5 ᠰᠠᠷ᠎ᠠ ᠶᠢᠨ 5 ᠤ ᠡᠳᠦᠷ᠂ ᠰᠢᠨ᠎ᠡ ᠳᠡᠯᠭᠡᠭᠦᠷ ᠪᠠᠯᠭᠠᠰᠤ 2023 ᠣᠨ ᠤ ᠬᠤᠶᠠᠳᠤᠭᠠᠷ ᠤᠯᠠᠷᠢᠯ ᠤᠨ | ᠪᠦᠬᠦ ᠲᠠᠯ᠎ᠠ ᠪᠠᠷ ᠪᠠᠶᠢᠴᠠᠭᠠᠨ ᠢᠯᠭᠠᠨ ᠲᠠᠨᠢᠬᠤ᠂ ᠭᠤᠷᠪᠠᠨ ᠶᠠᠪᠤᠳᠠᠯ ᠢ ᠢᠯᠡ ᠪᠣᠯᠭᠠᠬᠤ᠂ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ | ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠨᠢᠭᠲᠠᠯᠠᠨ ᠪᠤᠳᠤᠭᠴᠢ᠂ ᠶᠠᠳᠠᠭᠤ ᠶᠢ ᠲᠡᠳᠬᠦᠵᠦ ᠲᠣᠰᠬᠤᠨ ᠢ | ᠳᠠᠭᠠᠭᠠᠴᠢᠯᠠᠬᠤ ᠺᠠᠳ᠋ᠷ᠂ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ︽ᠬᠤᠷᠢᠨᠭᠡᠷ ᠰᠢᠶᠠᠨ ᠤ ᠬᠥᠬᠡᠬᠤᠲᠠ ᠶᠢᠨ 2023 ᠣᠨ ᠤ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠤᠨ ᠲᠥᠰᠦᠯ | ︾ ᠢ ᠤᠯᠠᠮᠵᠢᠯᠠᠨ ᠲᠠᠷᠬᠠᠭᠠᠬᠤ ︽ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠭᠡᠬᠦ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ 2023 ᠣᠨ ᠤ ᠬᠤᠶᠠᠳᠤᠭᠠᠷ ᠤᠯᠠᠷᠢᠯ ᠤᠨ ᠡᠯ᠎ᠡ ᠵᠦᠢᠯ ᠤᠨ | ᠠᠵᠢᠯ ᠤᠨ ᠳᠠᠭᠤᠰᠬᠤ ᠴᠠᠭ ᠵᠢᠴᠢ ᠠᠵᠢᠯ ᠤᠨ ᠱᠠᠭᠠᠷᠳᠠᠯᠭ᠎ᠠ ᠶᠢ ᠣᠶᠢᠯᠠᠭᠠᠬᠤ ᠲᠠᠯ᠎ᠠ ᠪᠠᠷ ᠴᠢᠬᠤᠯᠠᠴᠢᠯᠠᠨ | ᠪᠠᠶᠢᠷᠢᠯᠠᠭᠤᠯᠪᠠ︔ ᠡᠭᠦᠨ ᠤ ᠬᠠᠮᠲᠤ ᠤᠢᠢᠷ᠎ᠠ ᠶᠢᠨ ᠬᠤᠭᠤᠴᠠᠭᠠᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠤ ᠲᠤᠬᠠᠢ ᠶᠢᠨ ᠲᠠᠯᠠᠪᠠᠢ ᠳᠤ ᠲᠣᠭᠤᠷᠢᠨ ᠦᠵᠡᠭᠰᠡᠨ ᠭᠡᠷᠡᠯ ᠵᠢᠷᠤᠭ ᠢ ᠦᠨᠡᠯᠡᠪᠡ︔ ᠬᠡᠷᠡᠯ ᠵᠢᠷᠤᠭ ᠢ | ᠦᠯᠡᠳᠡᠭᠡᠨ ᠬᠠᠳᠠᠭᠠᠯᠠᠬᠤ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠪᠠ︔ ᠲᠣᠰᠬᠤᠨ ᠤ | ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠱᠠᠭᠠᠷᠳᠠᠯᠭ᠎ᠠ ᠭᠠᠷᠭᠠᠪᠠ᠃ | ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠵᠦ᠂ ︽ᠠᠷᠪᠠᠨ ᠲᠦᠷᠦᠯ ᠤᠨ ᠭᠤᠣᠯᠳᠠᠯᠭ᠎ᠠ ᠲᠠᠢ ᠬᠥᠮᠦᠰ︾ ᠢ ᠣᠶᠢᠯᠠᠭᠠᠵᠤ ᠢᠯᠭᠠᠨ ᠲᠠᠨᠢᠬᠤ ᠠᠵᠢᠯ ᠢ | ᠨᠠᠷᠢᠨ ᠬᠢᠨᠠᠮᠠᠭᠠᠢ ᠥᠷᠨᠢᠭᠦᠯᠵᠦ᠂ ᠣᠷᠣᠯᠭ᠎ᠠ ᠵᠠᠷᠤᠯᠭ᠎ᠠ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ | ᠵᠢᠴᠢ ᠤᠤᠭᠤᠬᠤ ᠤᠰᠤᠨ ᠤ ᠠᠮᠤᠷ ᠲᠦᠪᠰᠢᠨ ᠵᠡᠷᠭᠡ ᠪᠠᠶᠢᠳᠠᠯ ᠢ ᠡᠷᠦᠬᠡ ᠳᠠᠷᠠᠭᠠᠯᠠᠨ ᠣᠶᠢᠯᠠᠭᠠᠵᠤ᠂ ᠬᠢᠨᠠᠨ | ᠰᠢᠯᠭᠠᠬᠤ ᠡᠷᠦᠬᠡ ᠶᠢ ᠣᠨᠣᠪᠴᠢᠲᠠᠢ ᠢᠯᠭᠠᠨ ᠲᠠᠨᠢᠵᠤ᠂ ᠲᠤᠰᠢᠶᠠᠬᠤ ᠶᠣᠰᠣᠲᠠᠢ ᠶᠢ ᠨᠢ ᠪᠦᠬᠦᠨ ᠢ ᠲᠤᠰᠢᠶᠠᠵᠤ᠂ | ᠡᠯ᠎ᠡ ᠲᠦᠷᠦᠯ ᠤᠨ ᠲᠠᠬᠢᠨ ᠶᠠᠳᠠᠭᠤᠷᠠᠬᠤ ᠲᠦᠭᠰᠢᠭᠦᠷᠢ ᠶᠢ ᠠᠷᠢᠯᠭᠠᠬᠤ ᠬᠡᠷᠡᠭᠲᠡᠢ︔ ᠡᠯ᠎ᠡ ᠵᠠᠰᠠᠭ ᠵᠠᠬᠢᠷᠭᠠᠨ ᠤ | ᠲᠣᠰᠬᠤᠨ ᠤ ᠬᠢᠨ ᠠᠵᠢᠯ ᠤᠨ ᠲᠠᠰ ᠳᠠᠷᠠᠭᠠᠯᠠᠯ ᠢᠶᠠᠨ ᠴᠢᠩᠭ᠎ᠠ ᠵᠢᠷᠤᠮᠵᠢᠭᠤᠯᠵᠤ᠂ ᠲᠣᠭᠲᠠᠭᠰᠠᠨ ᠴᠠᠭ | ᠬᠤᠭᠤᠴᠠᠭᠠᠨ ᠳᠤ ᠣᠶᠢᠯᠠᠭᠠᠵᠤ ᠵᠢᠭᠰᠠᠭᠠᠨ ᠣᠷᠣᠭᠤᠯᠬᠤ ᠠᠵᠢᠯ ᠢ ᠪᠡᠶᠡᠯᠡᠭᠦᠯᠬᠦ ᠶᠢᠨ ᠬᠠᠮᠲᠤ ᠲᠠᠷᠠᠭᠠᠴᠢ ᠶᠢᠨ ︽ | ᠭᠤᠷᠪᠠᠳᠤᠭᠠᠷ ᠤᠯᠠᠷᠢᠯ ᠤᠨ ᠡᠷᠬᠢᠨ ᠬᠠᠷᠠᠬᠤ︾ ︽ᠳᠥᠷᠪᠡᠳᠦᠭᠡᠷ ᠤᠯᠠᠷᠢᠯ ᠤᠨ ᠴᠡᠭᠴᠡᠯᠡᠨ ᠰᠠᠶᠢᠵᠢᠷᠠᠭᠤᠯᠤᠯᠲᠠ ᠶᠢ | ᠪᠣᠳᠠᠲᠠᠶᠢᠵᠢᠭᠤᠯᠬᠤ︾ ᠠᠵᠢᠯ ᠢ ᠤᠷᠤᠭᠰᠢᠲᠠᠶ ᠥᠷᠨᠢᠭᠦᠯᠬᠦ ᠳᠤ ᠰᠠᠭᠤᠷᠢ ᠲᠠᠯᠪᠢᠬᠤ ᠬᠡᠷᠡᠭᠲᠡᠶ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠡᠯ᠎ᠡ ᠲᠣᠰᠬᠤᠨ ᠤ ᠬᠢᠨ ᠠᠵᠢᠯᠳᠠᠨ ᠢ ᠵᠣᠬᠢᠶᠠᠨ ᠪᠠᠶᠢᠭᠤᠯᠤᠨ ᠡᠷᠤᠭᠡ ᠳᠤ ᠬᠦᠷᠴᠦ ᠬᠢᠨᠠᠨ | ᠬᠠᠷᠭᠤᠭᠤᠯᠵᠤ᠂ ᠦᠨᠡᠨ ᠢ ᠪᠠᠷᠢᠮᠲᠠᠯᠠᠨ ᠬᠢᠨᠠᠨ ᠰᠢᠯᠭᠠᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠴᠢᠬᠤᠯᠠ | ᠭᠤᠭᠴᠤᠭ᠎ᠠ ᠪᠣᠯᠤᠨ ᠴᠠᠭ ᠬᠤᠭᠤᠴᠠᠭ᠎ᠠ ᠶᠢ ᠡᠵᠡᠮᠳᠡᠵᠦ᠂ ᠨᠥᠬᠦᠴᠡᠯ ᠳᠤ ᠨᠡᠶᠢᠴᠡᠬᠦ ᠲᠠᠷᠢᠶᠠᠴᠢᠨ ᠡᠷᠤᠭᠡ ᠶᠢ ᠴᠠᠭ | ᠲᠤᠬᠠᠢ ᠳᠤᠨᠢ ᠬᠢᠨᠠᠨ ᠰᠢᠯᠭᠠᠬᠤ ᠡᠲᠡᠭᠡᠳ ᠲᠤ ᠣᠷᠣᠭᠤᠯᠵᠤ᠂ ᠡᠯ᠎ᠡ ᠲᠠᠯ᠎ᠠ ᠶᠢᠨ ᠠᠵᠢᠯ ᠤᠨ ᠬᠦᠴᠦᠨ ᠢ | ᠢᠳᠡᠪᠬᠢᠲᠡᠢ ᠲᠠᠶᠢᠴᠢᠯᠠᠵᠦ᠂ ᠡᠷᠤᠭᠡ ᠳᠤ ᠬᠦᠷᠴᠦ ᠴᠤᠭᠯᠠᠭᠤᠯᠤᠭᠰᠠᠨ ᠮᠡᠳᠡᠭᠡ ᠵᠠᠩᠭᠢ ᠶᠢ ᠦᠨᠳᠦᠰᠦᠯᠡᠨ | ᠰᠢᠰᠲ᠋ᠧᠮ ᠲᠠᠢ ᠣᠷᠣᠭᠤᠯᠬᠤ ᠠᠵᠢᠯ ᠢ ᠵᠡᠷᠭᠡᠪᠡᠷ ᠰᠢᠨᠡᠳᠬᠡᠨ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ ᠦᠨᠡᠨ | ᠪᠣᠳᠠᠲᠠᠢ᠂ ᠣᠨᠣᠪᠴᠢᠲᠠᠢ᠂ ᠪᠣᠳᠠᠲᠠᠢ ᠲᠠᠢ ᠨᠡᠶᠢᠴᠡᠬᠦ ᠶᠢ ᠪᠠᠲᠤᠯᠠᠬᠤ ᠬᠡᠷᠡᠭᠲᠡᠢ︔ ︽ᠭᠤᠷᠪᠠᠨ ᠠᠵᠢᠯ︾ ᠢ ᠢᠯᠡ | ᠪᠣᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠦᠷᠢᠮ ᠢ ᠪᠦᠷᠢᠨᠰᠢᠬᠦᠯᠬᠦ᠂ ᠬᠠᠮᠢᠶᠠᠷᠤᠯᠲᠠ ᠶᠢ | ᠴᠢᠩᠭᠠᠳᠬᠠᠬᠤ᠂ ᠠᠷᠭ᠎ᠠ ᠵᠠᠮ ᠢ ᠥᠷᠭᠡᠳᠬᠡᠬᠦ ᠪᠠᠷ ᠳᠠᠮᠵᠢᠭᠤᠯᠤᠨ᠂ ︽ᠭᠤᠷᠪᠠᠨ ᠠᠵᠢᠯ︾ ᠢ ᠢᠯᠡ ᠪᠣᠯᠭᠠᠬᠤ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠵᠢᠷᠤᠮᠵᠢᠭᠤᠯᠤᠨ ᠳᠡᠭᠡᠭᠰᠢᠯᠡᠭᠦᠯᠬᠦ ᠬᠡᠷᠡᠭᠲᠡᠶ︔ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ | ︵ᠭᠠᠵᠠᠷ︶ ᠶᠢᠨ ᠪᠦᠯᠬᠦᠮᠳᠡᠯ ᠬᠡᠳᠦ ᠳᠡᠯᠭᠡᠭᠦᠷ ᠲᠠᠢ ᠬᠤᠪᠢ ᠬᠤᠷᠠᠮᠳᠤᠭᠤᠯᠵᠤ ᠱᠠᠩᠨᠠᠬᠤ ᠲᠣᠭᠲᠠᠴᠠ ᠶᠢ | ᠪᠦᠷᠢᠯᠳᠦᠭᠦᠯᠵᠦ᠂ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠪᠠᠷ ᠬᠥᠮᠦᠨ ᠪᠦᠬᠦᠨ ︽ᠣᠷᠣᠯᠴᠠᠭᠴᠢ︾ ᠪᠣᠯᠤᠨ ︽ | ᠠᠰᠢᠭ ᠬᠦᠷᠳᠡᠭᠴᠢ︾ ᠪᠣᠯᠬᠤ ᠡᠵᠡᠨ ᠬᠥᠮᠦᠨ ᠤ ᠤᠬᠠᠮᠰᠠᠷ ᠢ ᠬᠦᠭᠵᠢᠭᠡᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | | | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |