠭᠠᠷᠯᠠᠬᠤ ᠦᠶ᠎ᠡ ᠳᠤ ᠵᠡᠷᠭᠡ ᠪᠠᠷ ᠲᠠᠩᠰᠠ ᠳᠡᠶᠢᠯᠵᠦ ᠪᠣᠯᠣᠨ᠎ᠠ᠂ ᠳ᠋ᠤᠭᠠᠷᠯᠠᠭᠰᠠᠨ ᠤ ᠳᠠᠷᠠᠭ᠎ᠠ ᠨᠥᠬᠦᠵᠦ ᠲᠠᠶᠢᠯᠬᠤ | ᠦᠭᠡᠢ︔ ᠡᠭᠦᠳᠡᠨ ᠡᠮᠨᠡᠯᠭᠡ ᠶᠢᠨ ᠳ᠋ᠤᠭᠠᠷᠯᠠᠭᠰᠠᠨ ᠵᠠᠷᠤᠳᠠᠯ ᠤᠨ ᠲᠠᠩᠰᠠ ᠲᠠᠶᠢᠯᠬᠤ ᠦᠶ᠎ᠡ ᠳᠤ᠂ ᠡᠪᠡᠳᠴᠢᠲᠡᠨ | ᠪᠡᠶ᠎ᠡ ᠶᠢᠨ ᠦᠨᠡᠮᠯᠡᠯ / ᠡᠮᠴᠢᠯᠡᠭᠡᠨ ᠤ ᠳᠠᠭᠠᠳᠬᠠᠯ ᠤᠨ ᠺᠠᠷᠲ / ᠡᠮᠴᠢᠯᠡᠭᠡᠨ ᠤ ᠳᠠᠭᠠᠳᠬᠠᠯ ᠤᠨ ᠡᠯᠧᠺᠲᠷᠣᠨ | ᠭᠡᠷᠡᠴᠢ ᠪᠠᠷᠢᠮᠲᠠ ᠪᠠᠨ ᠬᠠᠩᠭᠠᠬᠤ ᠬᠡᠷᠡᠭᠲᠡᠢ᠂ ᠬᠡᠷᠪᠡ ᠡᠪᠡᠳᠴᠢᠲᠡᠨ ᠳᠡᠭᠡᠷᠡᠬᠢ ᠭᠡᠷᠡᠴᠢ ᠪᠠᠷᠢᠮᠲᠠ ᠶᠢ ᠬᠠᠩᠭᠠᠵᠤ | ᠳᠡᠶᠢᠯᠬᠦ ᠦᠭᠡᠢ ᠪᠣᠯ ᠡᠮᠴᠢᠯᠡᠭᠡᠨ ᠤ ᠳᠠᠭᠠᠳᠬᠠᠯ ᠠᠴᠠ ᠲᠠᠩᠰᠠ ᠲᠠᠶᠢᠯᠬᠤ ᠶᠢᠨ ᠠᠷᠭ᠎ᠠ ᠦᠭᠡᠢ ᠪᠣᠯᠣᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠡᠭᠦᠳᠡᠨ ᠡᠮᠨᠡᠯᠭᠡ ᠶᠢᠨ ᠡᠪᠡᠳᠴᠢᠨ ᠪᠠᠶᠢᠴᠠᠭᠠᠬᠤ ᠵᠠᠷᠤᠳᠠᠯ ︵ | ᠳ᠋ᠤᠭᠠᠷᠯᠠᠬᠤ ᠵᠠᠷᠤᠳᠠᠯ︶ ᠤᠨ ᠲᠠᠩᠰᠠ ᠲᠠᠶᠢᠯᠬᠤ ᠳᠤ ᠵᠥᠪᠬᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠵᠢᠯᠲᠠᠨ ᠠᠵᠢᠯᠴᠢᠨ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ | ᠡᠪᠡᠳᠴᠢᠲᠡᠨ ᠳᠤ ᠴᠢᠭᠯᠡᠭᠦᠯᠵᠦ᠂ ᠬᠤᠪᠢ ᠶᠢᠨ ᠵᠠᠷᠤᠳᠠᠯ ᠪᠠ ᠪᠤᠰᠤᠳ ᠮᠤᠵᠢ ᠬᠤᠲᠠ ᠶᠢᠨ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠲᠣᠰ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠬᠦᠷᠲᠡᠬᠦ | ᠦᠭᠡᠢ᠃ ᠣᠳᠣᠬᠠᠨ ᠳᠤ ᠮᠠᠨ ᠤ ᠬᠤᠲᠠ ᠶᠢᠨ ᠢᠨᠲ᠋ᠧᠷ ᠰᠦᠯᠵᠢᠶᠡᠨ ᠤ ᠰᠢᠰᠲ᠋ᠧᠮ ︵ᠸᠢᠴᠠᠲ᠂ ᠲᠣᠭᠠᠴᠠᠭ᠎ᠠ | ᠡᠷᠳᠡᠨᠢ᠂ App᠂ ᠥᠪᠡᠰᠦᠪᠡᠨ ᠦᠢᠯᠡᠴᠢᠯᠡᠬᠦ ᠮᠠᠰᠢᠨ︶ ᠤᠨ ᠳ᠋ᠤᠭᠠᠷᠯᠠᠬᠤ ᠳᠤ ᠤᠤᠯ ᠤᠨ ᠦᠨ᠎ᠡ ᠶᠢ ᠲᠦᠷ | ᠬᠡᠷᠡᠭᠵᠢᠭᠦᠯᠵᠦ ᠪᠠᠶᠢᠨ᠎ᠠ᠂ ᠰᠦᠯᠵᠢᠶᠡᠨ ᠳᠡᠭᠡᠷ᠎ᠡ ᠳ᠋ᠤᠭᠠᠷᠯᠠᠬᠤ ᠶᠢ ᠰᠣᠩᠭᠤᠭᠰᠠᠨ ᠡᠪᠡᠳᠴᠢᠲᠡᠨ ᠤ ᠡᠭᠦᠳᠡᠨ | ᠡᠮᠨᠡᠯᠭᠡ ᠶᠢᠨ ᠡᠪᠡᠳᠴᠢᠨ ᠪᠠᠶᠢᠴᠠᠭᠠᠬᠤ ᠵᠠᠷᠤᠳᠠᠯ ︵ᠳ᠋ᠤᠭᠠᠷᠯᠠᠬᠤ ᠰᠦᠢᠳᠬᠡᠯ︶ ᠤᠨ ᠲᠠᠩᠰᠠ ᠶᠢ ᠲᠠᠶᠢᠯᠬᠤ ᠦᠭᠡᠢ᠃ | | |