ᠬᠤᠭᠤᠯᠠᠨ ᠰᠢᠷᠡᠭᠡᠨ ᠤ ᠪᠣᠯᠪᠠᠰᠤᠨ ᠠᠵᠢᠯᠯᠠᠭ᠎ᠠ ᠶᠢᠨ ᠲᠤᠬᠠᠶ ᠬᠤᠷᠢᠨᠭᠡᠷ ᠰᠢᠶᠠᠨ ᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/5/9
ᠪᠦᠬᠦ ᠰᠢᠶᠠᠨ ᠤ ᠡᠯ᠎ᠡ ᠢᠳᠡᠭᠡᠨ ᠤᠮᠳᠠᠭᠠᠨ ᠤ ᠨᠢᠭᠡᠴᠡ ᠳᠤ᠄      ᠪᠣᠯᠪᠠᠰᠤᠨ ᠨᠢ ᠢᠳᠡᠵᠦ ᠡᠮᠦᠰᠬᠦ ᠶᠠᠪᠤᠵᠤ ᠰᠠᠭᠤᠬᠤ ᠠᠴᠠ ᠡᠬᠢᠯᠡᠵᠦ᠂ ᠵᠣᠯ ᠵᠢᠷᠭᠠᠯ ᠨᠢ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠳᠡᠭ᠃ ᠵᠢᠵᠢᠭ ᠬᠤᠭᠤᠯᠠᠨ ᠰᠢᠷᠡᠭᠡ᠂ ᠲᠤᠮᠤ ᠪᠣᠯᠪᠠᠰᠤᠨ ᠨᠢ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠪᠣᠯᠤᠨ ᠬᠥᠳᠡᠯᠮᠦᠷᠢ ᠶᠢ ᠬᠦᠨᠳᠦᠳᠬᠡᠬᠦ᠂ ᠠᠮᠤ ᠪᠤᠳᠠᠭ᠎ᠠ ᠶᠢ ᠨᠠᠨᠳᠢᠩᠨᠠᠬᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮᠵᠢᠯᠠᠵᠤ ᠪᠠᠶᠢᠳᠠᠭ᠃ ᠶᠡᠷᠦᠩᠬᠡᠶ ᠱᠦᠵᠢ ᠰᠢ ᠶᠢᠨ ᠫᠢᠩ ᠤᠨ ︽ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠡᠷᠬᠢᠮᠯᠡᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ︾ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠪᠣᠯᠪᠠᠰᠤᠨ ᠢᠶᠠᠷ ᠬᠡᠷᠡᠭᠯᠡᠬᠦ᠂ ᠬᠤᠭᠤᠯᠠ ᠶᠢ ᠠᠷᠪᠢᠯᠠᠨ ᠭᠠᠮᠨᠠᠬᠤ︾ ᠰᠢᠯᠢᠳᠡᠭ ᠬᠡᠪ ᠰᠤᠷᠲᠠᠯ ᠢ ᠤᠬᠠᠮᠰᠠᠷ ᠠᠴᠠ ᠪᠠᠨ ᠬᠥᠲᠥᠯᠥᠨ ᠳᠠᠭᠠᠭᠤᠯᠬᠤ ᠶᠢᠨ ᠲᠥᠯᠥᠭᠡ᠂ ᠣᠨᠴᠠᠭᠠᠶᠢᠯᠠᠨ ᠪᠦᠬᠦ ᠰᠢᠶᠠᠨ ᠤ ᠡᠯ᠎ᠡ ᠢᠳᠡᠭᠡᠨ ᠤᠮᠳᠠᠭᠠᠨ ᠤ ᠨᠢᠭᠡᠴᠡ ᠳᠤ ᠳᠣᠣᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠪᠠ᠄      ᠨᠢᠭᠡ᠂ ᠪᠦᠬᠦ ᠰᠢᠶᠠᠨ ᠤ ᠢᠳᠡᠭᠡᠨ ᠤᠮᠳᠠᠭᠠᠨ ᠤ ᠨᠢᠭᠡᠴᠡ ᠨᠦᠭᠦᠳ ᠴᠥᠮ ᠠᠷᠪᠢᠯᠠᠨ ᠭᠠᠮᠨᠠᠬᠤ ᠶᠢ ᠢᠳᠡᠭᠡᠨ ᠤᠮᠳᠠᠭᠠᠨ ᠤ ᠦᠢᠯᠡᠳᠪᠦᠷᠢᠯᠡᠯ᠂ ᠪᠣᠯᠪᠠᠰᠤᠷᠠᠭᠤᠯᠤᠯᠲᠠ᠂ ᠦᠢᠯᠡᠴᠢᠯᠡᠭᠡᠨ ᠤ ᠪᠦᠬᠦ ᠶᠠᠪᠤᠴᠠ ᠳᠤ ᠤᠬᠠᠮᠰᠠᠷ ᠠᠴᠠ ᠪᠠᠨ ᠣᠷᠣᠭᠤᠯᠬᠤ ᠬᠡᠷᠡᠭᠲᠡᠶ ᠪᠥᠭᠡᠳ ᠬᠤᠭᠤᠯᠠᠨ ᠲᠢᠩᠬᠢᠮ ᠤᠨ ᠪᠣᠳᠠᠲᠤ ᠪᠠᠶᠢᠳᠠᠯ ᠢ ᠦᠨᠳᠦᠰᠦᠯᠡᠨ ᠪᠦᠷᠢᠯᠭᠡᠨ ᠰᠦᠢᠳᠬᠡᠬᠦ ᠶᠢ ᠬᠤᠷᠢᠭᠯᠠᠬᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠳᠦᠷᠢᠮ ᠲᠣᠭᠲᠠᠭᠠᠯ ᠢ ᠲᠣᠭᠲᠠᠭᠠᠬᠤ ᠬᠡᠷᠡᠭᠲᠡᠶ᠃      ᠬᠤᠶᠠᠷ ᠲᠤ᠂ N-1 ᠴᠠᠭ ᠤᠨ ᠬᠤᠭᠤᠯᠠᠨ ᠤ ᠵᠠᠭᠪᠤᠷ ᠢ ᠬᠡᠷᠡᠭᠵᠢᠭᠦᠯᠵᠦ᠂ ᠬᠤᠭᠤᠯᠠᠯᠠᠬᠤ 10 ᠵᠣᠴᠢᠨ 9 ᠬᠥᠮᠦᠨ ᠤ ᠨᠣᠭᠤᠭ᠎ᠠ ᠵᠠᠬᠢᠶᠠᠯᠠᠬᠤ ᠶᠢ ᠰᠠᠨᠠᠭᠠᠴᠢᠯᠠᠨ᠎ᠠ᠂ ᠡᠯ᠎ᠡ ᠢᠳᠡᠭᠡᠨ ᠤᠮᠳᠠᠭᠠᠨ ᠤ ᠨᠢᠭᠡᠴᠡ ᠪᠣᠯᠤᠨ ᠬᠤᠭᠤᠯᠠᠨ ᠲᠢᠩᠬᠢᠮ ᠤᠨ ᠦᠢᠯᠡᠴᠢᠯᠡᠭᠴᠢ ᠠᠴᠠ ᠬᠡᠷᠡᠭᠯᠡᠭᠴᠢᠳ ᠢ ᠬᠠᠪᠰᠤᠷᠤᠨ ᠨᠣᠭᠤᠭ᠎ᠠ ᠵᠠᠬᠢᠶᠠᠯᠠᠬᠤ ᠲᠤᠭ᠎ᠠ ᠬᠡᠮᠵᠢᠶ᠎ᠡ ᠶᠢ ᠨᠢ ᠡᠵᠡᠮᠰᠢᠭᠦᠯᠵᠦ᠂ ᠬᠤᠭᠤᠯᠠ ᠵᠠᠭᠤᠰᠢ ᠶᠢ ᠨᠢ ᠨᠡᠮᠡᠭᠳᠡᠭᠦᠯᠬᠦ ᠳᠤ ᠬᠦᠷᠦᠯᠴᠡᠬᠦ ᠦᠭᠡᠶ ᠪᠠᠶᠢᠬᠤ ᠶᠢ ᠵᠣᠴᠢᠳ ᠲᠤ ᠰᠠᠨᠠᠭᠤᠯᠤᠨ᠂ ᠵᠣᠴᠢᠳ ᠤᠨ ᠰᠠᠶᠢᠨ ᠢᠳᠡᠬᠦ ᠶᠢ ᠪᠠᠲᠤᠯᠠᠬᠤ ᠶᠢᠨ ᠵᠡᠷᠭᠡ ᠳᠤ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠡᠬᠢ ᠰᠤᠷᠪᠤᠯᠵᠢ ᠠᠴᠠ ᠨᠢ ᠵᠣᠭᠰᠣᠭᠠᠬᠤ ᠬᠡᠷᠡᠭᠲᠡᠶ᠃      ᠭᠤᠷᠪᠠ᠂ ᠬᠤᠭᠤᠯᠠᠨ ᠲᠢᠩᠬᠢᠮ ᠳᠤ ᠵᠢᠵᠢᠭ ᠵᠠᠭᠤᠰᠢ᠂ ᠬᠠᠭᠠᠰ ᠵᠠᠭᠤᠰᠢ ᠶᠢ ᠭᠠᠷᠭᠠᠵᠤ᠂ ᠠᠷᠪᠢᠯᠠᠨ ᠭᠠᠮᠨᠠᠭᠰᠠᠨ ᠤᠷᠢᠲᠠᠯ ᠳᠣᠤᠷ᠎ᠠ ᠬᠡᠷᠡᠭᠯᠡᠭᠴᠢᠳ ᠤᠨ ᠲᠥᠷᠥᠯ ᠵᠦᠢᠯ ᠤᠨ ᠣᠯᠠᠨ ᠶᠠᠩᠵᠤ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠶᠢ ᠰᠠᠨᠠᠭᠤᠯᠵᠤ ᠪᠠᠶᠢᠨ᠎ᠠ᠃      ᠲᠦᠷᠪᠡ᠂ ᠬᠤᠭᠤᠰᠣᠨ ᠫᠢᠯᠠ ᠦᠯᠡᠳᠡᠭᠡᠬᠦ ᠠᠵᠢᠯᠯᠠᠭ᠎ᠠ ᠶᠢ ᠦᠷᠭᠦᠯᠵᠢᠯᠡᠨ ᠰᠠᠨᠠᠭᠠᠴᠢᠯᠠᠵᠤ᠂ ᠪᠤᠢ ᠪᠦᠬᠦᠢ ᠢᠳᠡᠭᠡᠨ ᠤᠮᠳᠠᠭᠠᠨ ᠤ ᠨᠢᠭᠡᠴᠡ ᠡᠷᠬᠡᠪᠰᠢ ᠵᠣᠴᠢᠳ ᠲᠤ ᠬᠤᠭᠤᠯᠠᠨ ᠤ ᠰᠠᠪᠠ ᠶᠢ ᠪᠣᠭᠤᠳᠠᠯᠯᠠᠬᠤ ᠪᠡᠯᠡᠳᠬᠡᠯ ᠬᠢᠵᠦ᠂ ᠦᠯᠡᠳᠡᠭᠰᠡᠨ ᠨᠣᠭᠤᠭ᠎ᠠ᠂ ᠦᠯᠡᠳᠡᠭᠰᠡᠨ ᠪᠤᠳᠠᠭ᠎ᠠ ᠲᠠᠢ ᠵᠣᠴᠢᠳ ᠲᠤ ᠪᠣᠭᠤᠳᠠᠯᠯᠠᠬᠤ ᠦᠢᠯᠡᠴᠢᠯᠡᠭᠡ ᠬᠠᠩᠭᠠᠬᠤ ᠬᠡᠷᠡᠭᠲᠡᠶ᠃      ᠲᠠᠪᠤ᠂ ᠪᠣᠯᠪᠠᠰᠤᠨ ᠬᠤᠭᠤᠯᠠᠨ ᠰᠢᠷᠡᠭᠡᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠡᠶᠢᠲᠡ ᠶᠢᠨ ᠰᠠᠪᠬ᠎ᠠ ᠂ ᠨᠡᠶᠢᠲᠡ ᠶᠢᠨ ᠰᠢᠨᠠᠭ᠎ᠠ ᠶᠢᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠵᠣᠴᠢᠳ ᠤᠨ ᠪᠣᠯᠪᠠᠰᠤᠨ ᠢᠶᠠᠷ ᠬᠤᠭᠤᠯᠠ ᠢᠳᠡᠬᠦ ᠳᠤ ᠲᠥᠬᠦᠮ ᠨᠥᠬᠦᠴᠡᠯ ᠬᠠᠩᠭᠠᠵᠤ᠂ ᠵᠣᠴᠢᠳ ᠤᠨ ᠬᠤᠭᠤᠯᠠ ᠢᠳᠡᠬᠦ ᠶᠠᠪᠤᠴᠠ ᠳᠤ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠤ ᠬᠡᠷᠡᠭᠲᠡᠶ᠃      ᠵᠢᠷᠭᠤᠭ᠎ᠠ᠂ ᠪᠣᠶ ᠪᠥᠬᠦᠶ ᠢᠳᠡᠭᠡᠨ ᠤᠮᠳᠠᠭᠠᠨ ᠤ ᠨᠢᠭᠡᠴᠡ ᠴᠥᠮ ᠰᠢᠷᠡᠭᠡᠨ ᠳᠡᠭᠡᠷᠡᠬᠢ ᠫᠠᠶᠢᠰᠠ ᠲᠡᠮᠳᠡᠭ ᠢᠶᠠᠷ ᠮᠡᠳᠡᠭᠳᠡᠬᠦ᠂ ᠠᠵᠢᠯᠲᠠᠨ ᠠᠵᠢᠯᠴᠢᠨ ᠤ ᠬᠤᠭᠤᠯᠠ ᠵᠠᠬᠢᠶᠠᠯᠠᠬᠤ ᠶᠢ ᠰᠠᠨᠠᠭᠤᠯᠬᠤ᠂ ᠬᠠᠮᠢᠶᠠᠷᠤᠯᠲᠠ ᠶᠢᠨ ᠠᠵᠢᠯᠲᠠᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠵᠡᠷᠭᠡ ᠠᠷᠭ᠎ᠠ ᠬᠡᠮᠵᠢᠶ᠎ᠡ ᠠᠪᠴᠤ᠂ ᠬᠡᠷᠡᠭᠯᠡᠭᠴᠢᠳ ᠲᠤ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠬᠤ ᠶᠢ ᠰᠠᠨᠠᠭᠤᠯᠬᠤ ᠬᠡᠷᠡᠭᠲᠡᠶ᠃      ᠬᠤᠷᠢᠨᠭᠡᠷ ᠰᠢᠶᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ      ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                                  2023 ᠣᠨ ᠤ 5 ᠰᠠᠷ᠎ᠠ ᠶᠢᠨ 8 ᠤ ᠡᠳᠦᠷ      ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号