︽2022 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠵᠢᠯ ᠤᠨ ᠲᠤᠬᠠᠶ | ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠠᠨᠠᠯ︾ ᠤᠨ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ᠂ ᠰᠢᠶᠠᠨ ᠤ ᠰᠢᠭᠤᠳ ᠬᠠᠷᠢᠶ᠎ᠠ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠭᠰᠡᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠮᠠᠨ ᠤ ᠰᠢᠶᠠᠨ ᠤ 2023 ᠣᠨ ᠤ ᠨᠠᠮᠤᠷ ᠤᠨ ᠤᠯᠠᠷᠢᠯ ᠤᠨ ᠰᠢᠶᠠᠨ ᠤ ᠰᠢᠭᠤᠳ | ᠬᠠᠷᠢᠶ᠎ᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠣᠷᠣᠭᠴᠢ ᠡᠯᠰᠡᠬᠦ ᠤᠷᠢᠳᠴᠢᠯᠠᠨ ᠨᠡᠷ᠎ᠡ ᠮᠡᠳᠡᠭᠦᠯᠬᠦ | ᠳᠡᠩᠰᠡᠯᠡᠯᠲᠡ ᠶᠢᠨ ᠲᠤᠬᠠᠶ ᠳᠣᠤᠷᠠᠬᠢ ᠮᠡᠲᠦ ᠲᠣᠬᠢᠷᠠᠭᠤᠯᠤᠯᠲᠠ ᠬᠢᠪᠠ᠂ ᠬᠡᠷ ᠤᠨ ᠠᠬᠠᠮᠠᠳ ᠲᠠ ᠪᠦᠬᠦᠨ ᠤ ᠮᠡᠳᠡᠵᠦ | ᠠᠪᠬᠤ ᠶᠢ ᠬᠦᠰᠡᠵᠦ ᠪᠠᠶᠢᠨ᠎ᠠ᠃ | ᠨᠢᠭᠡ᠂ ᠨᠡᠷ᠎ᠡ ᠮᠡᠳᠡᠭᠦᠯᠬᠦ ᠴᠠᠭ | 1. ᠰᠢᠶᠠᠨ ᠤ ᠬᠡᠪᠴᠢᠶᠡᠨ ᠳᠤ ᠰᠤᠷᠤᠯᠴᠠᠵᠤ ᠪᠠᠶᠢᠭ᠎ᠠ ᠴᠡᠴᠡᠷᠯᠢᠭ ᠤᠨ ᠬᠡᠦᠬᠡᠳ᠄ 2023 ᠣᠨ ᠤ 5 | ᠰᠠᠷ᠎ᠠ ᠶᠢᠨ 19 ᠤ ᠡᠳᠦᠷ ᠠᠴᠠ ᠡᠮᠦᠨ᠎ᠡ᠃ | 2. ᠰᠢᠶᠠᠨ ᠤ ᠬᠡᠪᠴᠢᠶᠡᠨ ᠳᠤ ᠰᠤᠷᠤᠯᠴᠠᠵᠤ ᠪᠠᠶᠢᠬᠤ ᠦᠭᠡᠢ ᠴᠡᠴᠡᠷᠯᠢᠭ ᠤᠨ ᠬᠡᠦᠬᠡᠳ᠄ 2023 ᠣᠨ ᠤ | 5 ᠰᠠᠷ᠎ᠠ ᠶᠢᠨ 22 ᠤᠨ ᠡᠳᠦᠷ ᠠᠴᠠ 5 ᠰᠠᠷ᠎ᠠ ᠶᠢᠨ 26 ᠤ ᠡᠳᠦᠷ ᠪᠣᠯᠲᠠᠯ᠎ᠠ᠃ | ᠬᠤᠭᠤᠴᠠᠭ᠎ᠠ ᠥᠩᠭᠡᠷᠡᠪᠡᠯ ᠴᠥᠮ ᠬᠤᠷᠢᠨᠭᠡᠷ ᠰᠢᠶᠠᠨ ᠤ ᠬᠡᠪᠴᠢᠶᠡᠨ ᠳᠤ ᠰᠤᠷᠤᠯᠴᠠᠬᠤ ᠬᠡᠷᠡᠭᠴᠡᠭᠡ ᠥᠬᠡᠶ᠂ | ᠡᠷᠳᠡᠮ ᠤᠨ ᠴᠣᠯᠠ ᠳᠠᠭᠢᠵᠤ ᠳᠣᠭᠢᠷᠠᠭᠤᠯᠬᠤ ᠪᠠᠨ ᠪᠤᠯᠢᠭᠰᠠᠨ ᠢᠶᠠᠷ ᠦᠵᠡᠨ᠎ᠡ᠃ | ᠬᠤᠶᠠᠷ᠂ ᠤᠷᠢᠳᠴᠢᠯᠠᠨ ᠮᠡᠳᠡᠭᠡᠯᠡᠬᠦ ᠨᠡᠷ᠎ᠡ ᠳ᠋ᠦᠶ᠋ᠰᠢᠶᠠᠩ | 1. ᠬᠡᠷ ᠨᠢ ᠴᠧᠩ ᠭᠤᠸᠠᠨ ᠪᠠᠯᠭᠠᠰᠤᠨ ᠳᠤ ᠰᠠᠭᠤᠷᠢᠰᠢᠭᠰᠠᠨ ᠪᠦᠬᠦᠯᠢ 6 ᠨᠠᠰᠤ ︵2017 ᠣᠨ ᠤ 9 | ᠰᠠᠷ᠎ᠠ ᠶᠢᠨ 1 ᠤ ᠡᠳᠦᠷ ᠠᠴᠠ ᠡᠮᠦᠨ᠎ᠡ ᠲᠥᠷᠥᠭᠰᠡᠨ︶ ᠵᠢᠴᠢ ᠲᠡᠭᠦᠨ ᠠᠴᠠ ᠳᠡᠭᠡᠭᠰᠢᠬᠢ ᠰᠤᠷᠤᠯᠴᠠᠬᠤ | ᠴᠢᠳᠠᠪᠤᠷᠢ ᠲᠠᠢ ᠬᠡᠤᠬᠡᠳ᠃ | 2. ᠮᠠᠨ ᠤ ᠰᠢᠶᠠᠨ ᠳᠤ ᠢᠷᠡᠵᠦ ᠬᠥᠯᠥᠰᠥᠨ ᠠᠵᠢᠯ ᠬᠢᠵᠦ ᠪᠠᠶᠢᠭ᠎ᠠ᠂ ᠬᠤᠳᠠᠯᠳᠤᠭ᠎ᠠ ᠡᠷᠭᠢᠯᠡᠵᠦ ᠪᠠᠶᠢᠭ᠎ᠠ | ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠤᠬᠡᠳ ᠪᠦᠬᠦᠯᠢ 6 ᠨᠠᠰᠤ ︵2017 ᠣᠨ ᠤ 9 ᠰᠠᠷ᠎ᠠ ᠶᠢᠨ 1 ᠤ | ᠡᠳᠦᠷ ᠠᠴᠠ ᠡᠮᠦᠨ᠎ᠡ ᠲᠥᠷᠥᠭᠰᠡᠨ︶ ᠵᠢᠴᠢ ᠲᠡᠭᠦᠨ ᠠᠴᠠ ᠳᠡᠭᠡᠭᠰᠢᠬᠢ ᠰᠤᠷᠤᠯᠴᠠᠬᠤ ᠴᠢᠳᠠᠪᠤᠷᠢ ᠲᠠᠢ ᠬᠡᠤᠬᠡᠳ᠃ | ᠭᠤᠷᠪᠠ᠂ ᠤᠷᠢᠳᠴᠢᠯᠠᠨ ᠨᠡᠷ᠎ᠡ ᠮᠡᠳᠡᠭᠦᠯᠬᠦ ᠭᠠᠵᠠᠷ ᠣᠷᠣᠨ ᠵᠢᠴᠢ ᠠᠷᠭ᠎ᠠ | 1. ᠬᠤᠷᠢᠨᠭᠡᠷ ᠰᠢᠶᠠᠨ ᠤ ᠬᠡᠪᠴᠢᠶᠡᠨ ᠳᠤ ᠰᠤᠷᠤᠯᠴᠠᠵᠤ ᠪᠠᠶᠢᠭ᠎ᠠ ᠬᠡᠤᠬᠡᠳ ᠤᠨ ᠨᠡᠷ᠎ᠡ ᠮᠡᠳᠡᠭᠦᠯᠬᠦ ᠴᠡᠭ ᠢ | ᠪᠥᠬᠦ ᠰᠢᠶᠠᠨ ᠤ ᠡᠯ᠎ᠡ ᠠᠯᠪᠠᠨ ᠠᠴᠠ ᠡᠷᠭᠢᠯᠡᠭᠰᠡᠨ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ | ᠳᠣᠭᠢᠷᠠᠭᠤᠯᠤᠨ᠎ᠠ᠃ ᠬᠡᠷ ᠤᠨ ᠠᠬᠠᠮᠠᠳ ᠨᠡᠷ᠎ᠡ ᠮᠡᠳᠡᠭᠦᠯᠬᠦ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠬᠦ ᠳᠤ | ᠬᠡᠷᠡᠭᠰᠡᠬᠦ ᠮᠠᠲ᠋ᠧᠷᠢᠶᠠᠯ ᠢᠶᠠᠨ ᠬᠡᠤᠬᠡᠳ ᠤᠨ ᠴᠡᠴᠡᠷᠯᠢᠭ ᠲᠤ ᠰᠤᠷᠤᠯᠴᠠᠵᠤ ᠪᠠᠶᠢᠭ᠎ᠠ ᠠᠩᠭᠢ ᠶᠢᠨ ᠡᠷᠬᠢᠯᠡᠭᠴᠢ ︵ᠭᠤᠤᠯ | ᠠᠩᠭᠢ ᠶᠢᠨ ᠪᠠᠭᠰᠢ︶ ᠳᠤ ᠲᠤᠰᠢᠶᠠᠵᠤ ᠨᠡᠷ᠎ᠡ ᠮᠡᠳᠡᠭᠦᠯᠬᠦ ᠳᠡᠩᠰᠡᠯᠡᠯᠲᠡ ᠬᠢᠯᠭᠡᠵᠦ ᠪᠣᠯᠤᠨ᠎ᠠ᠃ | 2. ᠬᠤᠷᠢᠨᠭᠡᠷ ᠰᠢᠶᠠᠨ ᠤ ᠬᠡᠪᠴᠢᠶᠡᠨ ᠳᠤ ᠰᠤᠷᠤᠯᠴᠠᠵᠤ ᠪᠠᠶᠢᠬᠤ ᠥᠬᠡᠶ ᠬᠡᠤᠬᠡᠳ ᠤᠨ ᠬᠡᠷ ᠤᠨ ᠠᠬᠠᠮᠠᠳ | ᠲᠣᠭᠲᠠᠭᠰᠠᠨ ᠤᠷᠢᠳᠴᠢᠯᠠᠨ ᠨᠡᠷ᠎ᠡ ᠮᠡᠳᠡᠭᠦᠯᠬᠦ ᠴᠠᠭ ᠤᠨ ᠳᠣᠲᠣᠷ᠎ᠠ ᠬᠡᠷᠡᠭᠰᠡᠬᠦ ᠮᠠᠲ᠋ᠧᠷᠢᠶᠠᠯ ᠢᠶᠠᠨ ᠠᠪᠴᠤ ᠰᠤᠷᠭᠠᠨ | ᠬᠥᠮᠦᠵᠢᠯ ᠤᠨ ᠲᠣᠪᠴᠢᠶ᠎ᠠ ᠶᠢᠨ ᠭᠤᠷᠪᠠᠳᠤᠭᠠᠷ ᠳᠠᠪᠬᠤᠷᠭ᠎ᠠ ᠶᠢᠨ ᠰᠠᠭᠤᠷᠢ ᠰᠤᠷᠭᠠᠨ ᠬᠥᠮᠦᠵᠢᠯ ᠤᠨ ᠲᠠᠰᠤᠭ ᠲᠤ | ᠬᠦᠷᠴᠦ ᠤᠷᠢᠳᠴᠢᠯᠠᠨ ᠨᠡᠷ᠎ᠡ ᠮᠡᠳᠡᠭᠦᠯᠬᠦ ᠳᠡᠩᠰᠡᠯᠡᠯᠲᠡ ᠬᠢᠵᠦ ᠪᠣᠯᠤᠨ᠎ᠠ᠃ | ᠳᠥᠷᠪᠡ᠂ ᠤᠷᠢᠳᠴᠢᠯᠠᠨ ᠨᠡᠷ᠎ᠡ ᠮᠡᠳᠡᠭᠦᠯᠬᠦ ᠳᠤ ᠬᠡᠷᠡᠭᠰᠡᠬᠦ ᠮᠠᠲ᠋ᠧᠷᠢᠶᠠᠯ | 1. ᠬᠢᠨᠠᠨ ᠬᠠᠮᠠᠭᠠᠯᠠᠭᠴᠢ ᠨᠢ ᠴᠧᠩ ᠭᠤᠸᠠᠨ ᠪᠠᠯᠭᠠᠰᠤᠨ ᠳᠤ ᠥᠪᠡᠷ ᠤᠨ ᠥᠮᠴᠢᠯᠡᠯ ᠤᠨ ᠡᠷᠬᠡ ᠲᠠᠢ ᠭᠡᠷ | ᠪᠠᠶᠢᠰᠢᠩ ᠲᠠᠢ ᠪᠠᠶᠢᠪᠠᠯ᠂ ᠴᠥᠮ ᠤᠭ ᠮᠠᠲ᠋ᠧᠷᠢᠶᠠᠯ ᠪᠠ ᠪᠠᠭᠤᠯᠭᠠᠪᠤᠷᠢ ᠶᠢ ᠨᠢ ᠬᠠᠩᠭᠠᠬᠤ ᠬᠡᠷᠡᠭᠲᠡᠶ᠃ ᠵᠢᠱᠢᠶᠡᠯᠡᠪᠡᠯ᠄ | ᠬᠡᠷ ᠪᠠᠶᠢᠰᠢᠩ ᠤᠨ ᠡᠬᠡ ᠮᠥᠩᠭᠦ᠂ ᠡᠷᠦᠬᠡ ᠠᠮᠠ᠂ ᠬᠡᠷ ᠪᠠᠶᠢᠰᠢᠩ ᠬᠤᠳᠠᠯᠳᠤᠨ ᠠᠪᠤᠭᠰᠠᠨ ᠭᠡᠷ᠎ᠡ᠂ ᠬᠡᠷ ᠪᠠᠶᠢᠰᠢᠩ | ᠬᠤᠳᠠᠯᠳᠤᠨ ᠠᠪᠴᠤ ᠵᠣᠭᠤᠰ ᠲᠤᠰᠢᠶᠠᠭᠰᠠᠨ ᠫᠢᠶᠣᠣ ᠪᠠᠷᠢᠮᠲᠠ᠂ ᠤᠰᠤ ᠴᠠᠬᠢᠯᠭᠠᠨ ᠤ ᠰᠦᠢᠳᠬᠡᠯ ᠤᠨ ᠫᠢᠶᠣᠣ | ᠪᠠᠷᠢᠮᠲᠠ᠂ ᠢᠯᠴᠢ ᠶᠢᠨ ᠬᠦᠴᠦᠨ ᠤ ᠺᠣᠮᠫᠠᠨᠢ ᠶᠢᠨ ᠳᠤᠯᠠᠭᠠᠯᠠᠭ᠎ᠠ ᠶᠢᠨ ᠫᠢᠶᠣᠣ ᠪᠠᠷᠢᠮᠲᠠ ᠪᠤᠶᠤ ᠪᠠᠶᠢᠭᠠᠯᠢ ᠶᠢᠨ | ᠰᠢᠲᠠᠮᠠᠬᠠᠶ ᠬᠡᠶ ᠶᠢᠨ ᠰᠦᠢᠳᠬᠡᠯ ᠲᠤᠰᠢᠶᠠᠭᠰᠠᠨ ᠫᠢᠶᠣᠣ ᠪᠠᠷᠢᠮᠲᠠ ᠵᠡᠷᠭᠡ ︵2 ᠵᠢᠯ ᠰᠢᠬᠠᠮ ᠬᠠᠩᠭᠠᠬᠤ | ᠴᠢᠬᠤᠯᠠᠲᠠᠶ︶᠃ | 2. ᠲᠣᠰ ᠰᠢᠶᠠᠨ ᠤ ᠡᠷᠦᠬᠡ ᠠᠮᠠ ᠶᠢᠨ ᠲᠠᠩᠰᠠ ᠲᠠᠢ ᠰᠣᠷᠣᠭᠴᠢ ᠶᠢᠨ ᠬᠢᠨᠠᠨ ᠬᠠᠮᠠᠭᠠᠯᠠᠭᠴᠢ ᠨᠢ ᠴᠧᠩ | ᠭᠤᠸᠠᠨ ᠪᠠᠯᠭᠠᠰᠤᠨ ᠳᠤ ᠥᠪᠡᠷ ᠤᠨ ᠬᠡᠷ ᠬᠥᠷᠥᠩᠭᠡ ᠥᠬᠡᠶ ᠵᠢᠴᠢ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ | ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠤᠬᠡᠳ ᠵᠥᠪᠬᠡᠨ ᠡᠷᠦᠬᠡ ᠠᠮᠠ ᠶᠢᠨ ᠳᠡᠪᠲᠡᠷ ᠤᠨ | ᠬᠠᠭᠤᠯᠪᠤᠷᠢ ᠶᠢ ᠬᠠᠩᠭᠠᠪᠠᠯ ᠪᠣᠯᠴᠢᠬᠠᠨ᠎ᠠ᠃ | 3. ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠭᠰᠠᠨ ᠪᠤᠰᠤ ᠭᠡᠷ᠎ᠡ ᠳᠤ 4 ᠰᠠᠷ᠎ᠠ ᠶᠢᠨ ᠰᠡᠭᠦᠯᠴᠢ ᠠᠴᠠ | ᠡᠮᠦᠨ᠎ᠡ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠬᠤ ᠭᠠᠷ ᠭᠦᠢᠴᠡᠳᠬᠡᠯ ᠬᠢᠬᠦ ᠬᠡᠷᠡᠭᠲᠡᠶ︔ ᠬᠤᠪᠢ ᠬᠥᠮᠦᠨ ᠤ | ᠬᠡᠯᠡᠯᠴᠡᠭᠡᠷ ᠲᠤ ᠡᠷᠦᠬᠡ ᠰᠢᠯᠵᠢᠭᠦᠯᠬᠦ ᠭᠠᠷ ᠭᠦᠢᠴᠡᠳᠬᠡᠯ ᠢ ᠤᠷᠢᠳᠴᠢᠯᠠᠨ ᠬᠢᠬᠦ ᠪᠤᠶᠤ ᠠᠯᠪᠠᠨ ᠭᠡᠷᠡᠴᠢᠯᠡᠭᠡᠨ ᠤ | ᠭᠠᠵᠠᠷ ᠲᠤ ᠣᠴᠢᠵᠤ ᠠᠯᠪᠠᠨ ᠭᠡᠷᠡᠴᠢᠯᠡᠭᠡ ᠬᠢᠯᠭᠡᠬᠦ ᠬᠡᠷᠡᠭᠲᠡᠶ᠃ | 4. ᠴᠧᠩ ᠭᠤᠸᠠᠨ ᠪᠠᠯᠭᠠᠰᠤᠨ ᠳᠤ ᠥᠪᠡᠷ ᠤᠨ ᠬᠡᠷ ᠪᠠᠶᠢᠰᠢᠩ ᠲᠠᠢ ᠰᠣᠷᠣᠭᠴᠢ᠂ ᠬᠢᠨᠠᠨ ᠬᠠᠮᠠᠭᠠᠯᠠᠭᠴᠢ ᠪᠠ | ᠰᠣᠷᠣᠭᠴᠢ ᠲᠣᠰ ᠬᠥᠮᠦᠨ ᠨᠢ ᠠᠳᠠᠯᠢ ᠨᠢᠭᠡ ᠡᠷᠦᠬᠡ ᠠᠮᠠ ᠶᠢᠨ ᠲᠠᠩᠰᠠᠨ ᠳᠤ ᠪᠠᠶᠢᠬᠤ ᠥᠬᠡᠶ ᠪᠣᠯ᠂ ᠬᠠᠮᠢᠶ᠎ᠠ | ᠪᠥᠬᠦᠶ ᠭᠡᠷᠡᠴᠢ ᠮᠠᠲ᠋ᠧᠷᠢᠶᠠᠯ ︵ᠵᠢᠱᠢᠶᠡᠯᠡᠪᠡᠯ᠄ ᠲᠥᠷᠥᠭᠰᠡᠨ ᠦᠨᠡᠮᠯᠡᠯ᠂ ᠡᠴᠢᠭᠡ ᠡᠬᠡ ᠶᠢᠨ ᠣᠷᠤᠭ ᠤᠨ ᠦᠨᠡᠮᠯᠡᠯ | ᠪᠤᠶᠤ ᠲᠣᠮᠢᠯᠠᠭᠰᠠᠨ ᠰᠠᠯᠪᠤᠷᠢ ᠶᠢᠨ ᠭᠠᠷᠭᠠᠭᠰᠠᠨ ᠬᠠᠮᠢᠶ᠎ᠠ ᠪᠥᠬᠦᠶ ᠭᠡᠷᠡᠴᠢ︶ ᠬᠠᠩᠭᠠᠬᠤ ᠬᠡᠷᠡᠭᠲᠡᠶ᠃ | ᠲᠠᠪᠤ᠂ ᠪᠤᠰᠤᠳ ᠮᠡᠳᠡᠭᠳᠡᠬᠦ ᠵᠦᠢᠯ | 1. ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠨᠢᠭᠡᠪᠦᠷᠢ ᠨᠢᠭᠡ ᠯᠡ ᠤᠳᠠᠭ᠎ᠠ ᠤᠷᠢᠳᠴᠢᠯᠠᠨ ᠨᠡᠷ᠎ᠡ | ᠮᠡᠳᠡᠭᠦᠯᠵᠦ ᠪᠣᠯᠤᠨ᠎ᠠ᠂ ᠠᠳᠠᠯᠢ ᠪᠤᠰᠤ ᠤᠷᠢᠳᠴᠢᠯᠠᠨ ᠮᠡᠳᠡᠭᠦᠯᠬᠦ ᠭᠠᠵᠠᠷ ᠲᠤ ᠳᠠᠬᠢᠨ ᠳᠠᠪᠲᠠᠨ ᠨᠡᠷ᠎ᠡ ᠮᠡᠳᠡᠭᠦᠯᠵᠦ | ᠪᠣᠯᠬᠤ ᠥᠬᠡᠶ᠃ ᠨᠢᠭᠡᠳᠦᠭᠡᠷ ᠣᠨ ᠳᠤ ᠨᠢᠭᠡᠨᠲᠡ ᠰᠤᠷᠤᠯᠴᠠᠭᠰᠠᠨ ᠰᠣᠷᠣᠭᠴᠢ ᠶᠢᠨ ᠤᠷᠢᠳᠴᠢᠯᠠᠨ ᠨᠡᠷ᠎ᠡ | ᠮᠡᠳᠡᠭᠦᠯᠵᠦ ︵ᠰᠣᠷᠣᠭᠴᠢ ᠶᠢᠨ ᠮᠡᠳᠡᠭᠡ ᠵᠠᠩᠭᠢ ᠶᠢ ᠨᠢᠭᠡᠨᠲᠡ ᠪᠥᠬᠦ ᠤᠯᠤᠰ ᠤᠨ ᠰᠣᠷᠣᠭᠴᠢ ᠶᠢᠨ ᠰᠤᠷᠭᠠᠭᠤᠯᠢ ᠶᠢᠨ | ᠬᠠᠷᠢᠶᠠᠨ ᠤ ᠰᠢᠰᠲ᠋ᠧᠮ ᠳᠤ ᠣᠷᠣᠭᠤᠯᠤᠭᠰᠠᠨ ᠪᠣᠯᠬᠤᠷ ᠳᠠᠪᠬᠤᠷᠳᠠᠭᠤᠯᠤᠨ ᠳᠡᠩᠰᠡᠯᠡᠵᠦ ᠪᠣᠯᠬᠤ ᠥᠬᠡᠶ︶ ᠪᠣᠯᠬᠤ | ᠥᠬᠡᠶ᠂ ᠬᠡᠷᠪᠡ ᠨᠡᠷ᠎ᠡ ᠮᠡᠳᠡᠭᠦᠯᠵᠦ ᠰᠤᠷᠤᠯᠴᠠᠭᠤᠯᠪᠠᠯ ᠪᠦᠬᠦᠨ ᠢ ᠪᠤᠴᠠᠭᠠᠨ᠎ᠠ᠃ | 2. ᠬᠡᠷ ᠤᠨ ᠠᠬᠠᠮᠠᠳ ᠨᠡᠷ᠎ᠡ ᠪᠠᠨ ᠤᠷᠢᠳᠴᠢᠯᠠᠨ ᠮᠡᠳᠡᠭᠦᠯᠬᠦ ᠳᠡᠭᠡᠨ ᠬᠠᠷᠢᠯᠴᠠᠬᠤ ᠳᠤ ᠲᠥᠬᠦᠮ ᠤᠲᠠᠰᠤᠨ ᠤ | ᠨᠣᠮᠧᠷ ᠢᠶᠠᠨ ᠬᠠᠩᠭᠠᠬᠤ ᠬᠡᠷᠡᠭᠲᠡᠶ ︵ᠰᠣᠷᠣᠭᠴᠢ ᠡᠯᠰᠡᠭᠳᠡᠬᠦ ᠠᠴᠠ ᠡᠮᠦᠨ᠎ᠡ ᠳᠤᠷ᠎ᠠ ᠪᠠᠷ ᠢᠶᠠᠨ ᠥᠭᠡᠷᠡᠴᠢᠯᠡᠬᠦ ᠪᠤᠶᠤ | ᠮᠠᠰᠢᠨ ᠢᠶᠠᠨ ᠵᠣᠭᠰᠣᠭᠠᠵᠤ ᠪᠣᠯᠬᠤ ᠥᠬᠡᠶ︶᠃ | ᠣᠨᠴᠠᠭᠠᠶᠢᠯᠠᠨ ᠵᠠᠷᠯᠠᠪᠠ | ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ | 2023 ᠣᠨ ᠤ 5 ᠰᠠᠷ᠎ᠠ ᠶᠢᠨ 4 ᠤ ᠡᠳᠦᠷ | | | ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ | |