| | | 5 ᠰᠠᠷ᠎ᠠ ᠶᠢᠨ 5 ᠤ ᠡᠳᠦᠷ᠂ ᠶᠡᠭᠡ ᠤᠯᠠᠭᠠᠨᠬᠤᠲᠠ ᠰᠢᠶᠠᠩ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠤᠶᠠᠳᠤᠭᠠᠷ ᠤᠯᠠᠷᠢᠯ ᠤᠨ ᠲᠥᠪᠯᠡᠷᠡᠭᠦᠯᠦᠨ ᠣᠶᠢᠯᠠᠭᠠᠬᠤ ᠪᠠ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ | ᠂ ᠡᠯ᠎ᠡ ᠲᠣᠰᠬᠤᠨ ᠤ ᠳᠠᠷᠤᠭ᠎ᠠ᠂ ᠲᠣᠰᠬᠤᠨ ᠢ ᠳᠠᠭᠠᠭᠠᠴᠢᠯᠠᠭᠰᠠᠨ ᠺᠠᠳ᠋ᠷ᠂ ᠡᠯ᠎ᠡ ᠵᠠᠰᠠᠭ ᠵᠠᠬᠢᠷᠭᠠᠨ ᠤ ᠲᠣᠰᠬᠤᠨ ᠤ | ᠨᠠᠮ ᠤᠨ ᠡᠭᠦᠷ ᠤᠨ ᠱᠦᠵᠢ᠂ ᠡᠷᠬᠢᠯᠡᠭᠴᠢ᠂ ᠨᠢᠭᠡᠳᠦᠭᠡᠷ ᠱᠦᠵᠢ᠂ ᠲᠤᠬᠠᠶᠢᠯᠠᠭᠰᠠᠨ ᠠᠵᠢᠯ ᠤᠨ ᠠᠵᠢᠯᠲᠠᠳ | ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠠᠵᠢᠯ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠵᠦ᠂ ᠬᠤᠷᠠᠯ ᠨᠢ ᠤᠯᠤᠰ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ︽ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ | ᠬᠥᠳᠡᠯᠦᠩᠭᠦᠢ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠵᠦᠭᠯᠡᠭᠦᠷ︾ ︽ᠬᠥᠬᠡᠬᠤᠲᠠ ᠶᠢᠨ | 2023 ᠣᠨ ᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ | ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠤᠨ ᠲᠥᠰᠦᠯ︾᠂ 2023 ᠣᠨ ᠤ ᠬᠢᠨᠠᠨ ᠬᠡᠮᠵᠢᠬᠦ | ᠪᠠᠷᠢᠮᠵᠢᠶ᠎ᠠ ᠶᠢᠨ ᠱᠤᠭᠤᠮ᠂ ᠬᠢᠨᠠᠨ ᠬᠡᠮᠵᠢᠬᠦ ᠡᠲᠡᠭᠡᠳ ᠤᠨ ᠲᠦᠷᠦᠯ ᠬᠡᠯᠪᠡᠷᠢ᠂ ᠬᠢᠨᠠᠨ ᠬᠡᠮᠵᠢᠬᠦ ᠡᠲᠡᠭᠡᠳ ᠢ | ᠬᠤᠪᠢᠶᠠᠷᠢᠯᠠᠬᠤ ᠦᠨᠳᠦᠰᠦᠯᠡᠯ ᠪᠠ ᠪᠠᠷᠢᠮᠵᠢᠶ᠎ᠠ᠂ ᠬᠢᠨᠠᠨ ᠬᠡᠮᠵᠢᠬᠦ ᠡᠲᠡᠭᠡᠳ ᠢ ᠢᠯᠭᠠᠨ ᠲᠠᠨᠢᠬᠤ ᠪᠠ ᠤᠬᠤᠷᠢᠨ | ᠭᠠᠷᠬᠤ ᠲᠡᠰ ᠳᠠᠷᠠᠭᠠᠯᠠᠯ ᠵᠢᠴᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠬᠤ ᠵᠡᠷᠭᠡ ᠲᠣᠭᠤᠷᠢᠨ ᠳᠤ | ᠨᠠᠷᠢᠨ ᠲᠠᠶᠢᠯᠤᠮᠵᠢ ᠬᠢᠵᠡᠢ᠃ | ᠬᠤᠷᠠᠯ ᠠᠴᠠ᠂ ᠪᠦᠬᠦ ᠰᠢᠶᠠᠩ ᠤᠨ ᠳᠡᠭᠡᠳᠦ ᠲᠤᠤᠷᠠᠳᠤ ᠱᠠᠳᠤ ᠪᠠᠷ ᠢᠶᠠᠨ ᠶᠠᠭ ᠥᠷᠨᠢᠭᠦᠯᠵᠦ ᠪᠠᠶᠢᠭ᠎ᠠ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠤᠶᠠᠳᠤᠭᠠᠷ ᠡᠭᠡᠯᠵᠢ ᠶᠢᠨ ᠬᠢᠨᠠᠨ ᠬᠡᠮᠵᠢᠵᠦ ᠬᠠᠪᠰᠤᠷᠤᠨ ᠲᠡᠳᠬᠦᠬᠦ | ᠪᠠᠶᠢᠴᠠᠭᠠᠯᠲᠠ ᠲᠠᠢ ᠤᠶᠠᠯᠳᠤᠭᠤᠯᠵᠤ᠂ ᠭᠤᠣᠯᠳᠠᠯᠭ᠎ᠠ ᠲᠠᠢ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ | ᠭᠤᠣᠯᠳᠠᠯᠭ᠎ᠠ ᠲᠠᠢ ᠠᠰᠠᠭᠤᠳᠠᠯ ᠢ ᠠᠩᠬᠠᠷᠴᠤ᠂ ᠲᠠᠬᠢᠨ ᠶᠠᠳᠠᠭᠤᠷᠠᠬᠤ ᠠᠴᠠ ᠪᠤᠯᠵᠤ ᠶᠠᠳᠠᠭᠤᠷᠠᠬᠤ ᠠᠶᠤᠯ | ᠲᠦᠭᠰᠢᠭᠦᠷᠢ ᠪᠠ ᠭᠡᠨᠡᠳᠲᠡ ᠬᠦᠨᠳᠦ ᠨᠣᠴᠢᠲᠠᠢ ᠬᠦᠴᠢᠷᠳᠡᠯ ᠲᠠᠢ ᠪᠣᠯᠤᠭᠰᠠᠨ ᠲᠠᠷᠢᠶᠠᠴᠢᠨ ᠡᠷᠦᠬᠡ ᠶᠢ ᠬᠢᠨᠠᠨ | ᠬᠡᠮᠵᠢᠬᠦ ᠬᠡᠪᠴᠢᠶᠡᠨ ᠳᠤ ᠣᠷᠣᠭᠤᠯᠵᠤ᠂ ᠲᠤᠰᠢᠶᠠᠬᠤ ᠶᠣᠰᠣᠲᠠᠢ ᠶᠢ ᠨᠢ ᠪᠦᠬᠦᠨ ᠢ ᠲᠤᠰᠢᠶᠠᠬᠤ ᠬᠡᠷᠡᠭᠲᠡᠢ᠃ ᠡᠯ᠎ᠡ | ᠲᠣᠰᠬᠤᠨ ᠤ ᠬᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠲᠣᠭᠲᠠᠭᠠᠬᠤ ᠳᠠᠭᠠᠨ᠂ ᠶᠠᠭᠤ ᠳᠤᠲᠠᠭᠳᠠᠪᠠᠯ ᠶᠠᠭᠤ ᠶᠢ | ᠨᠥᠬᠦᠪᠥᠷᠢᠯᠡᠬᠦ ᠵᠠᠷᠴᠢᠮ ᠶᠣᠰᠣᠭᠠᠷ᠂ ᠬᠢᠨᠠᠨ ᠪᠠᠶᠢᠴᠠᠭᠠᠭᠳᠠᠬᠤ ᠡᠲᠡᠭᠡᠳ ᠤᠨ ᠠᠶᠤᠯ ᠲᠦᠭᠰᠢᠭᠦᠷᠢ ᠶᠢᠨ ᠲᠦᠷᠦᠯ | ᠢᠯᠭᠠᠯ᠂ ᠬᠥᠭᠵᠢᠯᠲᠡ ᠶᠢᠨ ᠬᠡᠷᠡᠭᠴᠡᠭᠡ ᠵᠡᠷᠭᠡ ᠶᠢ ᠦᠨᠳᠦᠰᠦᠯᠡᠨ ᠬᠠᠪᠰᠤᠷᠤᠨ ᠲᠡᠳᠬᠦᠵᠦ᠂ ᠠᠶᠤᠯ | ᠲᠦᠭᠰᠢᠭᠦᠷᠢ ᠶᠢ ᠬᠠᠷᠠᠭᠠᠯᠠᠨ᠂ ᠡᠪᠡᠳᠴᠢᠨ ᠳᠤᠨᠢ ᠲᠠᠭᠠᠷᠠᠭᠤᠯᠵᠤ ᠡᠮ ᠥᠭᠴᠦ᠂ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢᠨ ︽ᠬᠡᠷᠡᠭᠯᠡᠵᠦ ᠭᠦᠢᠴᠡᠬᠦ︾ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠪᠣᠯ | ᠨᠢᠭᠡ ᠵᠦᠢᠯ ᠤᠨ ᠲᠦᠢᠯ ᠤᠨ ᠴᠢᠬᠤᠯᠠ ᠲᠦᠢᠯ ᠤᠨ ᠲᠥᠪ ᠴᠢᠩᠭ᠎ᠠ ᠤᠯᠤᠰ ᠲᠦᠷᠦ ᠶᠢᠨ ᠡᠭᠦᠷᠭᠡ ᠪᠣᠯᠤᠨ᠎ᠠ᠂ | ᠨᠡᠩ ᠴᠤ ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ ᠠᠵᠢᠯ ᠪᠣᠯᠤᠨ᠎ᠠ᠂ ᠡᠯ᠎ᠡ ᠲᠣᠰᠬᠤᠨ ᠤ ᠬᠢᠨ | ᠡᠷᠬᠡᠪᠰᠢ ᠵᠣᠭᠰᠣᠴᠠ ᠪᠠᠨ ᠳᠡᠭᠡᠭᠰᠢᠯᠡᠭᠦᠯᠵᠦ᠂ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠡᠷᠬᠡᠪᠰᠢ | ᠭᠦᠨᠵᠡᠭᠡᠢ ᠣᠶᠢᠯᠠᠭᠠᠵᠤ᠂ ᠲᠤᠰ ᠲᠤᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠨᠢᠭᠲᠠ | ᠤᠶᠠᠯᠳᠤᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠦᠷᠭᠦᠯᠵᠢᠯᠡᠨ ᠪᠠᠲᠤᠳᠬᠠᠵᠤ᠂ ᠳ᠋ᠠ ᠬᠤᠩ ᠬᠤᠳᠠ | ᠬᠥᠳᠡᠭᠡ ᠶᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ | ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠲᠤᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠶᠡᠭᠡ ᠤᠯᠠᠭᠠᠨᠬᠤᠲᠠ ᠰᠢᠶᠠᠩ ᠤᠨ ᠪᠦᠬᠦ ᠺᠠᠳ᠋ᠷ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠲᠣᠭᠲᠠᠭᠠᠯ᠂ | ᠢᠯᠭᠠᠨ ᠲᠠᠨᠢᠬᠤ ᠲᠡᠰ ᠳᠠᠷᠠᠭᠠᠯᠠᠯ᠂ ᠢᠯᠭᠠᠨ ᠲᠠᠨᠢᠬᠤ ᠬᠡᠪᠴᠢᠶ᠎ᠡ᠂ ᠠᠶᠤᠯ ᠲᠦᠭᠰᠢᠭᠦᠷᠢ ᠶᠢ ᠠᠷᠢᠯᠭᠠᠬᠤ᠂ | ᠲᠠᠷᠢᠶᠠᠴᠢᠨ ᠡᠷᠦᠬᠡ ᠶᠢᠨ ᠦᠨᠳᠦᠰᠦᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠬᠦᠰᠦᠨᠦᠭᠲᠦ ᠶᠢ ᠲᠠᠭᠯᠠᠬᠤ | ᠵᠡᠷᠭᠡ ᠲᠤᠬᠠᠶᠢᠯᠠᠭᠰᠠᠨ ᠠᠵᠢᠯ ᠤᠨ ᠮᠡᠳᠡᠯᠭᠡ ᠶᠢ ᠪᠦᠷ ᠰᠠᠶᠢᠨ ᠣᠶᠢᠯᠠᠭᠠᠪᠠ᠃ ᠲᠠᠷᠠᠭᠠᠴᠢ ᠶᠢᠨ ᠠᠯᠬᠤᠮ ᠳᠤ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ | ᠠᠵᠢᠯ ᠢ ᠨᠡᠩ ᠰᠠᠶᠢᠲᠤᠷ ᠠᠬᠢᠭᠤᠯᠬᠤ ᠳᠤ ᠪᠠᠲᠤ ᠪᠠᠬᠢ ᠤᠨᠤᠯ ᠤᠨ ᠰᠠᠭᠤᠷᠢ ᠶᠢ ᠲᠠᠯᠪᠢᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠳᠤ ᠨᠡᠩ ᠰᠠᠶᠢᠲᠤᠷ ᠬᠦᠴᠦᠨ ᠨᠡᠮᠡᠷᠢᠯᠡᠪᠡ᠃ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | |