| | | | | | | | ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠩᠭᠤᠵᠢᠯᠲᠠ ᠶᠢ ᠭᠦᠨᠵᠡᠭᠡᠢ ᠠᠬᠢᠭᠤᠯᠵᠤ᠂ | ᠳᠠᠭᠠᠭᠠᠴᠢᠯᠠᠨ ᠬᠤᠯᠪᠣᠭᠠᠯᠠᠭᠰᠠᠨ ᠬᠤᠷᠢᠶᠠᠯᠠᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ | ᠪᠠᠶᠢᠳᠠᠯ ᠢ ᠴᠢᠨᠠᠭᠰᠢᠳᠠ ᠰᠠᠶᠢᠵᠢᠷᠠᠭᠤᠯᠬᠤ ᠶᠢᠨ ᠲᠤᠰᠠᠳᠠ᠂ 4 ᠰᠠᠷ᠎ᠠ ᠶᠢᠨ 28 ᠤ ᠡᠳᠦᠷ᠂ ᠬᠤᠷᠢᠨᠭᠡᠷ ᠰᠢᠶᠠᠨ ᠤ | ᠬᠢᠨᠠᠨ ᠪᠤᠳᠤᠬᠤ ᠲᠣᠪᠴᠢᠶ᠎ᠠ ︽ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠬᠤᠷᠢᠶᠠᠯᠠᠯ ᠳᠤ ᠣᠷᠣᠵᠤ᠂ ᠭᠠᠷ | ᠬᠤᠯᠪᠣᠨ ᠪᠣᠯᠪᠠᠰᠤᠨ ᠬᠤᠳᠠ ᠶᠢ ᠬᠠᠮᠲᠤᠪᠠᠷ ᠴᠣᠭᠴᠠᠯᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠡᠢ᠃ | ᠱᠧᠩ ᠱᠢ ᠬᠤᠸᠠ ᠲᠢᠩ ᠬᠤᠷᠢᠶᠠᠯᠠᠯ ᠤᠨ 1 — 4 ᠳ᠋ᠣᠭᠡᠷ ᠨᠣᠮᠧᠷᠲᠤ ᠠᠰᠠᠷ ᠲᠤ᠂ ᠠᠰᠠᠷ ᠤᠨ | ᠬᠤᠩᠭᠢᠯ ᠤᠨ ᠳᠣᠲᠣᠷᠠᠬᠢ ᠬᠡᠷᠡᠮ ᠨᠢ ᠪᠤᠵᠠᠷ ᠪᠤᠷᠲᠠᠭ ᠪᠣᠯᠵᠣ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ | ᠲᠣᠭᠤᠷᠢᠨ ᠢ ᠬᠦᠨᠳᠦ ᠨᠣᠴᠢᠲᠠᠶ ᠨᠥᠯᠥᠭᠡᠯᠡᠪᠡ᠃ ᠬᠤᠷᠢᠨᠭᠡᠷ ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ | ᠤᠳᠤᠷᠢᠳᠤᠯᠭ᠎ᠠ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠬᠦᠷᠴᠦ | ᠪᠠᠶᠢᠳᠠᠯ ᠢ ᠪᠠᠶᠢᠴᠠᠭᠠᠨ ᠦᠵᠡᠭᠰᠡᠨ ᠤ ᠲᠠᠷᠠᠭ᠎ᠠ᠂ ᠲᠤᠰᠬᠠᠢ ᠬᠥᠮᠦᠨ ᠵᠣᠬᠢᠶᠠᠨ ᠪᠠᠶᠢᠭᠤᠯᠵᠤ ᠳᠠᠭᠠᠭᠠᠴᠢᠯᠠᠨ | ᠬᠤᠯᠪᠣᠭᠠᠯᠠᠭᠰᠠᠨ ᠱᠧᠩ ᠱᠢ ᠬᠤᠸᠠ ᠲᠢᠩ ᠰᠠᠭᠤᠭᠠᠯᠢ ᠠᠷᠠᠳ ᠤᠨ ᠲᠣᠭᠤᠷᠢᠭ ᠤᠨ 1 — 4 ᠳ᠋ᠣᠭᠡᠷ | ᠨᠣᠮᠧᠷᠲᠤ ᠠᠰᠠᠷ ᠲᠤ ᠠᠰᠠᠷ ᠤᠨ ᠵᠠᠮ ᠢ ᠱᠤᠸᠠᠰᠠᠳᠠᠵᠤ᠂ ᠪᠣᠯᠪᠠᠰᠣᠨ ᠬᠤᠳᠠ ᠪᠠᠶᠢᠭᠤᠯᠬᠤ ᠳᠤ ᠬᠦᠴᠦ ᠨᠡᠮᠡᠷᠢᠯᠡᠵᠡᠢ᠃ | ᠡᠭᠦᠨ ᠤ ᠬᠠᠮᠲᠤ ᠪᠠᠰᠠ ᠰᠠᠭᠤᠭᠠᠯᠢ ᠠᠷᠠᠳ ᠤᠨ ᠲᠣᠭᠤᠷᠢᠭ ᠤᠨ ᠬᠦᠷᠢᠶᠡᠨ ᠳᠤ᠂ ᠠᠰᠠᠷ ᠤᠨ ᠬᠤᠩᠬᠢᠯ | ᠳᠣᠲᠣᠷᠠᠬᠢ ᠠᠷᠢᠭᠤᠨ ᠴᠡᠪᠡᠷ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ ᠵᠢᠵᠢᠭ ᠵᠠᠷ | ᠮᠡᠳᠡᠭᠡ ᠶᠢ ᠴᠡᠪᠡᠷᠯᠡᠵᠦ᠂ ᠱᠧᠩ ᠱᠢ ᠬᠤᠸᠠ ᠲᠢᠩ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ | ᠠᠷᠠᠳ ᠲᠤ ᠴᠡᠪᠡᠷ ᠲᠣᠬᠢᠯᠢᠭ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠪᠡ᠃ | ᠲᠠᠷᠠᠭᠠᠴᠢ ᠶᠢᠨ ᠠᠯᠬᠤᠮ ᠳᠤ᠂ ᠬᠢᠨᠠᠨ ᠪᠤᠳᠤᠬᠤ ᠲᠣᠪᠴᠢᠶ᠎ᠠ ᠠᠴᠠ ᠦᠷᠭᠦᠯᠵᠢᠯᠡᠨ ᠨᠠᠮ ᠤᠨ ᠭᠡᠰᠢᠭᠦᠨ | ᠺᠠᠳ᠋ᠷᠴᠤᠳ ᠢ ᠵᠣᠬᠢᠶᠠᠨ ᠪᠠᠶᠢᠭᠤᠯᠵᠤ ᠱᠧᠩ ᠱᠢ ᠬᠤᠸᠠ ᠲᠢᠩ ᠬᠤᠷᠢᠶᠠᠯᠠᠯ ᠳᠤ ᠭᠦᠨᠵᠡᠭᠡᠶᠢᠷᠡᠭᠦᠯᠦᠨ᠂ ᠣᠯᠠᠨ | ᠲᠦᠮᠡᠨ ᠲᠠᠢ ᠣᠶᠢᠷᠠᠲᠤᠭᠤᠯᠵᠤ᠂ ᠱᠧᠩ ᠱᠢ ᠬᠤᠸᠠ ᠲᠢᠩ ᠬᠤᠷᠢᠶᠠᠯᠠᠯ ᠤᠨ ᠰᠠᠭᠤᠭᠠᠯᠢ ᠠᠷᠠᠳ ᠤᠨ ᠭᠠᠴᠢᠭᠳᠠᠨ | ᠵᠣᠪᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠱᠧᠩ ᠱᠢ ᠬᠤᠸᠠ ᠲᠢᠩ ᠬᠤᠷᠢᠶᠠᠯᠠᠯ ᠤᠨ ᠰᠠᠭᠤᠭᠠᠯᠢ | ᠠᠷᠠᠳ ᠤᠨ ᠵᠣᠯ ᠵᠢᠷᠭᠠᠯ ᠤᠨ ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ | | | ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ | |