5 ᠰᠠᠷ᠎ᠠ ᠶᠢᠨ 8 ᠤ ᠡᠳᠦᠷ᠂ ᠬᠥᠬᠡᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠶᠢᠨ ᠰᠢᠮᠳᠠᠭᠤᠯᠤᠨ ᠵᠢᠯᠣᠭᠤᠳᠬᠤ ᠳᠤᠭᠤᠶᠢᠯᠠᠩ ᠮᠠᠨ ᠤ ᠰᠢᠶᠠᠨ ᠳᠤ ᠢᠷᠡᠵᠦ ᠴᠡᠷᠢᠭ ᠠᠴᠠ | ᠬᠠᠯᠠᠭᠳᠠᠭᠰᠠᠳ ᠤᠨ ᠳᠥᠷᠪᠡᠨ ᠦᠢᠯᠡᠴᠢᠯᠡᠭᠡᠨ ᠤ ᠥᠷᠲᠡᠭᠡ ᠳᠤ ᠪᠠᠶᠢᠴᠠᠭᠠᠨ ᠰᠤᠳᠤᠯᠤᠯᠲᠠ ᠬᠢᠵᠦ᠂ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠵᠢᠭᠠᠨ ᠵᠢᠯᠣᠭᠤᠳᠪᠠ᠃ | ᠬᠥᠬᠡᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠬᠢᠨ | ᠦᠢᠯᠡᠴᠢᠯᠡᠭᠡᠨ ᠤ ᠦᠷᠳᠡᠭᠡ ᠶᠢᠨ ︽ᠲᠠᠪᠤ ᠶᠢ ᠪᠦᠷᠢᠳᠦᠭᠦᠯᠬᠦ︾᠂ ︽ᠪᠦᠬᠦᠨ ᠢ ᠪᠦᠷᠬᠦᠭᠦᠯᠬᠦ︾ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠤᠰ ᠲᠦᠷᠦ ᠰᠣᠶᠣᠯ ᠤᠨ ᠣᠷᠴᠢᠨ ᠲᠣᠭᠤᠷᠢᠨ ᠤ ᠪᠠᠷᠢᠮᠵᠢᠶᠠᠵᠢᠭᠤᠯᠤᠯᠲᠠ᠂ | ᠵᠢᠷᠤᠮᠵᠢᠭᠤᠯᠤᠯᠲᠠ ᠶᠢᠨ ᠪᠠᠶᠢᠭᠤᠯᠤᠯᠲᠠ ᠵᠡᠷᠭᠡ ᠳᠤ ᠵᠢᠭᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠵᠡᠢ᠃ | ᠪᠠᠶᠢᠴᠠᠭᠠᠨ ᠰᠤᠳᠤᠯᠤᠯᠲᠠ ᠶᠢᠨ ᠳᠤᠮᠳᠠ ᠴᠢᠬᠤᠯᠠᠴᠢᠯᠠᠭᠰᠠᠨ ᠨᠢ᠂ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠥᠷᠲᠡᠭᠡ ᠨᠢ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ | ᠰᠢᠰᠲ᠋ᠧᠮᠵᠢ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ | ᠳᠡᠭᠡᠭᠰᠢᠯᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠣᠨ ᠤ ᠡᠯ᠎ᠡ ᠵᠦᠢᠯ ᠤᠨ ᠠᠵᠢᠯ ᠶᠢ ᠯᠠᠪᠳᠠᠭᠤᠨ ᠦᠷ᠎ᠡ ᠪᠦᠲᠦᠮᠵᠢ ᠲᠠᠢ ᠪᠠᠷ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ | ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠶᠠᠪᠤᠴᠠ ᠳᠤ᠂ ᠬᠤᠲᠠ ᠶᠢᠨ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠬᠢᠨ ᠡᠯ᠎ᠡ ᠭᠠᠵᠠᠷ ᠣᠷᠣᠨ ᠤ ᠦᠢᠯᠡᠴᠢᠯᠡᠭᠡ | ᠪᠠᠲᠤᠯᠠᠭ᠎ᠠ ᠶᠢᠨ ᠰᠢᠰᠲ᠋ᠧᠮ ᠤᠨ ᠤᠯᠤᠰ ᠲᠥᠷᠥ ᠰᠣᠶᠣᠯ ᠤᠨ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠵᠢᠴᠢ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠵᠤ᠂ | ᠡᠯ᠎ᠡ ᠱᠠᠲᠤᠨ ᠤ ᠦᠢᠯᠡᠴᠢᠯᠡᠭᠡᠨ ᠤ ᠲᠥᠪ ︵ᠥᠷᠲᠡᠭᠡ︶ ᠨᠢ ᠵᠠᠪᠠᠯ ︽ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠣᠨ︾ ᠢᠶᠠᠷ ᠰᠢᠨ᠎ᠡ ᠭᠠᠷᠤᠭ᠎ᠠ ᠪᠣᠯᠭᠠᠵᠤ᠂ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠪᠠᠷ | ᠲᠣᠬᠢᠶᠠᠯ ᠪᠣᠯᠭᠠᠨ᠂ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠷᠤᠮᠵᠢᠭᠤᠯᠤᠨ | ᠰᠠᠶᠢᠲᠤᠷ ᠬᠢᠬᠦ ᠬᠡᠷᠡᠭᠲᠡᠶ︔ ᠢᠮᠠᠭᠲᠠ ᠴᠡᠷᠢᠭ ᠠᠴᠠ ᠬᠠᠯᠠᠭᠳᠠᠭᠰᠠᠳ ᠢᠶᠠᠷ ᠭᠤᠣᠯ ᠪᠣᠯᠭᠠᠵᠤ᠂ ᠦᠢᠯᠡᠴᠢᠯᠡᠭᠡᠨ ᠤ | ᠠᠭᠤᠯᠭ᠎ᠠ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ | ᠦᠢᠯᠡᠴᠢᠯᠡᠭᠡᠨ ᠤ ᠠᠷᠭ᠎ᠠ ᠪᠠᠷᠢᠯ ᠢᠶᠠᠨ ᠥᠷᠭᠡᠳᠬᠡᠵᠦ᠂ ᠴᠡᠷᠢᠭ ᠠᠴᠠ ᠬᠠᠯᠠᠭᠳᠠᠭᠰᠠᠳ ᠤᠨ ᠬᠦᠷᠲᠡᠮᠵᠢ ᠶᠢᠨ | ᠲᠦᠷᠦᠭᠳᠡᠯ ᠢ ᠨᠡᠩ ᠰᠠᠶᠢᠨ ᠪᠣᠯᠭᠠᠵᠤ᠂ ᠬᠠᠯᠠᠭᠤᠨ ᠳᠤᠯᠠᠭᠠᠨ ᠬᠠᠶᠢᠷ᠎ᠠ ᠬᠠᠯᠠᠮᠵᠢ ᠶᠢ ᠠᠬᠠᠮᠠᠳ ᠴᠡᠷᠢᠭ ᠲᠠᠢ ᠬᠠᠮᠲᠤ | ᠪᠠᠶᠢᠯᠭᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃ | ᠲᠠᠷᠠᠭᠠᠴᠢ ᠶᠢᠨ ᠠᠵᠢᠯ ᠤᠨ ᠳᠤᠮᠳᠠ᠂ ᠮᠠᠨ ᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠥᠷᠲᠡᠭᠡ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ | ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠨ᠂ ᠴᠡᠷᠢᠭ ᠠᠴᠠ ᠬᠠᠯᠠᠭᠳᠠᠭᠰᠠᠳ ᠢ ᠬᠠᠤᠯᠢ ᠶᠣᠰᠣᠭᠠᠷ ᠪᠠᠲᠤᠯᠠᠬᠤ | ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ | ᠠᠵᠢᠯ ᠢᠶᠠᠨ ᠨᠠᠷᠢᠨ ᠨᠢᠮᠪᠠᠶ ᠬᠢᠵᠦ᠂ ᠮᠠᠨ ᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠠᠵᠢᠯ ᠤᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠳᠥᠯᠭᠢᠨ ᠠᠬᠢᠭᠤᠯᠬᠤ | ᠪᠣᠯᠣᠨ᠎ᠠ᠃ | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |