| | | 5 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠪᠥᠬᠦ ᠰᠢᠶᠠᠨ ᠤ | ᠭᠤᠤᠯᠳᠠᠯᠭ᠎ᠠ ᠲᠠᠢ ᠲᠥᠷᠥᠯ ᠵᠦᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ | ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠢ ᠳᠥᠯᠭᠢᠨ ᠠᠬᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ | ᠳᠠᠭᠠᠭᠠᠴᠢᠯᠠᠨ ᠬᠤᠯᠪᠤᠭᠠᠯᠠᠭᠰᠠᠨ ᠤᠳᠤᠷᠢᠳᠤᠯᠭ᠎ᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠵᠢᠴᠢ | ᠣᠷᠣᠰᠢᠵᠤ ᠪᠠᠶᠢᠭ᠎ᠠ ᠠᠰᠠᠭᠤᠳᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ | ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ | ᠪᠠᠲᠤᠳᠬᠠᠵᠤ᠂ ᠪᠦᠬᠦ ᠵᠢᠯ ᠤᠨ ᠬᠠᠷᠠᠯᠲᠠ ᠪᠠᠨ ᠴᠢᠩᠭ᠎ᠠ ᠠᠩᠬᠠᠷᠴᠤ᠂ ᠬᠤᠶᠠᠳᠤᠭᠠᠷ ᠤᠯᠠᠷᠢᠯ ᠳᠤ ᠡᠷᠡᠯᠬᠡᠭᠯᠡᠨ | ᠲᠡᠮᠡᠴᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ︽ᠬᠤᠷᠳᠤᠴᠠ︾ ᠶᠢ ᠲᠦᠷᠭᠡᠳᠬᠡᠵᠦ᠂ ᠳᠡᠭᠡᠷ᠎ᠡ | ᠬᠠᠭᠠᠰ ᠵᠢᠯ ᠤᠨ ᠴᠠᠭ ᠬᠤᠭᠤᠴᠠᠭᠠᠨ ᠤ ᠡᠭᠦᠷᠭᠡ ᠶᠢᠨ ︽ᠬᠤᠣᠰ ᠬᠠᠭᠠᠰ︾ ᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ | ᠃ ᠲᠦᠷᠦᠯ ᠵᠦᠢᠯ ᠢ ᠳᠠᠭᠠᠭᠠᠴᠢᠯᠠᠨ ᠬᠤᠯᠪᠤᠭᠠᠯᠠᠭᠰᠠᠨ ᠤᠳᠤᠷᠢᠳᠤᠯᠭ᠎ᠠ ᠡᠷᠬᠡᠪᠰᠢ ᠦᠵᠡᠯ ᠰᠠᠨᠠᠭ᠎ᠠ ᠪᠠᠨ ᠨᠢᠭᠡᠳᠬᠡᠵᠦ | ᠂ ᠲᠠᠨᠢᠯᠲᠠ ᠪᠠᠨ ᠳᠡᠭᠡᠭᠰᠢᠯᠡᠭᠦᠯᠵᠦ᠂ ︽ᠲᠦᠷᠦᠯ ᠵᠦᠢᠯ ᠢ ᠶᠡᠬᠡᠪᠡᠷ ᠠᠳᠬᠤᠬᠤ᠂ ᠲᠤᠮᠤ ᠲᠦᠷᠦᠯ ᠵᠦᠢᠯ ᠢ | ᠠᠳᠬᠤᠬᠤ᠂ ᠲᠦᠷᠦᠯ ᠵᠦᠢᠯ ᠢ ᠪᠣᠳᠠᠲᠠᠢ ᠠᠳᠬᠤᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ | ᠰᠠᠶᠢᠲᠤᠷ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ | ᠬᠦᠴᠦᠨ ᠢᠶᠠᠷ ᠢᠶᠠᠨ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭᠠᠴᠢᠨ ᠤᠷᠢᠵᠤ ᠪᠡᠯᠡ | ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠪᠠᠷ ︽ᠤᠷᠢᠬᠤ︾ ᠪᠠ ︽ | ᠨᠠᠶᠢᠳᠠᠪᠤᠷᠢᠵᠢᠭᠤᠯᠬᠤ︾ ᠳᠡᠭᠡᠷ᠎ᠡ ᠬᠦᠴᠦᠯᠡᠵᠦ᠂ ᠪᠦᠬᠦ ᠰᠢᠶᠠᠨ ᠤ ᠬᠥᠭᠵᠢᠯᠲᠡ ᠶᠢᠨ ᠰᠡᠯᠭᠦᠬᠦ ᠬᠦᠴᠦᠨ ᠢ | ᠴᠢᠩᠭᠠᠳᠬᠠᠬᠤ ᠬᠡᠷᠡᠭᠲᠡᠢ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠨᠡᠭᠡᠭᠡᠯᠲᠡ ᠶᠢᠨ ᠲᠣᠭᠤᠷᠢᠭ | ᠵᠡᠷᠭᠡ ᠬᠠᠷᠢᠭᠤᠴᠠᠯᠭᠠᠲᠤ ᠨᠢᠭᠡᠴᠡ ᠨᠦᠭᠦᠳ ᠭᠠᠷ ᠭᠦᠢᠴᠡᠳᠬᠡᠯ ᠢ ᠭᠦᠢᠴᠡᠳᠬᠡᠬᠦ ᠶᠢ ᠦᠷᠭᠦᠯᠵᠢᠯᠡᠨ ᠴᠢᠩᠭ᠎ᠠ | ᠠᠩᠬᠠᠷᠴᠤ᠂ ᠠᠵᠤ ᠠᠬᠤᠶᠢᠯᠠᠯ ᠳᠤ ᠴᠢᠨᠠᠷ ᠰᠠᠶᠢᠲᠠᠶ ᠦᠶ᠋ᠯᠡᠴᠢᠯᠡᠭᠡ ᠬᠠᠩᠭᠠᠵᠤ᠂ ᠬᠦᠴᠦᠨ ᠵᠦᠢᠯ ᠤᠨ | ᠪᠠᠲᠤᠯᠠᠭ᠎ᠠ ᠶᠢ ᠴᠢᠩᠭᠠᠳᠬᠠᠨ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠶ᠃ | ᠰᠢᠮᠳᠠᠭᠤᠯᠤᠨ ᠪᠠᠶᠢᠴᠠᠭᠠᠬᠤ ᠲᠤᠰᠬᠠᠶ ᠠᠩᠭᠢ ᠨᠢ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠲᠥᠷᠥᠯ ᠵᠦᠢᠯ ᠤᠨ ᠬᠤᠷᠳᠤᠴᠠ ᠶᠢ ᠲᠦᠷᠭᠡᠳᠬᠡᠵᠦ | ᠪᠥᠲᠥᠭᠡᠨ ᠪᠠᠶᠢᠭᠤᠯᠬᠤ᠂ ᠴᠢᠨᠠᠷ ᠰᠠᠶᠢᠲᠠᠶ ᠪᠠᠷ ᠠᠬᠢᠭᠤᠯᠬᠤ ᠶᠢ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠬᠤ᠂ | ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠠᠬᠢᠭᠤᠯᠬᠤ ᠶᠠᠪᠤᠴᠠ ᠳᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠺᠠᠳ᠋ᠷ ᠪᠠ | ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠬᠦ᠂ ᠠᠵᠢᠯ ᠶᠠᠪᠤᠳᠠᠯ ᠬᠢᠬᠦ ᠦᠭᠡᠢ ᠺᠠᠳ᠋ᠷ ᠢ ᠢᠯᠡᠷᠡᠭᠦᠯᠵᠦ᠂ ︽ | ᠴᠢᠳᠠᠪᠤᠷᠢᠲᠠᠢ ᠶᠢ ᠨᠢ ᠳᠡᠪᠰᠢᠭᠦᠯᠵᠦ᠂ ᠰᠢᠯᠢᠳᠡᠭ ᠢ ᠨᠢ ᠱᠠᠩᠨᠠᠵᠤ᠂ ᠴᠢᠳᠠᠪᠤᠷᠢ ᠦᠭᠡᠢ ᠶᠢ ᠨᠢ ᠪᠠᠭᠤᠯᠭᠠᠵᠤ᠂ | ᠮᠠᠭᠤ ᠶᠢ ᠨᠢ ᠰᠢᠭᠰᠢᠭᠳᠡᠭᠦᠯᠬᠦ︾ ᠬᠥᠮᠦᠨ ᠬᠡᠷᠡᠭᠯᠡᠬᠦ ᠤᠳᠤᠷᠢᠳᠤᠮᠵᠢ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ | ᠭᠡᠵᠦ ᠴᠢᠩᠭᠠᠳᠬᠠᠭᠰᠠᠨ ᠪᠠᠶᠢᠨ᠎ᠠ᠃ | ᠭᠤᠤ ᠹᠧᠩ᠂ ᠸᠠᠩ ᠯᠠᠶ ᠵᠤ᠋ ᠵᠡᠷᠭᠡ ᠰᠢᠶᠠᠨ ᠤ ᠤᠳᠤᠷᠢᠳᠤᠯᠭ᠎ᠠ᠂ ᠡᠯ᠎ᠡ ᠬᠠᠮᠢᠶ᠎ᠠ ᠪᠥᠬᠦᠶ ᠨᠢᠭᠡᠴᠡ ᠶᠢᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |