ᠭᠤᠣ ᠹᠧᠩ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/5/8
     5 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠣ ᠹᠧᠩ ᠠᠷᠠᠳ ᠲᠤ ᠠᠰᠢᠭ ᠬᠦᠷᠲᠡᠭᠡᠬᠦ ᠭᠡᠷ ᠣᠷᠣᠨ᠂ ᠬᠤᠷᠢᠨᠭᠡᠷ ᠤᠨ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ᠂ ᠭᠤᠸᠠᠩ ᠱᠧᠩ A ᠲᠣᠭᠤᠷᠢᠭ᠂ ᠴᠢᠶᠠᠨ ᠶᠢᠨ ᠵᠡᠭᠡᠯᠢ ᠵᠡᠷᠭᠡ ᠭᠠᠵᠠᠷ ᠲᠤ ᠬᠦᠷᠴᠦ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ  ᠰᠢᠮᠳᠠᠭᠤᠯᠤᠨ ᠵᠢᠯᠣᠭᠤᠳᠪᠠ᠃      ᠭᠤᠤ ᠹᠧᠩ ᠴᠢᠬᠤᠯᠠᠴᠢᠯᠠᠬᠤ ᠳᠠᠭᠠᠨ᠂ ᠣᠳᠣᠬᠠᠨ ᠳᠤ ᠨᠢᠭᠡᠨᠲᠡ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠡᠴᠦᠰ ᠤᠨ ᠰᠢᠪᠲᠤᠯᠤᠯᠲᠠ ᠶᠢᠨ ᠱᠠᠲᠤᠨ ᠳᠤ ᠣᠷᠣᠭᠠᠳ ᠪᠠᠶᠢᠨ᠎ᠠ᠂ ᠴᠠᠭ ᠪᠠᠴᠢᠮ᠂ ᠪᠠᠶᠢᠳᠠᠯ ᠬᠦᠨᠳᠦ ᠬᠡᠴᠡᠭᠦᠤ᠂ ᠡᠭᠦᠷᠭᠡ ᠪᠤᠳᠤᠯᠢᠶᠠᠨᠲᠠᠶ ᠪᠠᠶᠢᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠡᠭᠦᠳᠦᠨ ᠪᠠᠶᠢᠭᠤᠯᠬᠤ ᠪᠠᠶᠢᠳᠠᠯ ᠢ ᠲᠣᠳᠣᠷᠬᠠᠢ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠴᠢᠬᠤᠯᠠᠴᠢᠯᠠᠵᠤ᠂ ᠡᠭᠦᠳᠦᠨ ᠪᠠᠶᠢᠭᠤᠯᠬᠤ ᠶᠠᠰᠤ ᠴᠢᠨᠠᠷ ᠪᠣᠯᠤᠨ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠭᠤᠤ ᠹᠧᠩ ᠵᠢᠭᠠᠵᠤ ᠭᠠᠷᠭᠠᠭᠰᠠᠨ ᠨᠢ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠨᠦᠭᠦᠳ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠪᠣᠯᠪᠠᠰᠤᠨ ᠬᠤᠲᠠ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠬᠠᠷᠢᠶᠠᠲᠤ ᠣᠷᠣᠨ ᠤ ᠨᠡᠶᠢᠭᠡᠮ ᠲᠣᠭᠤᠷᠢᠭ ᠨᠢ ︽ᠠᠷᠠᠳ ᠲᠤ ᠦᠢᠯᠡᠴᠢᠯᠡᠬᠦ᠂ ᠠᠷᠠᠳ ᠲᠤ ᠲᠥᠬᠦᠮ ᠦᠵᠡᠭᠦᠯᠬᠦ︾ ᠵᠠᠷᠴᠢᠮ ᠢ ᠪᠠᠷᠢᠮᠲᠠᠯᠠᠵᠤ᠂ ᠣᠯᠠᠨ ᠲᠠᠯ᠎ᠠ ᠶᠢᠨ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠰᠠᠭᠤᠭᠠᠯᠢ ᠠᠷᠠᠳ ᠤᠨ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠬᠥᠲᠥᠯᠦᠨ ᠵᠢᠯᠣᠭᠤᠳᠴᠤ᠂ ᠣᠯᠠᠨ ᠲᠦᠮᠡᠨ ᠤ ᠣᠶᠢᠯᠠᠭᠠᠬᠤ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ᠠᠵᠢᠯᠲᠠᠨ ᠤ ᠬᠦᠴᠦᠨ ᠢ ᠨᠡᠶᠢᠯᠡᠭᠦᠯᠵᠦ᠂ ᠰᠢᠮᠳᠠᠭᠤᠯᠤᠨ ᠪᠠᠶᠢᠴᠠᠭᠠᠬᠤ ᠶᠢ ᠦᠷᠭᠦᠯᠵᠢᠯᠡᠨ ᠳᠠᠭᠠᠵᠤ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠮᠡᠳᠡᠭᠳᠡᠵᠦ᠂ ᠰᠢᠮᠳᠠᠭᠤᠯᠤᠨ ᠪᠠᠶᠢᠴᠠᠭᠠᠭᠰᠠᠨ ᠦᠷ᠎ᠡ ᠪᠦᠲᠦᠮᠵᠢ ᠪᠠᠨ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠢᠯᠡᠷᠡᠭᠦᠯᠬᠦ ᠬᠡᠷᠡᠭᠲᠡᠶ ᠭᠡᠪᠡ᠃      ᠵᠠᠰᠠᠭ ᠤᠨ ᠣᠷᠳᠣᠨ ᠤ ᠠᠯᠪᠠᠨ ᠬᠡᠷ ᠤᠨ ᠬᠠᠷᠢᠭᠤᠴᠠᠯᠭᠠᠲᠠᠨ ᠪᠠᠷ᠎ᠠ ᠪᠣᠯᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号