︽ᠬᠥᠬᠡᠬᠤᠲᠠ · ᠬᠤᠷᠢᠨᠭᠡᠷ ᠤᠨ ᠳᠠᠶᠢᠴᠢᠳ ᠤᠨ ᠬᠦᠢᠯᠡᠰᠦᠨ ᠴᠡᠴᠡᠭ ᠤᠨ ᠵᠤᠭᠠᠴᠠᠯ︾ ᠨᠢ ︽ᠦᠵᠡᠰᠬᠦᠯᠡᠩᠲᠦ ᠰᠠᠶᠢᠬᠠᠨ ᠬᠠᠪᠤᠷ ᠤᠨ ᠦᠵᠡᠮᠵᠢ ᠵᠠᠮ ᠳᠡᠭᠡᠷ᠎ᠡ︾ ᠭᠡᠬᠦ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2023/5/6
     ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ 152 ᠵᠤᠷᠪᠤᠰ ︽ᠦᠵᠡᠰᠬᠦᠯᠡᠩᠲᠦ ᠰᠠᠶᠢᠬᠠᠨ ᠬᠠᠪᠤᠷ ᠤᠨ ᠦᠵᠡᠮᠵᠢ ᠵᠠᠮ ᠳᠡᠭᠡᠷ᠎ᠡ︾ ᠭᠡᠬᠦ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠭᠠᠷᠭᠠᠵᠤ᠂ ᠥᠪᠥᠷ ᠮᠣᠩᠭᠤᠯ ᠤᠨ ︽ᠬᠢᠩᠭᠠᠨ ᠠᠶᠢᠮᠠᠭ · ᠬᠠᠪᠤᠷ ᠤᠨ ᠰᠠᠯᠬᠢ ᠠᠷᠪᠠᠨ ᠭᠠᠵᠠᠷ ᠲᠤ ᠪᠢ ᠤᠯᠠᠭᠠᠨ ᠬᠤᠲᠠ ᠳᠤ ᠲᠠᠨ ᠢ ᠬᠦᠯᠢᠶᠡᠵᠦ ᠪᠠᠶᠢᠶ᠎ᠠ︾᠂ ︽ᠬᠢᠩᠭᠠᠨ ᠠᠶᠢᠮᠠᠭ · ᠤᠮᠠᠷᠠᠲᠤ ᠥᠷᠭᠡᠷᠢᠭ ᠤᠨ 47 ᠭᠷᠠᠳᠦ᠋ᠰ ᠤᠨ ᠳᠠᠪᠠᠭ᠎ᠠ ᠪᠠᠷ ᠬᠢᠩᠭᠠᠨ︾᠂ ︽ᠬᠥᠯᠥᠨ ᠪᠤᠶᠢᠷ · ᠬᠤᠷᠴᠠ ᠤᠯᠠᠭᠠᠨ ᠬᠦᠬᠦᠭᠡ ᠰᠣᠨᠢᠷᠬᠠᠬᠤ᠂ ᠲᠦᠷᠪᠡᠨ ᠤᠯᠠᠷᠢᠯ ᠤᠨ ᠵᠢᠮᠢᠰ ᠨᠣᠭᠤᠭ᠎ᠠ ᠲᠡᠭᠦᠬᠦ᠂ ᠥᠪᠡᠷᠮᠢᠴᠡ ᠣᠨᠴᠠᠯᠢᠭ ᠲᠠᠢ ᠵᠠᠩ ᠦᠢᠯᠡ ᠶᠢ ᠰᠣᠨᠢᠷᠬᠠᠬᠤ ᠠᠶᠠᠯᠠᠯ︾᠂ ︽ᠪᠠᠶᠠᠨᠨᠠᠭᠤᠷ · ᠤᠰᠤᠨ ᠬᠦᠪᠡᠭᠡ ᠶᠢᠨ ᠴᠡᠴᠡᠭ ᠤᠨ ᠵᠠᠪᠰᠠᠷ ᠲᠤ ᠪᠣᠷᠣᠲᠣᠬᠤᠢ ᠪᠠᠷ ᠵᠤᠭᠠᠴᠠᠬᠤ︾᠂ ︽ᠤᠯᠠᠭᠠᠨᠬᠠᠳᠠ · ᠰᠦᠩᠱᠠᠨ ᠲᠣᠭᠤᠷᠢᠭ ᠤᠨ ᠬᠠᠪᠤᠷ ᠤᠨ ᠤᠯᠠᠷᠢᠯ ᠤᠨ ᠴᠡᠴᠡᠭ ᠰᠣᠨᠢᠷᠬᠠᠬᠤ ᠠᠶᠠᠯᠠᠯ︾᠂ ︽ᠬᠥᠬᠡᠬᠤᠲᠠ · ᠬᠤᠷᠢᠨᠭᠡᠷ ᠤᠨ ᠳᠠᠶᠢᠴᠢᠳ ᠤᠨ ᠬᠦᠢᠯᠡᠰᠦᠨ ᠴᠡᠴᠡᠭ ᠤᠨ ᠵᠤᠭᠠᠴᠠᠯ︾ ᠵᠡᠷᠭᠡ 6 ᠵᠠᠮ ᠱᠤᠭᠤᠮ ᠰᠣᠩᠭᠤᠭᠳᠠᠵᠤ᠂ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃      ᠮᠠᠨ ᠤ ᠣᠷᠣᠨ ᠤ ᠭᠠᠷᠭᠠᠭᠰᠠᠨ ᠬᠥᠳᠡᠭᠡ ᠲᠣᠰᠬᠤᠨ ᠤ 6 ᠵᠤᠷᠪᠤᠰ ᠵᠢᠭᠤᠯᠴᠢᠯᠠᠯ ᠤᠨ ᠱᠤᠭᠤᠮ ᠨᠢ ᠪᠦᠬᠦ ᠣᠷᠣᠨ ᠤ ︽ᠲᠠᠯ᠎ᠠ ᠨᠤᠲᠤᠭ ᠲᠤ ᠪᠣᠯᠵᠤᠵᠤ ᠤᠷᠢᠬᠠᠨ ᠬᠠᠪᠤᠷ ᠲᠤ ᠭᠠᠷ ᠬᠤᠯᠪᠣᠯᠴᠠᠶ᠎ᠠ︾ ᠬᠠᠪᠤᠷ ᠤᠨ ᠤᠯᠠᠷᠢᠯ ᠤᠨ ᠵᠢᠭᠤᠯᠴᠢᠯᠠᠯ ᠤᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠪᠡ᠃ ᠥᠪᠥᠷ ᠮᠣᠩᠭᠤᠯ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠬᠠᠪᠤᠷ ᠤᠨ ᠤᠯᠠᠷᠢᠯ ᠤᠨ ᠰᠠᠶᠢᠬᠠᠨ ᠦᠵᠡᠮᠵᠢ ᠪᠣᠯᠤᠨ ᠠᠷᠠᠳ ᠤᠨ ᠵᠠᠩ ᠦᠢᠯᠡ ᠶᠢᠨ ᠰᠣᠶᠣᠯ ᠢ ᠭᠦᠨᠵᠡᠭᠡᠶ ᠠᠭᠤᠳᠠᠯᠵᠤ᠂ ᠴᠡᠴᠡᠭ ᠢᠶᠠᠷ ᠵᠠᠭᠤᠴᠢ ᠪᠣᠯᠭᠠᠵᠤ᠂ ᠴᠡᠴᠡᠭ ᠲᠤ ᠵᠣᠬᠢᠴᠠᠭᠤᠯᠤᠨ ᠴᠡᠴᠡᠭ ᠢ ᠰᠣᠨᠢᠷᠬᠠᠵᠤ᠂ ᠬᠥᠳᠡᠭᠡ ᠲᠣᠰᠬᠤᠨ ᠤ ᠵᠤᠭᠠᠴᠠᠯ᠂ ᠬᠥᠳᠡᠭᠡ ᠲᠣᠰᠬᠤᠨ ᠤ ᠬᠤᠪᠢ ᠪᠠᠷ ᠢᠶᠠᠨ ᠲᠡᠷᠭᠡ ᠵᠢᠯᠣᠭᠤᠳᠬᠤ᠂ ᠬᠥᠳᠡᠭᠡ ᠲᠣᠰᠬᠤᠨ ᠤ ᠬᠡᠭᠡᠷ᠎ᠡ ᠪᠠᠭᠤᠳᠠᠯᠯᠠᠬᠤ᠂ ᠬᠥᠳᠡᠭᠡ ᠲᠣᠰᠬᠤᠨ ᠤ ᠡᠷᠡᠭᠦᠯ ᠮᠡᠨᠳᠦ ᠶᠢ ᠬᠠᠮᠠᠭᠠᠯᠠᠬᠤ᠂ ᠦᠷ᠎ᠡ ᠬᠡᠦᠬᠡᠳ ᠲᠠᠢ ᠪᠠᠨ ᠵᠢᠮᠢᠰ ᠨᠣᠭᠤᠭ᠎ᠠ ᠲᠡᠭᠦᠬᠦ᠂ ᠠᠷᠠᠳ ᠤᠨ ᠵᠠᠩ ᠦᠢᠯᠡ ᠶᠢ ᠰᠤᠳᠤᠯᠤᠨ ᠰᠤᠷᠤᠯᠴᠠᠬᠤ ᠵᠡᠷᠭᠡ ᠪᠦᠲᠦᠭᠡᠭᠳᠡᠬᠦᠨ ᠲᠠᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ ᠭᠠᠵᠠᠷ ᠤᠨ ᠲᠥᠯᠥᠭᠡᠯᠡᠬᠦ ᠴᠢᠨᠠᠷᠲᠠᠢ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠣᠯᠤᠨ ᠰᠣᠳᠣᠨ ᠦᠵᠡᠮᠵᠢ ᠶᠢᠨ ᠣᠷᠣᠨ ᠲᠠᠢ ᠬᠤᠯᠪᠣᠭᠠᠯᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠰᠢᠨ᠎ᠡ ᠣᠶᠢᠯᠠᠭᠠᠯᠲᠠ ᠶᠢ ᠪᠤᠢ ᠪᠣᠯᠭᠠᠨ᠎ᠠ᠃      ᠬᠤᠷᠢᠨᠭᠡᠷ ᠤᠨ ᠳᠠᠶᠢᠴᠢᠳ ᠤᠨ ᠬᠦᠢᠯᠡᠰᠦᠨ ᠴᠡᠴᠡᠭ ᠤᠨ ᠵᠢᠭᠤᠯᠴᠢᠯᠠᠯ ᠤᠨ ᠵᠠᠮ ᠱᠤᠭᠤᠮ᠄ ᠳᠠᠶᠢᠴᠢᠳ ᠲᠣᠰᠬᠤᠨ → ᠰᠢᠶᠠᠩ ᠶᠦᠨ ᠵᠢᠭᠠᠰᠤᠴᠢᠨ ᠤ ᠲᠣᠰᠬᠤᠨ → ᠴᠢ ᠣᠪᠣᠭᠲᠤ ᠶᠢᠨ ᠲᠠᠷᠢᠶᠠᠴᠢᠨ ᠠᠶᠢᠯ ᠤᠨ ᠬᠦᠷᠢᠶᠡᠯᠡᠩ → ᠤᠣ ᠸᠧᠶ ᠠᠳᠤᠭᠤᠨ ᠰᠣᠶᠣᠯ ᠵᠢᠭᠤᠯᠴᠢᠯᠠᠯ ᠤᠨ ᠣᠷᠣᠨ᠃ ᠲᠤᠰ ᠵᠠᠮ ᠱᠤᠭᠤᠮ ᠨᠢ ᠤᠷᠢᠳ ᠢᠶᠠᠷ ᠳᠠᠶᠢᠴᠢᠳ ᠲᠣᠰᠬᠤᠨ ᠳᠤ ᠬᠥᠳᠡᠭᠡ ᠲᠣᠰᠬᠤᠨ ᠤ ᠵᠠᠩ ᠠᠭᠠᠯᠢ᠂ ᠤᠯᠠᠮᠵᠢᠯᠠᠯᠲᠤ ᠰᠣᠶᠣᠯ ᠢ ᠪᠡᠶᠡᠴᠢᠯᠡᠨ ᠣᠶᠢᠯᠠᠭᠠᠵᠤ᠂ ᠠᠭᠤᠯᠠ ᠳᠦᠭᠦᠷᠡᠩ ᠬᠦᠢᠯᠡᠰᠦᠨ ᠴᠡᠴᠡᠭ ᠢ ᠰᠣᠨᠢᠷᠬᠠᠨ᠎ᠠ︔ ᠳᠠᠷᠠᠭ᠎ᠠ ᠨᠢ ᠰᠢᠶᠠᠩ ᠶᠦᠨ ᠵᠢᠭᠠᠰᠤᠴᠢᠨ ᠤ ᠲᠣᠰᠬᠤᠨ ᠳᠤ ᠬᠦᠷᠴᠦ ᠤᠨᠴᠠᠯᠢᠬᠳᠤ ᠬᠦᠢᠲᠡᠨ ᠪᠤᠯᠠᠭ ᠤᠨ ᠠᠮᠢ ᠠᠬᠤᠢ ᠶᠢᠨ ᠵᠢᠭᠠᠰᠤ ᠪᠤᠶᠤ ᠴᠢ ᠣᠪᠣᠭᠲᠤ ᠶᠢᠨ ᠲᠠᠷᠢᠶᠠᠴᠢᠨ ᠠᠶᠢᠯ ᠤᠨ ᠬᠦᠷᠢᠶᠡᠯᠡᠩ ᠤᠨ ᠨᠦᠬᠡᠨ ᠭᠡᠷ ᠲᠤ ᠵᠢᠩᠬᠢᠨᠢ ᠬᠤᠷᠢᠨᠭᠡᠷ ᠤᠨ ᠲᠠᠷᠢᠶᠠᠴᠢᠨ ᠠᠶᠢᠯ ᠤᠨ ᠨᠣᠭᠤᠭ᠎ᠠ ᠶᠢ ᠠᠮᠲᠠᠯᠠᠵᠤ ᠦᠵᠡᠨ᠎ᠡ︔ ᠬᠠᠮᠤᠭ ᠤᠨ ᠰᠡᠭᠦᠯ ᠳᠤ ᠤᠣ ᠸᠧᠶ ᠠᠳᠤᠭᠤᠨ ᠰᠣᠶᠣᠯ ᠵᠢᠭᠤᠯᠴᠢᠯᠠᠯ ᠤᠨ ᠣᠷᠣᠨ ᠳᠤ ᠬᠦᠷᠴᠦ ᠮᠣᠷᠢᠨ ᠤ ᠰᠣᠶᠣᠯ ᠢ ᠪᠡᠶᠡᠴᠢᠯᠡᠨ ᠣᠶᠢᠯᠠᠭᠠᠬᠤ ᠪᠣᠯᠣᠨ᠎ᠠ᠃
ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号