ᠭᠠᠶᠢᠯᠢ ᠶᠢᠨ ᠮᠦᠩᠬᠦ ᠪᠤᠴᠠᠭᠠᠬᠤ ᠮᠡᠬᠡᠯᠡᠯ ᠠᠴᠠ ᠬᠢᠴᠢᠶᠡᠭᠡᠷᠡᠢ︕
ᠨᠡᠶᠢᠲᠡᠯᠡᠭᠰᠡᠨ ᠴᠠᠭ᠄
2023/5/9
     ᠣᠶᠢᠷ᠎ᠠ ᠳᠤ᠂ ᠬᠤᠪᠢ ᠶᠢᠨ ᠣᠯᠵᠠᠪᠤᠷᠢ ᠶᠢᠨ ᠭᠠᠶᠢᠯᠢ ᠶᠢᠨ ᠭᠠᠶᠢᠯᠢ ᠶᠢᠨ ᠮᠥᠩᠭᠦ ᠪᠤᠴᠠᠭᠠᠵᠤ ᠪᠠᠶᠢᠨ᠎ᠠ᠃ ᠬᠠᠷᠢᠨ ᠵᠠᠷᠢᠮ ᠮᠡᠬᠡᠯᠡᠭᠴᠢᠳ ᠬᠤᠪᠢ ᠶᠢᠨ ᠣᠯᠵᠠᠪᠤᠷᠢ ᠶᠢᠨ ᠭᠠᠶᠢᠯᠢ ᠶᠢᠨ ᠭᠠᠶᠢᠯᠢ ᠶᠢᠨ ᠮᠥᠩᠭᠦ ᠪᠤᠴᠠᠭᠠᠵᠤ ᠪᠠᠶᠢᠭ᠎ᠠ ᠤᠴᠢᠷ ᠶᠠᠪᠤᠳᠠᠯ ᠢ ᠳᠠᠯᠢᠮᠳᠠᠭᠤᠯᠤᠨ ᠮᠡᠬᠡᠯᠡᠳᠡᠭ᠃ ᠡᠭᠦᠨ ᠳᠤ ᠦᠷᠭᠦᠯᠵᠢ ᠲᠣᠬᠢᠶᠠᠯᠳᠤᠳᠠᠭ ᠡᠶᠢᠮᠦᠷᠬᠦ ᠬᠡᠳᠦᠨ ᠵᠦᠢᠯ ᠤᠨ ︽ᠤᠨᠠᠭᠤᠯᠢ︾ ᠪᠠᠶᠢᠨ᠎ᠠ᠃      ᠭᠠᠶᠢᠯᠢ ᠶᠢᠨ ᠮᠥᠩᠭᠦ ᠶᠢ ᠪᠤᠴᠠᠭᠠᠬᠤ ᠣᠬᠤᠷ ᠮᠡᠳᠡᠭᠡ ᠶᠢᠨ ᠬᠤᠯᠪᠣᠭᠠᠰᠤ ᠶᠢ ᠰᠢᠷᠪᠢᠬᠦ      ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠰᠠᠨᠠᠭᠤᠯᠤᠮᠵᠢ᠄ 2023 ᠣᠨ ᠤ ᠬᠤᠪᠢ ᠶᠢᠨ ᠤᠯᠵᠠᠪᠤᠷᠢ ᠶᠢᠨ ᠭᠠᠶᠢᠯᠢ ᠶᠢᠨ ᠬᠤᠷᠢᠶᠠᠩᠭᠤᠶᠢᠯᠠᠨ ᠪᠤᠳᠤᠬᠤ ᠮᠡᠳᠡᠭᠦᠯᠦᠯᠲᠡ ᠶᠢᠨ ᠠᠵᠢᠯ ᠡᠬᠢᠯᠡᠪᠡ᠃ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠢᠯᠡᠷᠡᠭᠦᠯᠦᠭᠰᠡᠨ ᠢᠶᠠᠷ᠂ ᠲᠠᠨ ᠳᠤ 10000 ᠲᠥᠭᠦᠷᠢᠭ ᠤᠨ ᠭᠠᠶᠢᠯᠢ ᠶᠢᠨ ᠮᠥᠩᠭᠦ ᠪᠤᠴᠠᠭᠠᠨ᠎ᠠ᠂ ᠲᠠ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠲᠤᠬᠳᠠᠬᠰᠠᠨ  ᠰᠦᠯᠵᠢᠶᠡᠨ ᠳᠤ ᠭᠠᠷᠴᠤ ᠰᠠᠨᠠᠭᠤᠯᠤᠮᠵᠢ ᠶᠤᠰᠤᠭᠠᠷ ᠪᠤᠴᠠᠭᠠᠬᠰᠠᠨ ᠭᠠᠶᠢᠯᠢ ᠶᠢᠨ ᠮᠦᠩᠬᠦ ᠪᠠᠨ ᠠᠪᠤᠭᠠᠷᠠᠢ᠂ ᠬᠤᠭᠤᠴᠠᠭ᠎ᠠ ᠠᠴᠠ ᠬᠡᠲᠦᠷᠡᠪᠡᠯ ᠭᠦᠢᠴᠡᠳᠬᠡᠵᠦ ᠥᠭᠬᠦ ᠦᠭᠡᠢ᠃      ᠴᠠᠭᠳᠠᠭ᠎ᠠ ᠶᠢᠨ ᠰᠠᠨᠠᠭᠤᠯᠤᠮᠵᠢ᠄ ᠲᠠᠨᠢᠯ ᠪᠤᠰᠤ ᠰᠦᠯᠵᠢᠶᠡᠨ ᠤ ᠬᠤᠯᠪᠤᠭᠠᠰᠤ ᠶᠢ ᠰᠢᠷᠪᠢᠵᠦ ᠪᠣᠯᠬᠤ ᠥᠬᠡᠶ᠂ ᠪᠤᠢ ᠪᠦᠬᠦᠢ ᠭᠠᠶᠢᠯᠢ ᠶᠢᠨ ᠮᠥᠩᠭᠦ ᠪᠤᠴᠠᠭᠠᠬᠤ ᠵᠦᠢᠯᠡᠰ ᠢ ᠰᠢᠭᠤᠳ ᠠᠯᠪᠠᠨ ᠤ ᠰᠦᠯᠵᠢᠶ᠎ᠡ ᠪᠤᠶᠤ APP ᠪᠠᠷ ᠳᠠᠮᠵᠢᠭᠤᠯᠤᠨ ᠭᠦᠢᠴᠡᠳᠬᠡᠬᠦ ᠬᠡᠷᠡᠭᠳᠡᠢ᠃      ᠲᠤᠰᠬᠠᠢ ᠮᠡᠷᠭᠡᠵᠢᠯ ᠤᠨ ᠠᠵᠢᠯᠲᠠᠨ ᠲᠠᠨ ᠳᠤ ᠬᠠᠪᠰᠤᠷᠤᠨ ᠢᠯᠡᠬᠦᠦ ᠭᠠᠶᠢᠯᠢ ᠪᠤᠴᠠᠭᠠᠵᠤ ᠦᠭᠬᠦ      ᠭᠠᠶᠢᠯᠢ ᠶᠢᠨ ᠮᠦᠩᠬᠦ ᠶᠢ ᠢᠯᠡᠭᠦᠬᠡᠨ ᠪᠤᠴᠠᠭᠠᠪᠠᠯ ᠰᠠᠶᠢᠨ ᠪᠢᠰᠢ ᠦᠦ︖ ᠴᠥᠭᠡᠨ ᠪᠤᠰᠤ ᠬᠥᠮᠦᠨ ᠰᠦᠯᠵᠢᠶᠡᠨ ᠳᠡᠭᠡᠷᠡᠬᠢ ︽ᠲᠤᠰᠬᠠᠢ ᠮᠡᠷᠭᠡᠵᠢᠯ ᠤᠨ ᠭᠠᠶᠢᠯᠢ ᠪᠤᠴᠠᠭᠠᠬᠤ︾ ᠶᠠᠪᠤᠳᠠᠯ ᠢ ᠢᠲᠡᠭᠡᠵᠦ ᠪᠠᠶᠢᠨ᠎ᠠ᠃      ᠮᠡᠬᠡᠯᠡᠭᠴᠢ ᠠᠴᠠ ︽ᠬᠤᠪᠢ ᠶᠢᠨ ᠣᠯᠵᠠᠪᠤᠷᠢ ᠶᠢᠨ ᠭᠠᠶᠢᠯᠢ ᠶᠢᠨ APP ᠶᠢᠨ ᠲᠠᠩᠰᠠᠨ ᠤ ᠨᠢᠭᠤᠴᠠ ᠨᠣᠮᠧᠷ ᠪᠠ ᠪᠠᠩᠬᠢ ᠶᠢᠨ ᠺᠠᠷᠲ ᠤᠨ ᠨᠣᠮᠧᠷ ᠢᠶᠠᠨ ᠬᠠᠩᠭᠠᠳᠠᠭ ᠯᠠ ᠶᠤᠮ ᠪᠣᠯ᠂ ᠪᠢᠳᠡ ᠲᠠᠨ ᠳᠤ ᠬᠠᠮᠵᠢᠨ ᠬᠤᠪᠢ ᠶᠢᠨ ᠣᠯᠵᠠᠪᠤᠷᠢ ᠶᠢᠨ ᠭᠠᠶᠢᠯᠢ ᠶᠢ ᠬᠤᠷᠢᠶᠠᠩᠭᠤᠶᠢᠯᠠᠨ ᠪᠣᠳᠣᠵᠤ ᠭᠠᠶᠢᠯᠢ ᠶᠢᠨ ᠮᠥᠩᠭᠦ ᠪᠤᠴᠠᠭᠠᠵᠤ᠂ ᠭᠠᠶᠢᠯᠢ ᠪᠤᠴᠠᠭᠠᠵᠤ ᠲᠠᠩᠰᠠᠨ ᠳᠤ ᠤᠷᠤᠬᠰᠠᠨ ᠵᠤᠭᠤᠰᠤᠨ ᠤ ᠬᠠᠷᠢᠴᠠᠯ ᠶᠤᠰᠤᠭᠠᠷ ᠦᠢᠯᠡᠴᠢᠯᠡᠬᠡᠨ ᠤ ᠰᠦᠢᠳᠬᠡᠯ ᠲᠤᠰᠢᠶᠠᠪᠠᠯ ᠪᠣᠯᠴᠢᠬᠠᠨ᠎ᠠ᠂ ᠶᠠᠪᠤᠳᠠᠯ ᠪᠦᠲᠦᠬᠦ ᠦᠭᠡᠢ ᠪᠣᠯ ᠶᠠᠮᠠᠷᠴᠤ ᠵᠣᠭᠤᠰ ᠠᠪᠬᠤ ᠦᠭᠡᠢ︾ ᠬᠡᠳᠡᠭ᠃      ᠴᠠᠭᠳᠠᠭ᠎ᠠ ᠶᠢᠨ ᠰᠠᠨᠠᠭᠤᠯᠤᠮᠵᠢ᠄ ᠬᠤᠷᠢᠶᠠᠩᠭᠤᠶᠢᠯᠠᠨ ᠪᠤᠳᠤᠬᠤ ᠠᠵᠢᠯ ᠡᠬᠢᠯᠡᠬᠦ ᠠᠴᠠ ᠡᠮᠦᠨ᠎ᠡ᠂ ᠤᠷᠢᠳ ᠢᠶᠠᠷ ︽ᠬᠤᠪᠢ ᠶᠢᠨ ᠤᠯᠵᠠᠪᠤᠷᠢ ᠶᠢᠨ ᠭᠠᠶᠢᠯᠢ︾ ᠶᠢᠨ APP ᠳᠤ ᠭᠠᠷᠴᠤ᠂ ᠥᠪᠡᠷ ᠤᠨ ᠶᠡᠷᠦᠩᠬᠡᠶᠢᠯᠡᠭᠰᠡᠨ ᠠᠰᠢᠭ ᠣᠷᠣᠯᠭ᠎ᠠ ᠪᠠ ᠭᠠᠶᠢᠯᠢ ᠲᠤᠰᠢᠶᠠᠭᠰᠠᠨ ᠪᠠᠶᠢᠳᠠᠯ ᠢᠶᠠᠨ ᠪᠠᠶᠢᠴᠠᠭᠠᠨ ᠦᠵᠡᠬᠦ ᠶᠢᠨ ᠬᠠᠮᠲᠤ ᠬᠠᠮᠢᠶ᠎ᠠ ᠪᠥᠬᠦᠶ ᠮᠡᠳᠡᠭᠡ ᠵᠠᠩᠭᠢ ᠪᠠᠨ ᠬᠠᠷᠭᠤᠭᠤᠯᠤᠨ ᠦᠵᠡᠵᠦ ᠭᠠᠶᠢᠯᠢ ᠲᠤᠰᠢᠶᠠᠬᠤ ᠳᠤ ᠪᠡᠯᠡᠳᠭᠡᠯ ᠬᠢᠵᠦ᠂ ᠰᠠᠨᠠᠭᠤᠯᠤᠮᠵᠢ ᠶᠣᠰᠣᠭᠠᠷ ᠬᠢᠬᠦ ᠬᠡᠷᠡᠭᠳᠡᠢ᠃ ᠲᠠᠨᠢᠯ ᠪᠤᠰᠤ ᠬᠥᠮᠦᠨ ᠳᠤ ᠥᠪᠡᠷ ᠤᠨ ᠳᠠᠩᠰᠠᠨ ᠤ ᠨᠣᠮᠧᠷ ᠪᠠ ᠨᠢᠭᠤᠴᠠ ᠨᠣᠮᠧᠷ ᠢᠶᠠᠨ ᠬᠡᠯᠡᠵᠦ ᠥᠭᠴᠦ ᠪᠣᠯᠬᠤ ᠦᠭᠡᠢ᠃     ᠭᠠᠶᠢᠯᠢ ᠶᠢᠨ ᠶᠠᠪᠤᠳᠠᠯ ᠤᠨ ᠪᠠᠶᠢᠴᠠᠭᠠᠬᠤ ᠠᠵᠢᠯᠲᠠᠨ ᠢᠶᠠᠷ ᠣᠪᠯᠠᠨ ᠮᠡᠬᠡᠯᠡᠬᠦ      ᠵᠠᠷᠢᠮ ᠮᠡᠬᠡᠯᠡᠭᠴᠢ ︽ᠭᠠᠶᠢᠯᠢ ᠶᠢᠨ ᠶᠠᠪᠤᠳᠠᠯ ᠤᠨ ᠪᠠᠶᠢᠴᠠᠭᠠᠬᠤ ᠰᠠᠯᠠᠭ᠎ᠠ ᠮᠥᠴᠢᠷ ᠤᠨ ᠠᠵᠢᠯᠲᠠᠨ︾ ᠢᠶᠠᠷ ᠤᠪᠯᠠᠨ᠂ ︽ᠲᠠ ᠭᠠᠶᠢᠯᠢ ᠶᠢᠨ ᠶᠠᠪᠤᠳᠠᠯ ᠤᠨ ᠪᠠᠶᠢᠴᠠᠭᠠᠬᠤ ᠨᠡᠷᠡᠰ ᠲᠤ ᠵᠢᠭᠰᠠᠭᠠᠭᠳᠠᠪᠠ︾ ᠭᠡᠵᠦ ᠤᠲᠠᠰᠤ ᠠᠪᠬᠤ ᠪᠤᠶᠤ ᠣᠬᠤᠷ ᠮᠡᠳᠡᠭᠡ ᠶᠠᠪᠤᠭᠤᠯᠵᠦ᠂ ᠵᠣᠭᠤᠭᠳᠠᠬᠤ ᠵᠥᠭᠡᠯᠡᠨ ᠲᠣᠨᠤᠭ ᠢᠶᠠᠷ ᠳᠠᠮᠵᠢᠨ ᠬᠠᠭᠤᠷᠮᠠᠭ ᠮᠡᠳᠡᠭᠳᠡᠯ᠂ ᠮᠠᠲ᠋ᠧᠷᠢᠶᠠᠯ ᠶᠠᠪᠤᠭᠤᠯᠬᠤ ᠵᠡᠷᠭᠡ ᠠᠷᠭ᠎ᠠ ᠮᠠᠶ᠋ᠢᠭ ᠢᠶᠠᠷ ᠲᠠᠨ ᠤ ᠢᠲᠡᠭᠡᠯ ᠢ ᠣᠯᠵᠤ᠂ ᠳᠠᠷᠠᠭ᠎ᠠ ᠨᠢ ᠲᠠᠨ ᠢ ᠵᠣᠭᠤᠰ ᠭᠤᠪᠢᠭᠤᠯᠬᠤ ᠶᠢ ᠱᠠᠭᠠᠷᠳᠠᠵᠤ᠂ ᠵᠤᠭᠤᠰ ᠮᠦᠩᠬᠦ ᠮᠡᠬᠡᠯᠡᠨ ᠠᠪᠬᠤ ᠵᠣᠷᠢᠯᠭ᠎ᠠ ᠳᠠᠭᠠᠨ ᠬᠦᠷᠳᠡᠭ᠃      ᠴᠠᠭᠳᠠᠭ᠎ᠠ ᠶᠢᠨ ᠰᠠᠨᠠᠭᠤᠯᠤᠮᠵᠢ᠄ ᠬᠡᠷᠪᠡ ᠭᠠᠶᠢᠯᠢ ᠶᠢᠨ ᠶᠠᠪᠤᠳᠠᠯ ᠤᠨ ᠪᠠᠶᠢᠴᠠᠭᠠᠬᠤ ᠰᠠᠯᠠᠭ᠎ᠠ ᠮᠥᠴᠢᠷ ᠳᠠᠰᠢᠷᠠᠮ ᠢᠶᠠᠷ ᠰᠤᠭᠤᠴᠢᠨ ᠪᠠᠶᠢᠴᠠᠭᠠᠬᠤ ᠠᠵᠢᠯ ᠥᠷᠨᠢᠭᠦᠯᠬᠦ ᠳᠤ ᠭᠦᠷᠪᠡᠯ᠂ ᠴᠢᠩᠭ᠎ᠠ ᠲᠣᠭᠲᠠᠭᠠᠯ ᠪᠠ ᠲᠡᠰ ᠳᠠᠷᠠᠭᠠᠯᠠᠯ ᠲᠠᠢ᠂ ᠣᠬᠤᠷ ᠮᠡᠳᠡᠭᠡ᠂ QQ᠂ ᠵᠢᠷᠬᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠭᠠᠶᠢᠯᠢ ᠲᠤᠰᠢᠶᠠᠭᠴᠢ ᠳᠤ ᠬᠠᠮᠢᠶ᠎ᠠ  ᠪᠥᠬᠦᠶ ᠮᠠᠲ᠋ᠧᠷᠢᠶᠠᠯ ᠬᠠᠩᠭᠠᠬᠤ ᠶᠢ ᠮᠡᠳᠡᠭᠳᠡᠬᠦ ᠦᠭᠡᠢ᠃ ᠴᠢᠬᠤᠯᠠ ᠲᠠᠢ ᠪᠣᠯ ᠭᠠᠶᠢᠯᠢ ᠶᠢᠨ ᠰᠠᠯᠠᠭ᠎ᠠ ᠮᠥᠴᠢᠷ ᠲᠤ ᠰᠢᠭᠤᠳ ᠬᠦᠷᠴᠦ ᠬᠢᠨᠠᠨ ᠰᠢᠢᠳᠪᠦᠷᠢᠯᠡᠬᠦ ᠬᠡᠷᠡᠭᠳᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号