︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠵᠢᠶᠠ ᠿᠦᠢ ᠱᠧᠩ ᠹᠧᠩ ᠲᠤᠤ︶ 5 ᠳ᠋ᠤᠭᠠᠷ | ᠰᠠᠷ᠎ᠠ ᠶᠢᠨ 4 ᠤ ᠡᠳᠦᠷ᠂ ᠮᠠᠨ ᠤ ᠬᠤᠲᠠ ᠪᠦᠬᠦ ᠣᠷᠣᠨ ᠤ 12 ᠠᠶᠢᠮᠠᠭ ᠬᠤᠲᠠ ᠶᠢᠨ ᠳᠣᠲᠣᠷ᠎ᠠ ᠡᠩ | ᠲᠡᠷᠢᠭᠦᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ | ᠬᠥᠮᠥᠷᠭᠡ ᠳᠤ ᠣᠷᠣᠭᠤᠯᠬᠤ ᠠᠵᠢᠯ ᠢ ᠡᠬᠢᠯᠡᠭᠦᠯᠵᠦ᠂ ᠡᠭᠦᠨ ᠢᠶᠠᠷ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠤᠯᠠᠮ ᠨᠢᠭᠡ ᠠᠯᠬᠤᠮ ᠪᠤᠵᠠᠭᠠᠶᠢᠷᠠᠭᠤᠯᠵᠤ᠂ | ᠰᠢᠯᠢᠳᠡᠭᠵᠢᠭᠦᠯᠵᠦ᠂ ᠬᠦᠴᠦᠷᠬᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ | ᠠᠬᠤᠶᠢᠯᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ᠂ ᠡᠷᠴᠢᠮᠵᠢᠨ ᠰᠢᠨ᠎ᠡ ᠶᠢ ᠡᠭᠦᠳᠬᠦ᠂ ᠲᠠᠪᠴᠠᠩ ᠢ | ᠵᠣᠬᠢᠶᠠᠨ ᠪᠠᠶᠢᠭᠤᠯᠬᠤ ᠳᠠᠪᠠᠭᠤᠯᠢᠭ ᠢ ᠲᠠᠰᠤᠷᠠᠯᠲᠠ ᠦᠭᠡᠢ ᠪᠠᠳᠠᠷᠠᠭᠤᠯᠤᠨ᠂ ᠠᠵᠤ ᠦᠢᠯᠡᠰ ᠤᠨ ᠰᠢᠨ᠎ᠡ ᠶᠢ | ᠡᠭᠦᠳᠬᠦ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠰᠢᠨᠵᠢᠯᠡᠬᠦ ᠤᠬᠠᠭᠠᠨ | ᠮᠡᠷᠭᠡᠵᠢᠯ ᠤᠨ ᠬᠦᠴᠦᠷᠬᠡᠭ ᠠᠴᠠ ᠠᠵᠤ ᠠᠬᠤᠶᠢᠯᠠᠯ ᠬᠦᠴᠦᠷᠬᠡᠭᠵᠢᠬᠦ᠂ ᠠᠵᠤ ᠦᠢᠯᠡᠰ ᠬᠦᠴᠦᠷᠬᠡᠭᠵᠢᠬᠦ᠂ ᠠᠵᠤ | ᠠᠬᠤᠢ ᠬᠦᠴᠦᠷᠬᠡᠭᠵᠢᠬᠦ ᠵᠠᠮ ᠢ ᠨᠠᠪᠲᠠᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ | ᠠᠬᠢᠭᠤᠯᠬᠤ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ ᠪᠥᠬᠦ | ᠬᠤᠲᠠ ᠶᠢᠨ ᠬᠡᠪᠴᠢᠶᠡᠨ ᠳᠠᠬᠢ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠳ ᠮᠡᠳᠡᠭᠳᠡᠯ ᠤᠨ ᠱᠠᠭᠠᠷᠳᠠᠯᠭ᠎ᠠ | ᠶᠣᠰᠣᠭᠠᠷ᠂ ᠲᠣᠰ ᠲᠣᠰ ᠤᠨ ᠬᠠᠷᠢᠶ᠎ᠠ ᠣᠷᠣᠨ ᠤ ᠪᠠᠨ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ ᠪᠣᠯᠣᠨ᠎ᠠ᠃ | ︽2023 ᠣᠨ ᠤ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ | ᠠᠬᠤᠶᠢᠯᠠᠯ ᠢ ᠪᠣᠶᠢᠵᠢᠭᠤᠯᠤᠨ ᠬᠥᠮᠥᠷᠭᠡ ᠳᠤ ᠣᠷᠣᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ | ᠱᠠᠭᠠᠷᠳᠠᠯᠭ᠎ᠠ ᠶᠢ ᠦᠨᠳᠦᠰᠦᠯᠡᠨ᠂ ᠮᠡᠳᠡᠭᠦᠯᠬᠦ ᠠᠵᠤ ᠠᠬᠤᠶᠢᠯᠠᠯ ᠨᠢ ︽ᠬᠥᠬᠡᠬᠤᠲᠠ ᠶᠢᠨ ᠬᠡᠪᠴᠢᠶᠡᠨ ᠳᠣᠲᠣᠷ᠎ᠠ | ᠬᠠᠤᠯᠢ ᠶᠣᠰᠣᠭᠠᠷ ᠪᠠᠶᠢᠭᠤᠯᠤᠭᠰᠠᠨ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ | ᠮᠥᠷᠲᠡᠭᠡᠨ ᠬᠦᠴᠦᠨ ᠲᠠᠢ ᠬᠤᠭᠤᠴᠠᠭᠠᠨ ᠳᠠᠭᠠᠨ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ︾ ︽ | ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 2 ᠳ᠋ᠦᠩᠰᠢᠭᠤᠷ ᠲᠥᠭᠦᠷᠢᠭ ᠠᠴᠠ | ᠳᠡᠭᠡᠭᠰᠢ ︵ᠪᠠᠭᠲᠠᠨ᠎ᠠ︶ ᠬᠦᠷᠦᠭᠰᠡᠨ︾ ︽ᠳᠡᠭᠡᠷ᠎ᠡ ᠨᠢᠭᠡ ᠵᠢᠯ ᠤᠨ ᠰᠤᠳᠤᠯᠤᠨ ᠨᠡᠭᠡᠭᠡᠬᠦ ᠵᠠᠷᠤᠳᠠᠯ ᠤᠨ ᠶᠡᠷᠦᠩᠬᠡᠢ | ᠲᠤᠭ᠎ᠠ ᠠᠳᠠᠯᠢ ᠬᠤᠭᠤᠴᠠᠭᠠᠨ ᠤ ᠪᠣᠷᠣᠯᠠᠭᠤᠯᠤᠯᠲᠠ ᠶᠢᠨ ᠣᠷᠣᠯᠭ᠎ᠠ ᠶᠢᠨ ᠶᠡᠷᠦᠩᠬᠡᠢ ᠲᠤᠭ᠎ᠠ ᠳᠤ ᠡᠵᠡᠯᠡᠬᠦ ᠬᠠᠷᠢᠴᠠᠯ | ᠨᠢ 3% ᠠᠴᠠ ᠳᠡᠭᠡᠭᠰᠢ ᠬᠦᠷᠦᠭᠰᠡᠨ︾ ᠵᠡᠷᠭᠡ ᠵᠢᠷᠭᠤᠭᠠᠨ ᠵᠦᠢᠯ ᠤᠨ ᠨᠥᠬᠦᠴᠡᠯ ᠢ ᠬᠠᠩᠭᠠᠬᠤ ᠬᠡᠷᠡᠭᠲᠡᠢ᠃ ᠠᠵᠤ | ᠠᠬᠤᠶᠢᠯᠠᠯ ᠭᠤᠶᠤᠴᠢᠯᠠᠬᠤ᠂ ᠠᠩᠬᠠᠨ ᠤ ᠬᠢᠨᠠᠯᠲᠠ ᠪᠠᠷ ᠲᠠᠨᠢᠯᠴᠠᠭᠤᠯᠬᠤ᠂ ᠬᠢᠨᠠᠨ ᠪᠠᠶᠢᠴᠠᠭᠠᠵᠤ ᠨᠤᠲᠠᠯᠠᠬᠤ᠂ ᠢᠯᠡ | ᠵᠠᠷᠯᠠᠵᠤ ᠬᠥᠮᠥᠷᠭᠡ ᠳᠤ ᠣᠷᠣᠭᠤᠯᠬᠤ ᠵᠡᠷᠭᠡ ᠳᠡᠰ ᠳᠠᠷᠠᠭᠠᠯᠠᠯ ᠢᠶᠠᠷ ᠳᠠᠮᠵᠢᠨ ᠬᠥᠮᠥᠷᠭᠡ ᠳᠤ ᠣᠷᠣᠭᠤᠯᠬᠤ ᠨᠡᠷᠡᠰ ᠢ | ᠬᠠᠮᠤᠭ ᠡᠴᠦᠰ ᠲᠤ ᠲᠣᠭᠲᠠᠭᠠᠨ᠎ᠠ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠡᠯ᠎ᠡ ᠠᠵᠢᠯ | ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠠᠨᠢᠯᠴᠠᠭᠤᠯᠤᠭᠰᠠᠨ | ᠪᠢᠴᠢᠭ ᠮᠠᠲ᠋ᠧᠷᠢᠶᠠᠯ᠂ ᠲᠠᠨᠢᠯᠴᠠᠭᠤᠯᠤᠭᠰᠠᠨ ᠠᠵᠤ ᠠᠬᠤᠶᠢᠯᠠᠯ ᠤᠨ ᠬᠤᠷᠢᠶᠠᠩᠭᠤᠢ ᠬᠦᠰᠦᠨᠦᠭᠲᠦ ᠵᠢᠴᠢ ᠠᠵᠤ | ᠠᠬᠤᠶᠢᠯᠠᠯ ᠤᠨ ᠭᠤᠶᠤᠴᠢᠯᠠᠯ ᠤᠨ ᠬᠦᠰᠦᠨᠦᠭᠲᠦ ᠶᠢ ᠭᠥᠯᠢᠶᠡᠨ ᠠᠪᠤᠨ᠎ᠠ᠂ ᠲᠣᠰ ᠤᠳᠠᠭᠠᠨ ᠤ ᠡᠯᠰᠡᠬᠦ ᠬᠤᠭᠤᠴᠠᠭ᠎ᠠ | ᠨᠢ 5 ᠳ᠋ᠤᠭᠠᠷ ᠰᠠᠷ᠎ᠠ ᠶᠢᠨ 25 ᠤ ᠡᠳᠦᠷ ᠬᠦᠷᠦᠨ᠎ᠡ᠃ | 2022 ᠣᠨ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ | ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ | ᠠᠬᠤᠶᠢᠯᠠᠯ ᠢ ᠦᠨᠡᠮᠰᠢᠬᠦ ᠠᠵᠢᠯ ᠢ ᠠᠩᠬ᠎ᠠ ᠤᠳᠠᠭ᠎ᠠ ᠥᠷᠨᠢᠭᠦᠯᠵᠦ᠂ ᠮᠠᠨ ᠤ ᠬᠤᠲᠠ ᠶᠢᠨ 5 ᠠᠵᠤ ᠠᠬᠤᠶᠢᠯᠠᠯ | ᠰᠣᠩᠭᠤᠭᠳᠠᠵᠤ᠂ ᠲᠤᠭ᠎ᠠ ᠪᠠᠷ ᠪᠥᠬᠦ ᠣᠷᠣᠨ ᠤ ᠲᠡᠷᠢᠭᠦᠯᠡᠪᠡ᠃ ᠲᠣᠰ ᠤᠳᠠᠭ᠎ᠠ ᠬᠤᠲᠠ ᠶᠢᠨ ᠲᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠬᠥᠮᠥᠷᠭᠡ ᠳᠤ ᠣᠷᠣᠭᠤᠯᠬᠤ ᠠᠵᠢᠯ ᠢ | ᠥᠷᠨᠢᠭᠦᠯᠬᠦ ᠳᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ | ᠪᠣᠶᠢᠵᠢᠭᠤᠯᠬᠤ ᠬᠥᠮᠥᠷᠭᠡ ᠶᠢ ᠪᠠᠶᠢᠭᠤᠯᠵᠤ᠂ ᠳᠤᠮᠳᠠ ᠬᠤᠭᠤᠴᠠᠭᠠᠨ ᠤ ᠬᠢᠨᠠᠨ ᠬᠡᠮᠵᠢᠬᠦ᠂ ᠣᠨ ᠤ ᠦᠨᠡᠯᠡᠨ ᠵᠢᠱᠢᠬᠦ | ᠠᠷᠭ᠎ᠠ ᠮᠠᠶ᠋ᠢᠭ ᠢ ᠬᠡᠷᠡᠭᠯᠡᠨ ᠬᠥᠮᠥᠷᠭᠡ ᠳᠤ ᠣᠷᠣᠭᠤᠯᠬᠤ ᠬᠠᠮᠢᠶᠠᠷᠤᠯᠲᠠ ᠶᠢ ᠴᠢᠩᠭᠠᠳᠬᠠᠵᠤ᠂ 2025 ᠣᠨ | ᠪᠣᠯᠬᠤ ᠳᠤ ᠪᠥᠬᠦ ᠬᠤᠲᠠ ᠶᠢᠨ ᠬᠥᠮᠥᠷᠭᠡ ᠳᠤ ᠣᠷᠣᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ | ᠠᠵᠤ ᠠᠬᠤᠶᠢᠯᠠᠯ ᠢ 50 ᠠᠴᠠ ᠳᠡᠭᠡᠭᠰᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ ᠢ 15 ᠠᠴᠠ ᠳᠡᠭᠡᠭᠰᠢ ᠪᠣᠶᠢᠵᠢᠭᠤᠯᠬᠤ ᠪᠠᠷ ᠴᠢᠷᠮᠠᠶᠢᠨ᠎ᠠ᠃ |