︵ᠰᠤᠷᠪᠤᠯᠵᠢᠯᠠᠭᠴᠢ ᠮᠢᠶᠣᠣ ᠴᠢᠩ︶ 5 ᠳ᠋ᠤᠭᠠᠷ ᠰᠠᠷ᠎ᠠ ᠶᠢᠨ 8 ᠤ ᠡᠳᠦᠷ᠂ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾ | ︽︿ᠡᠷᠡᠭᠦᠯ ᠡᠩᠬᠡ ᠳᠤᠮᠳᠠᠳᠤ ᠤᠯᠤᠰ 2030﹀ ᠤᠨ ᠲᠥᠯᠦᠪᠵᠢᠭᠦᠯᠭᠡ ᠶᠢᠨ ᠬᠥᠲᠥᠯᠪᠦᠷᠢ︾ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ | ᠲᠥᠬᠦᠭᠡᠷᠦᠮᠵᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠠᠬᠢᠭᠤᠯᠵᠤ᠂ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ᠂ | ᠥᠷᠭᠡᠨ ᠣᠯᠠᠨ ᠲᠦᠮᠡᠨ ᠤ ᠣᠶᠢᠷ᠎ᠠ ᠬᠠᠪᠢ ᠳᠠᠭᠠᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠳᠤ ᠣᠷᠣᠯᠴᠠᠬᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠲᠤᠰᠠᠳᠠ᠂ ᠮᠠᠨ ᠤ ᠬᠤᠲᠠ ᠪᠥᠬᠦ | ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢ ᠪᠦᠯᠦᠭ | ᠤᠳᠠᠭ᠎ᠠ ᠬᠤᠪᠢᠶᠠᠨ ᠨᠡᠶᠢᠭᠡᠮ ᠨᠡᠶᠢᠲᠡ ᠳᠤ ᠨᠡᠭᠡᠭᠡᠨ᠎ᠡ᠃ | 5 ᠳ᠋ᠤᠭᠠᠷ ᠰᠠᠷ᠎ᠠ ᠶᠢᠨ 13 ᠤ ᠡᠳᠦᠷ᠂ ᠨᠢᠭᠡᠳᠦᠭᠡᠷ ᠪᠦᠯᠦᠭ ᠤᠨ 126 ᠰᠤᠷᠭᠠᠭᠤᠯᠢ ᠨᠡᠶᠢᠭᠡᠮ ᠳᠤ | ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠪᠠᠨ ᠨᠡᠭᠡᠭᠡᠬᠦ ᠪᠣᠯᠣᠨ᠎ᠠ᠂ ᠡᠭᠦᠨ ᠳᠤ᠄ ᠰᠢᠨ᠎ᠡ ᠬᠤᠲᠠ | ᠲᠣᠭᠤᠷᠢᠭ ᠤᠨ ᠰᠢᠨᠬᠤᠸᠠ ᠪᠠᠭ᠎ᠠ ᠰᠤᠷᠭᠠᠭᠤᠯᠢ᠂ ᠲᠦᠮᠡᠳ ᠳᠤᠮᠳᠠᠳᠤ ᠰᠤᠷᠭᠠᠭᠤᠯᠢ᠂ ᠬᠥᠬᠡᠬᠤᠲᠠ ᠶᠢᠨ | ᠬᠤᠶᠠᠳᠤᠭᠠᠷ ᠳᠤᠮᠳᠠᠳᠤ ᠰᠤᠷᠭᠠᠭᠤᠯᠢ ︵ᠬᠥᠯᠥᠨ ᠰᠤᠷᠭᠠᠭᠤᠯᠢ ᠶᠢᠨ ᠲᠣᠭᠤᠷᠢᠭ︶ ᠵᠡᠷᠭᠡ 29 ᠰᠤᠷᠭᠠᠭᠤᠯᠢ︔ | ᠬᠤᠲᠤᠩ ᠠᠷᠠᠳ ᠤᠨ ᠲᠣᠭᠤᠷᠢᠭ ᠤᠨ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ | ᠨᠠᠢᠮᠠᠳᠤᠭᠠᠷ ᠳᠤᠮᠳᠠᠳᠤ ᠰᠤᠷᠭᠠᠭᠤᠯᠢ᠂ ᠲᠠᠶᠢᠫᠢᠩ ᠵᠡᠭᠡᠯᠢ ᠶᠢᠨ ᠪᠠᠭ᠎ᠠ ᠰᠤᠷᠭᠠᠭᠤᠯᠢ ᠵᠡᠷᠭᠡ 4 ᠰᠤᠷᠭᠠᠭᠤᠯᠢ︔ | ᠢᠦᠢ ᠴᠢᠦᠸᠠᠨ ᠲᠣᠭᠤᠷᠢᠭ ᠤᠨ ᠾᠧᠩ ᠴᠠᠩ ᠳ᠋ᠢᠶᠠᠨ ᠰᠢᠶᠠᠩ ᠪᠠᠭ᠎ᠠ ᠰᠤᠷᠭᠠᠭᠤᠯᠢ ᠶᠢᠨ ᠦ᠋ ᠯᠢ ᠶᠢᠩ | ᠰᠤᠷᠭᠠᠭᠤᠯᠢ ᠶᠢᠨ ᠲᠣᠭᠤᠷᠢᠭ᠂ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ᠂ ᠲᠠᠪᠤᠨ ᠰᠤᠪᠤᠷᠭ᠎ᠠ ᠶᠢᠨ ᠵᠡᠭᠦᠨ | ᠵᠡᠭᠡᠯᠢ ᠶᠢᠨ ᠪᠠᠭ᠎ᠠ ᠰᠤᠷᠭᠠᠭᠤᠯᠢ ᠵᠡᠷᠭᠡ 6 ᠰᠤᠷᠭᠠᠭᠤᠯᠢ︔ ᠰᠠᠶᠢᠬᠠᠨ ᠲᠣᠭᠤᠷᠢᠭ ᠤᠨ ᠬᠥᠬᠡᠬᠤᠲᠠ ᠶᠢᠨ ᠣᠲᠣ | ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠰᠤᠷᠭᠠᠭᠤᠯᠢ᠂ ᠬᠥᠬᠡᠬᠤᠲᠠ ᠶᠢᠨ ᠭᠤᠴᠢ ᠶᠢᠰᠦᠳᠦᠭᠡᠷ ᠳᠤᠮᠳᠠᠳᠤ | ᠰᠤᠷᠭᠠᠭᠤᠯᠢ᠂ ᠬᠥᠬᠡᠬᠤᠲᠠ ᠶᠢᠨ ᠬᠤᠷᠢᠨ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ 38 ᠰᠤᠷᠭᠠᠭᠤᠯᠢ︔ | ᠬᠤᠷᠢᠨᠭᠡᠷ ᠰᠢᠶᠠᠨ ᠤ ᠬᠤᠷᠢᠨᠭᠡᠷ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ᠂ ᠬᠤᠷᠢᠨᠭᠡᠷ ᠰᠢᠶᠠᠨ ᠤ ᠲᠠᠪᠤᠳᠤᠭᠠᠷ | ᠪᠠᠭ᠎ᠠ ᠰᠤᠷᠭᠠᠭᠤᠯᠢ 2 ᠰᠤᠷᠭᠠᠭᠤᠯᠢ︔ ᠴᠢᠩ ᠱᠦᠢ ᠾᠧ ᠰᠢᠶᠠᠨ ᠤ ᠴᠢᠩ ᠱᠦᠢ ᠾᠧ ᠰᠢᠶᠠᠨ ᠤ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠴᠢᠩ ᠱᠦᠢ ᠾᠧ ᠰᠢᠶᠠᠨ ᠤ ᠨᠢᠭᠡᠳᠦᠭᠡᠷ ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠂ ᠴᠢᠩ ᠱᠦᠢ ᠾᠧ ᠰᠢᠶᠠᠨ ᠤ ᠬᠤᠶᠠᠳᠤᠭᠠᠷ ᠳᠤᠮᠳᠠᠳᠤ | ᠰᠤᠷᠭᠠᠭᠤᠯᠢ ᠵᠡᠷᠭᠡ 4 ᠰᠤᠷᠭᠠᠭᠤᠯᠢ︔ ᠲᠣᠭᠲᠠᠬᠤ ᠰᠢᠶᠠᠨ ᠤ ᠲᠣᠭᠲᠠᠬᠤ ᠰᠢᠶᠠᠨ ᠤ ᠨᠢᠭᠡᠳᠦᠭᠡᠷ ᠪᠠᠭ᠎ᠠ | ᠰᠤᠷᠭᠠᠭᠤᠯᠢ᠂ ᠲᠣᠭᠲᠠᠬᠤ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ᠂ ᠲᠣᠭᠲᠠᠬᠤ ᠰᠢᠶᠠᠨ ᠤ ᠭᠤᠷᠪᠠᠳᠤᠭᠠᠷ | ᠪᠠᠭ᠎ᠠ ᠰᠤᠷᠭᠠᠭᠤᠯᠢ ᠵᠡᠷᠭᠡ 12 ᠰᠤᠷᠭᠠᠭᠤᠯᠢ᠃ ᠲᠦᠮᠡᠳ ᠵᠡᠭᠦᠨ ᠬᠤᠰᠢᠭᠤᠨ ᠤ ᠬᠤᠰᠢᠭᠤᠨ ᠤ ᠨᠢᠭᠡᠳᠦᠭᠡᠷ ᠪᠠᠭ᠎ᠠ | ᠰᠤᠷᠭᠠᠭᠤᠯᠢ᠂ ᠲᠦᠮᠡᠳ ᠵᠡᠭᠦᠨ ᠬᠤᠰᠢᠭᠤᠨ ᠤ ᠵᠢᠷᠭᠤᠳᠤᠭᠠᠷ ᠪᠠᠭ᠎ᠠ ᠰᠤᠷᠭᠠᠭᠤᠯᠢ᠂ ᠲᠦᠮᠡᠳ ᠵᠡᠭᠦᠨ | ᠬᠤᠰᠢᠭᠤᠨ ᠤ ᠬᠠᠷ᠎ᠠ ᠤᠰᠤ ᠪᠠᠭ᠎ᠠ ᠰᠤᠷᠭᠠᠭᠤᠯᠢ ᠵᠡᠷᠭᠡ 28 ᠰᠤᠷᠭᠠᠭᠤᠯᠢ︔ ᠦᠴᠦᠸᠠᠨ ᠰᠢᠶᠠᠨ ᠤ ᠦᠴᠦᠸᠠᠨ | ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ᠂ ᠦᠴᠦᠸᠠᠨ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ᠂ | ᠦᠴᠦᠸᠠᠨ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ ᠵᠡᠷᠭᠡ 3 ᠰᠤᠷᠭᠠᠭᠤᠯᠢ ᠪᠠᠭᠲᠠᠨ᠎ᠠ᠃ |